ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠪᠤᠰᠤᠳ ᠠᠰᠠᠷᠠᠨ ᠬᠠᠷᠠᠭᠠᠯᠵᠠᠭᠤᠯᠤᠭᠰᠠᠳ ᠤᠨ ᠮᠡᠳᠡᠭᠡ ᠵᠠᠩᠭᠢ ᠶᠢ ᠴᠤᠭᠯᠠᠭᠤᠯᠬᠤ ᠠᠵᠢᠯ ᠢ ᠦᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ ᠤᠨ ᠠᠯᠪᠠᠨ ᠵᠠᠷ
ᠨᠡᠶᠢᠲᠡᠯᠡᠭᠰᠡᠨ ᠴᠠᠭ᠄
2018/11/21
     ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠬᠠᠮᠢᠶᠠᠷᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠭᠰᠡᠨ ᠶᠤᠮ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠪᠤᠰᠤᠳ ᠠᠰᠠᠷᠠᠨ ᠬᠠᠷᠠᠭᠠᠯᠵᠠᠭᠤᠯᠤᠭᠰᠠᠳ ᠤᠨ ᠭᠡᠷ ᠪᠦᠯᠢ ᠶᠢᠨ ᠢᠷᠠᠭᠤ ᠠᠯᠳᠠᠷ ᠤᠨ ᠲᠡᠮᠳᠡᠭ ᠡᠯᠭᠦᠬᠦ ᠠᠵᠢᠯ ᠢ ᠵᠥᠪ ᠣᠨᠣᠪᠴᠢᠲᠠᠢ ᠪᠤᠯᠭᠠᠬᠤ ᠶᠢᠨ ᠲᠦᠯᠦᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ ᠠᠴᠠ ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠪᠤᠰᠤᠳ ᠠᠰᠠᠷᠠᠨ ᠬᠠᠷᠠᠭᠠᠯᠵᠠᠭᠤᠯᠤᠭᠰᠠᠳ ᠤᠨ ᠮᠡᠳᠡᠭᠡ ᠵᠠᠩᠭᠢ ᠶᠢ ᠴᠤᠭᠯᠠᠭᠤᠯᠬᠤ ᠠᠵᠢᠯ ᠢ ᠪᠦᠬᠦ ᠲᠠᠯ᠎ᠠ ᠪᠠᠷ ᠦᠷᠨᠢᠭᠦᠯᠬᠦ ᠪᠠᠷ ᠲᠤᠭᠲᠠᠪᠠ᠂ ᠡᠳᠦᠭᠡ ᠬᠤᠯᠪᠣᠭᠳᠠᠯ ᠪᠦᠬᠦᠢ ᠶᠠᠪᠤᠳᠠᠯ ᠢ  ᠳᠣᠣᠷᠠᠬᠢ  ᠮᠡᠲᠦ  ᠵᠠᠷᠯᠠᠪᠠ᠄      ᠨᠢᠭᠡ᠂ ᠮᠡᠳᠡᠭᠡ ᠵᠠᠩᠭᠢ ᠴᠤᠭᠯᠠᠭᠤᠯᠬᠤ ᠵᠣᠷᠢᠯᠭ᠎ᠠ      ᠲᠤᠰ ᠤᠳᠠᠭᠠᠨ ᠤ ᠮᠡᠳᠡᠭᠡ ᠵᠠᠩᠭᠢ ᠴᠤᠭᠯᠠᠭᠤᠯᠬᠤ ᠠᠵᠢᠯ ᠤᠨ ᠬᠠᠷᠠᠯᠲᠠ ᠪᠣᠯ ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠪᠤᠰᠤᠳ ᠠᠰᠠᠷᠠᠨ ᠬᠠᠷᠠᠭᠠᠯᠵᠠᠭᠤᠯᠤᠭᠰᠠᠳ ᠤᠨ ᠰᠠᠭᠤᠷᠢ ᠲᠤᠭ᠎ᠠ ᠶᠢ ᠪᠦᠬᠦ ᠲᠠᠯ᠎ᠠ ᠪᠠᠷ ᠪᠠᠶᠢᠴᠠᠭᠠᠨ ᠤᠶᠢᠯᠠᠭᠠᠵᠤ᠂ ᠲᠡᠭᠦᠨ ᠤ ᠭᠡᠷ ᠪᠦᠯᠢ ᠳᠤ ᠢᠷᠠᠭᠤ ᠠᠯᠳᠠᠷ ᠤᠨ ᠲᠡᠮᠳᠡᠭ ᠡᠯᠭᠦᠨ ᠦᠭᠴᠦ᠂ ᠦᠢᠯᠡᠴᠢᠯᠡᠭᠰᠡᠳ ᠤᠨ ᠲᠠᠩᠰᠠ ᠡᠪᠬᠡᠮᠡᠯ ᠪᠠ ᠲᠤᠭ᠎ᠠ ᠪᠠᠷᠢᠮᠲᠠ ᠶᠢᠨ ᠬᠦᠮᠦᠷᠭᠡ ᠶᠢ ᠪᠠᠶᠢᠭᠤᠯᠤᠨ ᠲᠡᠭᠦᠯᠳᠡᠷᠵᠢᠭᠦᠯᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠦᠢᠯᠡᠴᠢᠯᠡᠬᠦ ᠪᠠᠲᠤᠯᠠᠭ᠎ᠠ ᠶᠢᠨ ᠰᠢᠰᠲ᠋ᠧᠮᠵᠢ ᠪᠣᠯᠤᠨ ᠠᠵᠢᠯ ᠤᠨ ᠠᠵᠢᠯᠯᠠᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠡᠷᠢᠭ ᠬᠦᠮᠦᠨ ᠴᠡᠷᠢᠭ ᠤᠨ ᠭᠡᠷ ᠪᠦᠯᠢ ᠶᠢᠨ ᠬᠠᠤᠯᠢ ᠶᠣᠰᠣᠨ ᠤ ᠡᠷᠬᠡ ᠠᠰᠢᠭ ᠢ ᠨᠢ ᠬᠠᠮᠠᠭᠠᠯᠠᠬᠤ ᠳᠤ ᠰᠠᠭᠤᠷᠢ ᠲᠠᠯᠪᠢᠵᠤ ᠥᠭᠬᠦ  ᠬᠡᠷᠡᠭᠲᠡᠶ  ᠶᠠᠪᠤᠳᠠᠯ  ᠪᠤᠯᠤᠨ᠎ᠠ᠃      ᠬᠤᠶᠠᠷ᠂ ᠮᠡᠳᠡᠭᠡ ᠵᠠᠩᠭᠢ ᠴᠤᠭᠯᠠᠭᠤᠯᠬᠤ ᠬᠦᠷᠢᠶ᠎ᠡ ᠬᠡᠪᠴᠢᠶ᠎ᠡ      ︵ᠨᠢᠭᠡ︶ ᠮᠡᠳᠡᠭᠡ ᠵᠠᠩᠭᠢ ᠶᠢ ᠨᠢ ᠴᠤᠭᠯᠠᠭᠤᠯᠤᠭᠳᠠᠭᠰᠠᠳ᠃      ᠮᠡᠳᠡᠭᠡ ᠵᠠᠩᠭᠢ ᠶᠢ ᠨᠢ ᠴᠤᠭᠯᠠᠭᠤᠯᠤᠭᠳᠠᠭᠰᠠᠳ ᠲᠤ ᠭᠤᠣᠯᠳᠠᠭᠤ ᠳᠣᠣᠷᠠᠬᠢ ᠠᠷᠪᠠᠨ ᠬᠤᠶᠠᠷ ᠲᠥᠷᠥᠯ ᠤᠨ ᠬᠥᠮᠦᠰ ᠪᠠᠭᠲᠠᠨ᠎ᠠ᠄      1 . ᠴᠡᠷᠢᠭ ᠤᠨ ᠠᠯᠪᠠ ᠠᠴᠠ ᠬᠠᠯᠠᠭᠳᠠᠭᠰᠠᠨ ᠺᠠᠳ᠋ᠷ︔      2 . ᠴᠡᠷᠢᠭ ᠤᠨ ᠠᠯᠪᠠ ᠠᠴᠠ ᠪᠠᠭᠤᠭᠰᠠᠨ ᠪᠠᠶᠢᠯᠳᠤᠭᠴᠢ︔      3 . ᠴᠡᠷᠢᠭ ᠠᠩᠭᠢ ᠶᠢᠨ ᠠᠵᠢᠯ ᠠᠴᠠ ᠪᠠᠨ ᠠᠮᠠᠷᠠᠵᠤ ᠠᠵᠢᠯ ᠠᠴᠠ ᠪᠠᠨ ᠪᠠᠭᠤᠭᠰᠠᠨ ᠺᠠᠳ᠋ᠷ ᠪᠠ ᠨᠠᠰᠤᠨ ᠤ ᠠᠮᠠᠷᠠᠯᠲᠠ ᠠᠪᠤᠭᠰᠠᠨ ᠪᠠᠭ᠎ᠠ ᠣᠹᠢᠼᠧᠷ      4 . ᠴᠡᠷᠢᠭ ᠠᠩᠭᠢ ᠶᠢᠨ ᠴᠡᠷᠢᠭ ᠤᠨ ᠬᠠᠷᠢᠶ᠎ᠠ ᠦᠭᠡᠶ ᠠᠵᠢᠯ ᠠᠴᠠ ᠪᠠᠨ ᠠᠮᠠᠷᠠᠵᠤ ᠠᠵᠢᠯ ᠠᠴᠠ ᠪᠠᠭᠤᠭᠰᠠᠨ ᠠᠵᠢᠯᠲᠠᠨ ᠠᠵᠢᠯᠴᠢᠨ︔      5 . ᠴᠡᠷᠢᠭ ᠠᠴᠠ ᠪᠠᠭᠤᠭᠰᠠᠳ︔      6 . ᠴᠡᠷᠢᠭ ᠠᠴᠠ ᠪᠠᠭᠤᠭᠰᠠᠨ ᠤᠯᠠᠭᠠᠨ ᠴᠡᠷᠢᠭ ᠤᠨ ᠠᠬᠠᠮᠠᠳ ᠪᠠᠶᠢᠯᠳᠤᠭᠴᠢ᠂ ᠪᠠᠷᠠᠭᠤᠨ ᠵᠠᠮ ᠤᠨ ᠴᠡᠷᠢᠭ ᠤᠨ ᠤᠯᠠᠭᠠᠨ ᠴᠡᠷᠢᠭ ᠤᠨ ᠠᠬᠠᠮᠠᠳ ᠪᠠᠶᠢᠯᠳᠤᠭᠴᠢ ᠪᠤᠯᠤᠨ ᠤᠯᠠᠭᠠᠨ ᠴᠡᠷᠢᠭ ᠤᠨ ᠰᠠᠯᠵᠤ ᠪᠤᠲᠠᠷᠠᠭᠰᠠᠨ ᠬᠥᠮᠦᠰ ᠪᠠᠭᠲᠠᠨ᠎ᠠ︔      7 . ᠵᠡᠮᠳᠡᠭ ᠴᠡᠷᠢᠭ︔      8 . ᠤᠯᠤᠰ ᠤᠨ ᠲᠡᠳᠬᠦᠮᠵᠢ ᠬᠦᠷᠲᠡᠵᠦ ᠪᠠᠶᠢᠭ᠎ᠠ ᠰᠢᠷᠬᠠᠳᠤᠭᠰᠠᠨ ᠵᠡᠮᠳᠡᠭ ᠪᠣᠯᠤᠭᠰᠠᠨ ᠡᠷᠦᠬᠡ ᠶᠢᠨ ᠴᠡᠷᠢᠭ ᠬᠥᠯᠥᠰᠥᠨ ᠠᠵᠢᠯᠴᠢᠨ︔      9 . ᠦᠷᠡᠭᠳᠡᠭᠰᠡᠨ ᠪᠠᠭᠠᠲᠤᠷ ᠤᠨ ᠭᠡᠷ ᠪᠦᠯᠢ᠂ ᠦᠷᠡᠭᠳᠡᠭᠰᠡᠨ ᠪᠠᠭᠠᠲᠤᠷ ᠤᠨ ᠡᠴᠢᠭᠡ ᠡᠬᠡ ︵ᠠᠰᠠᠷᠠᠨ ᠲᠡᠵᠢᠭᠡᠭᠴᠢ ᠬᠥᠮᠦᠨ ᠪᠠᠭᠲᠠᠨ᠎ᠠ︶᠂ ᠬᠠᠨᠢ ᠨᠦᠬᠦᠷ᠂ ᠦᠷ᠎ᠡ ᠬᠡᠦᠬᠡᠳ ᠪᠣᠯᠤᠨ ᠠᠬ᠎ᠠ ᠳᠡᠭᠦᠦ ᠡᠭᠡᠴᠢ ᠥᠬᠢᠨ ᠳᠡᠭᠦᠦ ᠪᠠᠭᠲᠠᠨ᠎ᠠ︔      10 . ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠴᠡᠷᠢᠭ ᠤᠨ ᠭᠡᠷ ᠪᠦᠯᠢ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠴᠡᠷᠢᠭ ᠤᠨ ᠡᠴᠢᠭᠡ ᠡᠬᠡ ︵ᠠᠰᠠᠷᠠᠨ ᠲᠡᠵᠢᠭᠡᠭᠴᠢ ᠬᠥᠮᠦᠨ ᠪᠠᠭᠲᠠᠨ᠎ᠠ︶᠂ ᠬᠠᠨᠢ ᠨᠦᠬᠦᠷ᠂ ᠦᠷ᠎ᠡ ᠬᠡᠦᠬᠡᠳ ᠪᠣᠯᠤᠨ ᠠᠬ᠎ᠠ ᠳᠡᠭᠦᠦ ᠡᠭᠡᠴᠢ ᠥᠬᠢᠨ ᠳᠡᠭᠦᠦ ᠪᠠᠭᠲᠠᠨ᠎ᠠ︔      11 . ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠤᠨ ᠭᠡᠷ ᠪᠦᠯᠢ᠂ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠤᠨ ᠡᠴᠢᠭᠡ ᠡᠬᠡ ︵ᠠᠰᠠᠷᠠᠨ ᠲᠡᠵᠢᠭᠡᠭᠴᠢ ᠬᠥᠮᠦᠨ ᠪᠠᠭᠲᠠᠨ᠎ᠠ︶᠂ ᠬᠠᠨᠢ ᠨᠦᠬᠦᠷ᠂ ᠦᠷ᠎ᠡ ᠬᠡᠦᠬᠡᠳ ᠪᠣᠯᠤᠨ ᠠᠬ᠎ᠠ ᠳᠡᠭᠦᠦ ᠡᠭᠡᠴᠢ ᠥᠬᠢᠨ ᠳᠡᠭᠦᠦ ᠪᠠᠭᠲᠠᠨ᠎ᠠ︔      12 . ᠠᠯᠪᠠ ᠬᠠᠭᠠᠵᠤ ᠪᠠᠶᠢᠭ᠎ᠠ ᠴᠡᠷᠢᠭ ᠤᠨ ᠭᠡᠷ ᠪᠦᠯᠢ᠂ ᠠᠯᠪᠠ ᠬᠠᠭᠠᠵᠤ ᠪᠠᠶᠢᠭ᠎ᠠ ᠴᠡᠷᠢᠭ ᠤᠨ ᠡᠴᠢᠭᠡ ᠡᠬᠡ᠂ ᠬᠠᠨᠢ ᠨᠦᠬᠦᠷ ᠪᠠ ᠦᠷ᠎ᠡ ᠬᠡᠦᠬᠡᠳ ᠪᠠᠭᠲᠠᠨ᠎ᠠ᠃      ᠳᠡᠭᠡᠷ᠎ᠡ ᠳᠤᠷᠠᠳᠤᠭᠰᠠᠨ ᠮᠡᠳᠡᠭᠡ ᠵᠠᠩᠭᠢ ᠴᠤᠭᠯᠠᠭᠤᠯᠬᠤ ᠬᠦᠮᠦᠰ ᠲᠤ ᠨᠢᠭᠡᠨᠲᠡ ᠲᠡᠳᠬᠦᠮᠵᠢ ᠬᠦᠷᠲᠡᠵᠦ ᠪᠠᠶᠢᠭ᠎ᠠ ᠬᠦᠮᠦᠰ ᠪᠠᠭᠲᠠᠬᠤ ᠮᠦᠷᠲᠡᠭᠡᠨ ᠪᠠᠰᠠ ᠲᠡᠳᠬᠦᠮᠵᠢ ᠦᠯᠦ ᠬᠦᠷᠲᠡᠵᠦ ᠪᠠᠶᠢᠭ᠎ᠠ ᠬᠦᠮᠦᠰ ᠴᠤ ᠪᠠᠭᠲᠠᠨ᠎ᠠ︔ ᠴᠤᠭᠯᠠᠭᠤᠯᠬᠤ ᠠᠵᠢᠯ ᠨᠢ ᠨᠢᠭᠡᠨᠲᠡ ᠪᠠᠶᠢᠭ᠎ᠠ ᠬᠦᠮᠦᠰ ᠤᠨ ᠮᠡᠳᠡᠭᠡ ᠵᠠᠩᠭᠢ ᠶᠢ ᠪᠠᠶᠠᠯᠢᠭᠵᠢᠭᠤᠯᠤᠨ ᠪᠦᠷᠢᠨᠰᠢᠭᠦᠯᠬᠦ ᠮᠦᠷᠲᠡᠭᠡᠨ ᠪᠠᠰᠠ ᠰᠢᠨ᠎ᠡ ᠪᠠᠷ ᠨᠡᠮᠡᠭᠳᠡᠭᠰᠡᠨ ᠬᠦᠮᠦᠰ ᠤᠨ ᠮᠡᠳᠡᠭᠡ ᠵᠠᠩᠭᠢ ᠶᠢ ᠪᠠᠶᠢᠴᠠᠭᠠᠨ ᠬᠢᠨᠠᠨ ᠬᠠᠷᠭᠤᠭᠤᠯᠵᠤ᠂ ᠪᠦᠭᠦᠳᠡ ᠳᠤ ᠪᠦᠷᠬᠦᠭᠦᠯᠬᠦ ᠪᠠᠷ ᠴᠢᠷᠮᠠᠶᠢᠨ᠎ᠠ᠃      ︵ᠬᠤᠶᠠᠷ︶ ᠮᠡᠳᠡᠭᠡ ᠵᠠᠩᠭᠢ ᠴᠤᠭᠯᠠᠭᠤᠯᠬᠤ ᠠᠭᠤᠯᠭ᠎ᠠ᠃      ᠮᠡᠳᠡᠭᠡ ᠵᠠᠩᠭᠢ ᠴᠤᠭᠯᠠᠭᠤᠯᠬᠤ ᠠᠭᠤᠯᠭ᠎ᠠ ᠳᠤ ᠭᠤᠣᠯᠳᠠᠭᠤ ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠪᠤᠰᠤᠳ ᠠᠰᠠᠷᠠᠨ ᠬᠠᠷᠠᠭᠠᠯᠵᠠᠭᠤᠯᠤᠭᠰᠠᠳ ᠤᠨ ᠬᠤᠪᠢ ᠬᠥᠮᠦᠨ ᠤ ᠪᠡᠶ᠎ᠡ ᠶᠢᠨ ᠬᠢᠷᠢ ᠬᠡᠮ ᠤᠨ ᠮᠡᠳᠡᠭᠡ ᠵᠠᠩᠭᠢ᠂ ᠤᠯᠤᠰ ᠲᠦᠷᠦ ᠶᠢᠨ ᠪᠠᠶᠢᠳᠠᠯ᠂ ᠲᠦᠷᠦᠯ ᠢᠯᠭᠠᠯ᠂ ᠦᠨᠳᠦᠰᠦᠨ ᠠᠮᠢᠳᠤᠷᠠᠯ ᠤᠨ ᠪᠠᠶᠢᠳᠠᠯ ᠵᠡᠷᠭᠡ ᠶᠢ ᠪᠠᠭᠲᠠᠭᠠᠵᠤ᠂ ᠡᠷᠦᠬᠡ ᠠᠮᠠ᠂ ᠲᠤᠰᠠᠯᠠᠮᠵᠢ᠂ ᠨᠡᠶᠢᠭᠡᠮ ᠤᠨ ᠪᠠᠲᠤᠯᠠᠭ᠎ᠠ᠂ ᠡᠮᠴᠢᠯᠡᠭᠡ᠂ ᠣᠷᠣᠨ ᠰᠠᠭᠤᠴᠠ᠂ ᠲᠡᠳᠬᠦᠮᠵᠢ᠂ ᠠᠯᠪᠠ ᠬᠠᠭᠠᠭᠰᠠᠨ ᠪᠠᠶᠢᠳᠠᠯ ᠵᠢᠴᠢ ᠲᠦᠪᠬᠢᠨᠡᠭᠦᠯᠦᠭᠰᠡᠨ ᠪᠠᠶᠢᠳᠠᠯ ᠵᠡᠷᠭᠡ ᠣᠯᠠᠨ ᠵᠦᠶᠯ ᠤᠨ ᠰᠠᠭᠤᠷᠢ ᠮᠡᠳᠡᠭᠡ ᠵᠠᠩᠭᠢ ᠪᠠ ᠭᠡᠷᠡᠯ ᠵᠢᠷᠤᠭ ᠢ ᠪᠠᠭᠲᠠᠭᠠᠨ᠎ᠠ᠃ ᠪᠣᠳᠠᠲᠠᠶ ᠠᠭᠤᠯᠭ᠎ᠠ ᠶᠢ ᠮᠡᠳᠡᠭᠡ ᠵᠠᠩᠭᠢ ᠴᠤᠭᠯᠠᠭᠤᠯᠬᠤ ᠠᠵᠢᠯ ᠤᠨ ᠵᠥᠭᠡᠯᠡᠨ ᠲᠤᠨᠤᠭ ᠲᠠᠭᠯᠠᠵᠤ ᠮᠡᠳᠡᠭᠦᠯᠬᠦ ᠬᠦᠰᠦᠨᠦᠭ ᠪᠤᠶᠤ ᠴᠠᠭᠠᠰᠤᠨ ᠲᠠᠭᠯᠠᠵᠤ ᠮᠡᠳᠡᠭᠦᠯᠬᠦ ᠬᠦᠰᠦᠨᠦᠭ ᠢᠶᠠᠷ ᠪᠠᠷᠢᠮᠵᠢᠶ᠎ᠠ ᠪᠣᠯᠭᠠᠨ᠎ᠠ᠃      ᠭᠤᠷᠪᠠ᠂ ᠮᠡᠳᠡᠭᠡ ᠵᠠᠩᠭᠢ ᠴᠤᠭᠯᠠᠭᠤᠯᠬᠤ ᠠᠷᠭ᠎ᠠ      ︵ᠨᠢᠭᠡ︶ ᠴᠤᠭᠯᠠᠭᠤᠯᠬᠤ ᠠᠷᠭ᠎ᠠ ᠬᠡᠯᠪᠡᠷᠢ᠃      ᠮᠡᠳᠡᠭᠡ ᠵᠠᠩᠭᠢ ᠴᠤᠭᠯᠠᠭᠤᠯᠬᠤ ᠠᠵᠢᠯ ᠨᠢ ᠬᠠᠷᠢᠶ᠎ᠠ ᠤᠷᠤᠨ ᠳᠤ ᠨᠢ ᠬᠠᠮᠢᠶᠠᠷᠤᠭᠤᠯᠬᠤ ᠶᠢ ᠪᠠᠷᠢᠮᠲᠠᠯᠠᠵᠤ᠂ ᠱᠠᠲᠤ ᠬᠤᠪᠢᠶᠠᠨ ᠨᠠᠶᠢᠳᠠᠪᠤᠷᠢᠵᠢᠭᠤᠯᠵᠤ᠂ ᠮᠡᠳᠡᠭᠡ ᠵᠠᠩᠭᠢ ᠶᠢ ᠨᠢ ᠴᠤᠭᠯᠠᠭᠤᠯᠬᠤ ᠬᠦᠮᠦᠰ ᠤᠨ ᠡᠷᠦᠬᠡ ᠠᠮᠠ ᠶᠢᠨ ᠪᠠᠶᠢᠭ᠎ᠠ ᠭᠠᠵᠠᠷ ᠲᠤ ᠮᠡᠳᠡᠭᠦᠯᠦᠨ ᠴᠤᠭᠯᠠᠭᠤᠯᠬᠤ ᠪᠠᠷ ᠦᠨᠳᠦᠰᠦᠨ ᠵᠠᠷᠴᠢᠮ ᠢᠶᠠᠨ ᠪᠤᠯᠭᠠᠨ᠎ᠠ᠃ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶᠎ ᠢ ᠦᠨᠳᠦᠰᠦᠨ ᠴᠤᠭᠯᠠᠭᠤᠯᠬᠤ ᠨᠢᠭᠡᠴᠢ ᠪᠤᠯᠭᠠᠵᠤ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠢ ᠲᠥᠯᠥᠪᠵᠢᠭᠦᠯᠦᠨ ᠬᠠᠷᠢᠭᠤᠴᠠᠵᠤ᠂ ᠲᠤᠰ ᠱᠠᠲᠤᠨ ᠤ ᠠᠷᠠᠳ ᠤᠨ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠦᠷᠦᠭᠦᠯᠡᠨ᠂ ᠲᠤᠬᠠᠢ ᠶᠢᠨ ᠭᠠᠵᠠᠷ ᠤᠨ ᠵᠣᠬᠢᠶᠠᠨ ᠪᠠᠶᠢᠭᠤᠯᠬᠤ᠂ ᠳᠣᠲᠣᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠳ᠋ ᠪᠠᠶᠠᠯᠢᠭ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠡᠮ ᠡᠮᠨᠡᠯᠭᠡ ᠶᠢᠨ ᠳᠠᠭᠠᠳᠬᠠᠯ ᠪᠣᠯᠤᠨ ᠴᠡᠷᠢᠭ ᠤᠨ ᠠᠯᠪᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠣᠳᠠᠲᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ︵ᠰᠠᠭᠤᠭᠠᠯᠢ ᠠᠷᠠᠳ ᠤᠨ ᠵᠥᠪᠯᠡᠯ︶᠎ ᠨᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠯᠲᠠ ᠳᠤ ᠤᠷᠤᠯᠴᠠᠨ᠎ᠠ᠃ ᠡᠯ᠎ᠡ ᠭᠠᠵᠠᠷ ᠲᠥᠪᠯᠡᠷᠡᠭᠦᠯᠦᠨ ᠴᠤᠭᠯᠠᠭᠤᠯᠬᠤ ᠴᠢᠭ ᠢ ᠨᠢᠭᠡᠳᠦᠯᠲᠡᠶ ᠲᠣᠬᠢᠷᠠᠭᠤᠯᠤᠨ᠂ ᠲᠥᠪᠯᠡᠷᠡᠭᠦᠯᠦᠨ ᠴᠤᠭᠯᠠᠭᠤᠯᠬᠤ᠂ ᠥᠪᠡᠰᠦᠪᠡᠨ ᠭᠤᠶᠤᠴᠢᠯᠠᠨ ᠮᠡᠳᠡᠭᠦᠯᠬᠦ᠂ ᠭᠡᠷ ᠲᠤ ᠨᠢ ᠬᠦᠷᠴᠦ ᠬᠢᠨᠠᠨ ᠬᠠᠷᠭᠤᠭᠤᠯᠬᠤ ᠵᠡᠷᠭᠡ ᠠᠷᠭ᠎ᠠ ᠬᠡᠯᠪᠡᠷᠢ ᠶᠢ ᠬᠡᠷᠡᠭᠯᠡᠨ ᠴᠤᠭᠯᠠᠭᠤᠯᠤᠨ᠎ᠠ᠃      ︵ᠬᠤᠶᠠᠷ︶ ᠴᠤᠭᠯᠠᠭᠤᠯᠬᠤ ᠭᠠᠵᠠᠷ ᠣᠷᠣᠨ᠃      ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠪᠤᠰᠤᠳ ᠠᠰᠠᠷᠠᠨ ᠬᠠᠷᠠᠭᠠᠯᠵᠠᠭᠤᠯᠤᠭᠰᠠᠳ ᠲᠣᠭᠲᠠᠭᠰᠠᠨ ᠴᠠᠭ ᠤᠨ ᠳᠣᠲᠣᠷ᠎ᠠ ᠰᠠᠨᠠᠭᠠᠴᠢᠯᠠᠭ᠎ᠠ ᠠᠴᠠ ᠪᠠᠨ ᠡᠷᠦᠬᠡ ᠠᠮᠠ ᠶᠢᠨ ᠪᠠᠶᠢᠭ᠎ᠠ ᠭᠠᠵᠠᠷ ᠤᠨ ᠢᠶᠠᠨ ᠲᠦᠪᠯᠡᠷᠡᠭᠦᠯᠦᠨ ᠴᠤᠭᠯᠠᠭᠤᠯᠬᠤ ᠴᠡᠭ ᠲᠤ ᠬᠦᠷᠴᠦ ᠮᠡᠳᠡᠭᠡ ᠵᠠᠩᠭᠢ ᠪᠠᠨ ᠭᠤᠶᠤᠴᠢᠯᠠᠨ ᠮᠡᠳᠡᠭᠦᠯᠦᠨ᠎ᠡ᠃      ᠳᠦᠷᠪᠡ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ      ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠪᠤᠰᠤᠳ ᠠᠰᠠᠷᠠᠨ ᠬᠠᠷᠠᠭᠠᠯᠵᠠᠭᠤᠯᠤᠭᠰᠠᠳ ᠭᠤᠶᠤᠴᠢᠯᠠᠨ ᠮᠡᠳᠡᠭᠦᠯᠬᠦ ᠦᠶ᠎ᠡ ᠳᠤ ᠪᠠᠨ ᠳᠣᠣᠷ᠎ᠠ ᠵᠢᠭᠰᠠᠭᠠᠭᠰᠠᠨ ᠭᠡᠷᠡᠴᠢ ᠦᠨᠡᠮᠯᠡᠯ ᠪᠤᠶᠤ ᠤᠭ ᠮᠠᠲ᠋ᠧᠷᠢᠶᠠᠯ ᠢ ᠰᠠᠨᠠᠭᠠᠴᠢᠯᠠᠭ᠎ᠠ ᠠᠴᠠ ᠪᠠᠨ ᠲᠤᠰᠢᠶᠠᠨ᠎ᠠ᠄      ︵1︶ ᠪᠡᠶ᠎ᠡ ᠶᠢᠨ ᠦᠨᠡᠮᠯᠡᠯ︔      ︵2︶ ᠡᠷᠦᠬᠡ ᠠᠮᠠ ᠶᠢᠨ ᠳᠠᠩᠰᠠ ᠶᠢᠨ ᠳᠡᠪᠲᠡᠷ︔      ︵3︶ ᠴᠡᠷᠢᠭ ᠠᠴᠠ ᠬᠠᠯᠠᠭᠳᠠᠭᠰᠠᠨ ᠦᠨᠡᠮᠯᠡᠯ᠂ ᠴᠡᠷᠢᠭ ᠠᠴᠠ ᠪᠠᠭᠤᠭᠰᠠᠨ ᠦᠨᠡᠮᠯᠡᠯ᠂ ᠠᠵᠢᠯ ᠠᠴᠠ ᠪᠠᠨ ᠠᠮᠠᠷᠠᠵᠤ ᠠᠵᠢᠯ ᠠᠴᠠ ᠪᠠᠨ ᠪᠠᠭᠤᠭᠰᠠᠨ ᠦᠨᠡᠮᠯᠡᠯ ᠵᠡᠷᠭᠡ ︵ᠴᠡᠷᠢᠭ ᠠᠴᠠ ᠬᠠᠯᠠᠭᠳᠠᠭᠰᠠᠨ ᠺᠠᠳ᠋ᠷ᠂ ᠴᠡᠷᠢᠭ ᠠᠴᠠ ᠪᠠᠭᠤᠭᠰᠠᠨ ᠪᠠᠶᠢᠯᠳᠤᠭᠴᠢ᠂ ᠴᠡᠷᠢᠭ ᠠᠩᠭᠢ ᠶᠢᠨ ᠠᠵᠢᠯ ᠠᠴᠠ ᠪᠠᠨ ᠠᠮᠠᠷᠠᠵᠤ ᠠᠵᠢᠯ ᠠᠴᠠ ᠪᠠᠨ ᠪᠠᠭᠤᠭᠰᠠᠨ ᠺᠠᠳ᠋ᠷ ᠪᠠ ᠨᠠᠰᠤᠨ ᠤ ᠠᠮᠠᠷᠠᠯᠲᠠ ᠠᠪᠤᠭᠰᠠᠨ ᠪᠠᠭ᠎ᠠ ᠣᠹᠢᠼᠧᠷ᠂ ᠴᠡᠷᠢᠭ ᠠᠩᠭᠢ ᠶᠢᠨ ᠴᠡᠷᠢᠭ ᠤᠨ ᠬᠠᠷᠢᠶ᠎ᠠ ᠦᠭᠡᠶ ᠠᠵᠢᠯ ᠠᠴᠠ ᠪᠠᠨ ᠠᠮᠠᠷᠠᠵᠤ ᠠᠵᠢᠯ ᠠᠴᠠ ᠪᠠᠭᠤᠭᠰᠠᠨ ᠠᠵᠢᠯᠲᠠᠨ ᠠᠵᠢᠯᠴᠢᠨ᠂ ᠴᠡᠷᠢᠭ ᠠᠴᠠ ᠪᠠᠭᠤᠭᠰᠠᠳ᠂ ᠴᠡᠷᠢᠭ ᠠᠴᠠ ᠪᠠᠭᠤᠭᠰᠠᠨ ᠤᠯᠠᠭᠠᠨ ᠴᠡᠷᠢᠭ ᠤᠨ ᠠᠬᠠᠮᠠᠳ ᠪᠠᠶᠢᠯᠳᠤᠭᠴᠢ᠂ ᠪᠠᠷᠠᠭᠤᠨ ᠵᠠᠮ ᠤᠨ ᠴᠡᠷᠢᠭ ᠤᠨ ᠤᠯᠠᠭᠠᠨ ᠴᠡᠷᠢᠭ ᠤᠨ ᠠᠬᠠᠮᠠᠳ ᠪᠠᠶᠢᠯᠳᠤᠭᠴᠢ ᠪᠠ ᠤᠯᠠᠭᠠᠨ ᠴᠡᠷᠢᠭ ᠤᠨ ᠰᠠᠯᠵᠤ ᠪᠤᠲᠠᠷᠠᠭᠰᠠᠨ ᠬᠥᠮᠦᠰ︶ ᠮᠠᠲ᠋ᠧᠷᠢᠶᠠᠯ ᠢ ᠲᠤᠰᠢᠶᠠᠨ᠎ᠠ︔      ︵4︶ ᠵᠡᠮᠳᠡᠭ ᠴᠡᠷᠢᠭ ᠤᠨ ᠦᠨᠡᠮᠯᠡᠯ᠂ ᠰᠢᠷᠬᠠᠳᠤᠭᠰᠠᠨ ᠵᠡᠮᠳᠡᠭ ᠪᠣᠯᠤᠭᠰᠠᠨ ᠡᠷᠦᠬᠡ ᠶᠢᠨ ᠴᠡᠷᠢᠭ ᠬᠥᠯᠥᠰᠥᠨ ᠠᠵᠢᠯᠴᠢᠨ ᠤ ᠦᠨᠡᠮᠯᠡᠯ᠂ ᠳᠠᠶᠢᠨ ᠪᠠᠶᠢᠯᠳᠤᠭᠠᠨ ᠠᠯᠪᠠᠨ ᠶᠠᠪᠤᠳᠠᠯ ᠠᠴᠠ ᠪᠤᠯᠵᠤ ᠰᠢᠷᠬᠠᠳᠤᠭᠰᠠᠨ ᠵᠡᠮᠳᠡᠭ ᠪᠤᠯᠤᠭᠰᠠᠨ ᠬᠦᠮᠦᠰ ᠤᠨ ᠦᠨᠡᠮᠯᠡᠯ ︵ᠵᠡᠮᠳᠡᠭ ᠴᠡᠷᠢᠭ᠂ ᠰᠢᠷᠬᠠᠳᠤᠭᠰᠠᠨ ᠵᠡᠮᠳᠡᠭ ᠪᠣᠯᠤᠭᠰᠠᠨ ᠡᠷᠦᠬᠡ ᠶᠢᠨ ᠴᠡᠷᠢᠭ ᠬᠥᠯᠥᠰᠥᠨ ᠠᠵᠢᠯᠴᠢᠨ ᠬᠠᠩᠭᠠᠨ᠎ᠠ︶︔      ︵5︶ ᠦᠷᠡᠭᠳᠡᠭᠰᠡᠨ ᠪᠠᠭᠠᠲᠤᠷ ᠤᠨ ᠭᠡᠷᠡᠴᠢ ᠪᠢᠴᠢᠭ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠴᠡᠷᠢᠭ ᠤᠨ ᠭᠡᠷᠡᠴᠢ ᠪᠢᠴᠢᠭ᠂ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠤᠨ ᠭᠡᠷᠡᠴᠢ ᠪᠢᠴᠢᠭ ᠵᠡᠷᠭᠡ ᠬᠤᠯᠪᠣᠭᠳᠠᠯ ᠪᠦᠬᠦᠢ ᠬᠡᠷᠡᠴᠢ ᠪᠢᠴᠢᠭ ︵ᠦᠷᠡᠭᠳᠡᠭᠰᠡᠨ ᠪᠠᠭᠠᠲᠤᠷ ᠤᠨ ᠭᠡᠷ ᠪᠦᠯᠢ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠪᠠ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠤᠨ ᠭᠡᠷ ᠪᠦᠯᠢ ᠨᠢ ᠲᠤᠰᠢᠶᠠᠨ᠎ᠠ︶᠎ ᠢ ᠲᠤᠰᠢᠶᠠᠨ᠎ᠠ︔      ︵6︶ ᠭᠠᠪᠢᠶ᠎ᠠ ᠪᠠᠶᠢᠭᠤᠯᠵᠤ ᠱᠠᠩᠨᠠᠯ ᠭᠥᠷᠳᠡᠭᠰᠡᠨ ᠭᠡᠷᠡᠴᠢᠯᠡᠯ︔      ︵7︶ ᠪᠤᠰᠤᠳ ᠬᠡᠷᠡᠭᠴᠡᠭᠡ ᠪᠦᠬᠦᠢ ᠮᠠᠲ᠋ᠧᠷᠢᠶᠠᠯ ᠪᠤᠶᠤ ᠭᠡᠷᠡᠴᠢᠯᠡᠯ᠃      ᠲᠠᠪᠤ᠂ ᠴᠠᠭ ᠬᠤᠭᠤᠴᠠᠭᠠᠨ ᠤ ᠱᠠᠭᠠᠷᠳᠠᠯᠭ᠎ᠠ      ᠲᠤᠰ ᠤᠳᠠᠭᠠᠨ ᠤ ᠮᠡᠳᠡᠭᠡ ᠵᠠᠩᠭᠢ ᠴᠤᠭᠯᠠᠭᠤᠯᠬᠤ ᠠᠵᠢᠯ ᠢ 2018 ᠤᠨ ᠤ 8 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ᠂ 2018 ᠤᠨ ᠤ 12 ᠳ᠋ᠤᠭᠠᠷ ᠰᠠᠷ᠎ᠠ ᠶᠢᠨ 25᠎ ᠤ ᠡᠳᠦᠷ ᠪᠤᠯᠬᠤ ᠠᠴᠠ ᠡᠮᠦᠨ᠎ᠡ ᠳᠠᠭᠤᠰᠬᠠᠨ᠎ᠠ᠃       ᠲᠤᠰ ᠤᠳᠠᠭᠠᠨ ᠤ ᠮᠡᠳᠡᠭᠡ ᠵᠠᠩᠭᠢ ᠴᠤᠭᠯᠠᠭᠤᠯᠬᠤ ᠪᠠᠷᠢᠮᠵᠢᠶᠠᠲᠤ ᠴᠠᠭ ᠢ 2018 ᠤᠨ ᠤ 10 ᠳ᠋ᠤᠭᠠᠷ ᠰᠠᠷ᠎ᠠ ᠶᠢᠨ 1᠎ ᠤ ᠡᠳᠦᠷ ᠢᠶᠠᠷ ᠬᠢᠵᠠᠭᠠᠷᠯᠠᠨ᠎ᠠ᠂ ᠡᠭᠦᠨ ᠤ ᠰᠡᠭᠦᠯᠡᠷ ᠰᠢᠨ᠎ᠡ ᠪᠠᠷ ᠨᠡᠮᠡᠭᠳᠡᠬᠦ ᠪᠤᠶᠤ ᠬᠠᠰᠤᠭᠳᠠᠬᠤ ᠬᠦᠮᠦᠰ ᠢ ᠬᠡᠵᠢᠶ᠎ᠡ ᠴᠦ ᠴᠤᠭᠯᠠᠭᠤᠯᠤᠨ ᠰᠢᠨᠡᠳᠬᠡᠵᠦ ᠪᠤᠯᠬᠤ ᠪᠦᠭᠡᠳ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠬᠦ ᠤᠷᠲᠤ ᠬᠤᠭᠤᠴᠠᠭᠠᠨ ᠤ ᠪᠦᠲᠦᠮᠵᠢᠲᠡᠢ ᠲᠤᠭᠲᠠᠴᠠ ᠶᠢ ᠪᠠᠶᠢᠭᠤᠯᠤᠨ᠎ᠠ᠃              ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠷᠢᠭ ᠤᠨ              ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ                               2018 ᠤᠨ ᠤ 11 ᠳ᠋ᠦ᠋ᠭᠡᠷ ᠰᠠᠷ᠎ᠠ ᠶᠢᠨ 20᠎ ᠤ ᠡᠳᠦᠷ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号