2017 ᠣᠨ ᠤ 11 ᠳ᠋ᠦ᠋ᠭᠡᠷ ᠰᠠᠷ᠎ᠠ ᠶᠢᠨ 21 ᠤ ᠡᠳᠤᠷ᠂ ᠶᠡᠷᠤᠩᠬᠡᠢ ᠱᠦᠵᠢ ᠰᠢ ᠶᠢᠨ ᠫᠢᠩ ᠦᠪᠤᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠦᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ | ᠬᠡᠰᠢᠬᠦᠳ ᠲᠤ ᠬᠠᠷᠢᠭᠤ ᠵᠠᠬᠢᠳᠠᠯ ᠢᠯᠡᠬᠡᠵᠥ᠂ ︽ᠤᠯᠠᠭᠠᠨᠮᠥ᠋ᠴᠢᠷ ᠪᠤᠯ ᠪᠦᠬᠦ ᠤᠯᠤᠰ ᠤᠨ ᠤᠳᠬ᠎ᠠ ᠤᠷᠠᠯᠢᠭ ᠤᠨ | ᠹᠷᠤᠨᠲ ᠤᠨ ᠲᠤᠭ ᠮᠥᠨ︾ ᠬᠡᠵᠥ ᠮᠠᠭᠳᠠᠨ ᠰᠠᠶᠢᠰᠢᠶᠠᠵᠥ᠂ ᠲᠡᠳᠡᠨ ᠢ ᠬᠡᠵᠢᠶᠡᠳᠠ ᠲᠠᠯ᠎ᠠ ᠨᠤᠳᠤᠭ ᠤᠨ ︽ | ᠬᠤᠪᠢᠰᠬᠠᠯᠳᠤ ᠤᠳᠬ᠎ᠠ ᠤᠷᠠᠯᠢᠭ ᠤᠨ ᠬᠦᠩᠬᠡᠨ ᠮᠤᠷᠢᠳᠤ ᠴᠡᠷᠢᠭ︾ ᠪᠤᠯᠤᠭᠠᠷᠠᠢ ᠬᠡᠵᠥ ᠵᠤᠷᠢᠬᠵᠢᠭᠤᠯᠪᠠ᠃ 60 | ᠭᠠᠷᠤᠢ ᠵᠢᠯ ᠤᠨ ᠲᠡᠮᠡᠴᠡᠯ ᠤᠨ ᠶᠠᠪᠤᠴᠠ ᠳᠤ ᠪᠤᠢ ᠪᠤᠯᠭᠠᠭᠰᠠᠠ ᠤᠯᠠᠭᠠᠨᠮᠥ᠋ᠴᠢᠷ ᠤᠨ ᠵᠤᠷᠢᠭ ᠰᠠᠨᠠᠭ᠎ᠠ ᠪᠤᠯ ᠪᠢᠳᠡᠨ ᠤ | ᠰᠢᠨ᠎ᠡ ᠴᠠᠭ ᠦᠶ᠎ᠡ ᠶᠢ ᠤᠬᠳᠤᠵᠥ᠂ ᠰᠢᠨ᠎ᠡ ᠴᠠᠭ ᠦᠶ᠎ᠡ ᠳᠤ ᠡᠷᠡᠮᠡᠬᠡᠶᠢᠯᠡᠨ ᠤᠷᠤᠭᠰᠢᠯᠠᠬᠤ ᠶᠢᠨ ᠴᠢᠬᠤᠯᠠ ᠤᠶᠤᠨ | ᠰᠠᠨᠠᠭᠠᠨ ᠤ ᠬᠦᠳᠡᠯᠬᠡᠬᠦ ᠬᠦᠴᠦᠨ ᠮᠥᠨ᠃ ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠪᠠᠳᠠᠷᠠᠭᠤᠯᠵᠥ᠂ | ᠤᠯᠠᠭᠠᠨᠮᠥ᠋ᠴᠢᠷ ᠤᠨ ᠵᠤᠷᠢᠭ ᠰᠠᠨᠠᠭ᠎ᠠ ᠶᠢ ᠪᠠᠳᠠᠷᠠᠭᠤᠯᠬᠤ ᠪᠤᠯ ᠪᠢᠳᠡᠨ ᠤ ᠤᠭ ᠰᠠᠨᠠᠭ᠎ᠠ ᠪᠠᠨ ᠦᠯᠥ ᠮᠠᠷᠳᠠᠨ ᠡᠬᠦᠷᠬᠡ | ᠬᠠᠷᠢᠭᠤᠴᠠᠯᠭ᠎ᠠ ᠪᠠᠨ ᠪᠠᠳᠤ ᠴᠡᠭᠡᠵᠢᠯᠡᠵᠥ᠂ ᠦᠵᠡᠰᠬᠦᠯᠡᠩᠳᠤ ᠰᠠᠶᠢᠬᠠᠨ ᠦᠪᠤᠷ ᠮᠤᠩᠭᠤᠯ ᠢᠶᠠᠨ ᠪᠦᠳᠦᠬᠡᠨ | ᠪᠠᠶᠢᠭᠤᠯᠬᠤ᠂ ᠠᠭᠤᠤ ᠶᠡᠭᠡ ᠲᠤᠮᠳᠠᠳᠤ ᠶᠢᠨ ᠵᠡᠬᠦᠳᠤ ᠪᠠᠨ ᠬᠠᠮᠳᠤ ᠪᠠᠷ ᠲᠡᠷᠭᠡᠯᠰᠢᠬᠦᠯᠬᠦ ᠳᠤ ᠴᠢᠬᠤᠯᠠ ᠠᠴᠢ | ᠬᠤᠯᠪᠤᠭᠳᠠᠯ ᠲᠠᠢ ᠶᠤᠮ᠃ | ᠨᠢᠬᠡ | ᠤᠯᠠᠭᠠᠨᠮᠥ᠋ᠴᠢᠷ ᠤᠨ ᠮᠡᠨᠳᠦᠯᠡᠭᠰᠡᠡ ᠨᠢ ᠨᠠᠮ ᠤᠨ ᠤᠳᠬ᠎ᠠ ᠤᠷᠠᠯᠢᠭ ᠤᠨ ᠱᠤᠭᠤᠮ ᠢ ᠴᠦᠬᠡᠨ ᠲᠤᠭᠠᠳᠤ | ᠦᠨᠳᠦᠰᠦᠳᠡᠨ ᠤ ᠭᠠᠵᠠᠷ ᠤᠷᠤᠨ ᠳᠤ ᠠᠮᠵᠢᠯᠳᠠ ᠲᠠᠢ ᠦᠢᠯᠡᠳᠦᠯᠬᠡᠵᠢᠬᠦᠯᠥᠭᠰᠡᠡ ᠶᠠᠪᠤᠳᠠᠯ ᠪᠤᠯᠬᠤ ᠪᠦᠭᠡᠳ ᠪᠠᠰᠠ | ᠴᠦ ᠬᠤᠪᠢᠰᠬᠠᠯᠳᠤ ᠤᠯᠠᠮᠵᠢᠯᠠᠯ ᠢ ᠤᠯᠠᠮᠵᠢᠯᠠᠨ ᠵᠠᠯᠭᠠᠮᠵᠢᠯᠠᠭᠰᠠᠠ ᠴᠢᠬᠤᠯᠠ ᠦᠷ᠎ᠡ ᠪᠦᠳᠦᠬᠡᠯ ᠪᠤᠯᠤᠨ᠎ᠠ᠃ ᠠᠯᠢ | ᠡᠷᠳᠡ 1919 ᠣᠨ ᠤ ︽5 · 4︾ ᠤ ᠬᠦᠳᠡᠯᠬᠡᠬᠡᠨ ᠪᠤᠯᠤᠨ 1921 ᠣᠨ ᠳᠤ ᠲᠤᠮᠳᠠᠳᠤ ᠤᠯᠤᠰ ᠤᠨ ᠡᠪ | ᠬᠠᠮᠳᠤ ᠨᠠᠮ ᠮᠡᠨᠳᠦᠯᠡᠬᠦ ᠦᠶ᠎ᠡ ᠳᠤ᠂ ᠦᠪᠤᠷ ᠮᠤᠩᠭᠤᠯ ᠤᠨ ᠮᠤᠩᠭᠤᠯ ᠦᠨᠳᠦᠰᠦᠳᠡᠨ ᠤ ᠬᠡᠰᠡᠭ ᠲᠠᠪᠰᠢᠩᠭᠤᠢ | ᠵᠠᠯᠠᠭᠤᠴᠤᠳ ᠮᠠᠷᠺᠰ ᠯᠧᠨᠢᠨ ᠤ ᠦᠵᠡᠯ ᠪᠤᠯᠤᠨ ᠰᠢᠨ᠎ᠡ ᠰᠤᠶᠤᠯ ᠤᠨ ᠬᠤᠪᠢᠰᠬᠠᠯᠳᠤ ᠦᠵᠡᠯ ᠰᠠᠨᠠᠭ᠎ᠠ ᠶᠢ ᠡᠬᠢᠯᠡᠨ | ᠬᠦᠯᠢᠶᠡᠨ ᠠᠪᠴᠦ᠂ ᠰᠦᠷ ᠲᠠᠯᠠᠶᠢᠴᠠᠳᠠᠢ ᠶᠡᠭᠡ ᠬᠤᠪᠢᠰᠬᠠᠯ ᠳᠤ ᠤᠷᠤᠯᠴᠠᠨ᠂ ᠬᠤᠪᠢᠰᠬᠠᠯ ᠤᠨ ᠦᠵᠡᠯ ᠰᠠᠨᠠᠭ᠎ᠠ | ᠪᠤᠯᠤᠨ ᠰᠢᠨ᠎ᠡ ᠰᠤᠶᠤᠯ ᠤᠨ ᠤᠯᠠᠮᠵᠢᠯᠠᠬᠴᠢ ᠪᠤᠯᠪᠠ᠃ 1939 ᠣᠨ ᠳᠤ᠂ ᠨᠠᠮ ᠤᠨ ᠶᠠᠫᠤᠨ ᠢ ᠡᠰᠡᠷᠬᠦᠴᠡᠬᠦ | ᠵᠤᠷᠢᠯᠳᠡ ᠪᠤᠯᠤᠨ ᠲᠦᠷᠦ ᠶᠢᠨ ᠪᠤᠳᠤᠯᠭ᠎ᠠ ᠶᠢ ᠤᠬᠠᠭᠤᠯᠬᠤ ᠶᠢᠨ ᠲᠦᠯᠥᠬᠡ᠂ ᠮᠤᠩᠭᠤᠯ ᠦᠨᠳᠦᠰᠦᠳᠡᠨ ᠤ | ᠵᠠᠯᠠᠭᠤᠴᠤᠳ ᠪᠠᠭᠠᠴᠤᠳ ᠤᠨ ᠤᠷᠠᠨ ᠰᠠᠶᠢᠬᠠᠨ ᠤ ᠤᠬᠠᠭᠤᠯᠬᠤ ᠠᠩᠬᠢ ᠬᠤᠪᠢᠰᠬᠠᠯ ᠤᠨ ᠰᠠᠭᠤᠷᠢᠨ ᠭᠠᠵᠠᠷ ᠶᠠᠨ | ᠠᠨ ᠳᠤ ᠪᠠᠶᠢᠭᠤᠯᠤᠬᠳᠠᠵᠥ᠂ ᠨᠠᠮ ᠤᠨ ᠰᠤᠷᠲᠠᠯ ᠤᠬᠠᠭᠤᠯᠭ᠎ᠠ ᠶᠢᠨ ᠡᠩᠨᠡᠭᠡ ᠶᠢᠨ ᠲᠤᠳᠤᠷᠠᠬᠢ ᠦᠨᠳᠦᠰᠦᠳᠡᠨ ᠤ | ᠤᠨᠴᠠᠯᠢᠭ ᠲᠠᠢ ᠬᠦᠴᠦᠨ ᠪᠤᠯᠤᠭᠰᠠᠠ ᠪᠠᠶᠢᠨ᠎ᠠ᠃ ᠬᠤᠪᠢᠰᠬᠠᠯ ᠤᠨ ᠪᠠᠶᠢᠳᠠᠯ ᠤᠨ ᠬᠦᠭᠵᠢᠯᠳᠡ ᠶᠢ ᠲᠠᠭᠠᠯᠳᠤᠨ᠂ | 1945 ᠣᠨ ᠳᠤ ᠲᠡᠳᠡ ᠬᠤᠪᠢᠰᠬᠠᠯᠳᠤ ᠤᠳᠬ᠎ᠠ ᠤᠷᠠᠯᠢᠭ ᠤᠨ ᠤᠴᠢ ᠶᠢ ᠦᠪᠤᠷ ᠮᠤᠩᠭᠤᠯ ᠤᠨ ᠲᠠᠯ᠎ᠠ | ᠨᠤᠳᠤᠭ ᠲᠤ ᠠᠪᠴᠢᠷᠠᠵᠥ᠂ 1946 ᠣᠨ ᠤ 4 ᠳ᠋ᠦ᠋ᠭᠡᠷ ᠰᠠᠷ᠎ᠠ ᠳᠤ ᠴᠦᠭᠡᠨ ᠲᠤᠭᠠᠳᠤ ᠦᠨᠳᠦᠰᠦᠳᠡᠨ ᠤ ᠭᠠᠵᠠᠷ | ᠤᠷᠤᠨ ᠤ ᠨᠢᠬᠡᠨ ᠰᠠᠯᠠᠭ᠎ᠠ ᠵᠢᠩᠬᠢᠨᠢ ᠤᠷᠠᠨ ᠰᠠᠶᠢᠬᠠᠨ ᠤ ᠪᠦᠯᠬᠦᠮ — ᠦᠪᠤᠷ ᠮᠤᠩᠭᠤᠯ ᠤᠨ ᠤᠷᠠᠨ ᠰᠠᠶᠢᠬᠠᠨ | ᠤ ᠪᠦᠯᠬᠦᠮ ᠢ ᠪᠠᠶᠢᠭᠤᠯᠪᠠ᠃ ᠡᠨᠡ ᠬᠦ ᠡᠩᠨᠡᠭᠡ ᠨᠢ ᠬᠦᠮᠦᠨ ᠴᠦᠬᠡᠨ ᠴᠤ ᠬᠦᠴᠦᠨ ᠲᠡᠬᠦᠯᠳᠡᠷ ᠪᠠᠶᠢᠵᠤ᠂ | ᠲᠤᠭᠯᠠᠬᠴᠢᠳ ᠨᠢ ᠪᠢᠴᠢᠭ ᠴᠡᠷᠢᠭ ᠤᠨ ᠡᠷᠳᠡᠮ ᠢ ᠬᠤᠤᠰᠯᠠᠭᠤᠯᠤᠨ᠂ ᠨᠠᠮ ᠤᠨ ᠤᠳᠬ᠎ᠠ ᠤᠷᠠᠯᠢᠭ ᠤᠨ | ᠴᠢᠭᠯᠡᠯᠳᠡ ᠶᠢ ᠡᠷᠡᠰ ᠬᠡᠷᠡᠭᠵᠢᠬᠦᠯᠵᠥ᠂ ᠮᠠᠤ ᠽᠧ ᠳ᠋ᠦᠩ ᠨᠦᠬᠦᠷ ᠤᠨ ᠶᠠᠨ ᠠᠨ ᠤ ᠤᠳᠬ᠎ᠠ ᠤᠷᠠᠯᠢᠭ ᠤᠨ | ᠶᠠᠷᠢᠯᠴᠠᠬᠤ ᠬᠤᠷᠡᠯ ᠳᠡᠭᠡᠷ᠎ᠡ ᠬᠡᠯᠡᠭᠰᠡᠨ ᠦᠬᠡ ᠶᠢᠨ ᠵᠤᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠥ᠂ ᠬᠤᠪᠢᠰᠬᠠᠯᠳᠤ | ᠲᠡᠮᠡᠴᠡᠯ ᠢ ᠡᠷᠡᠰ ᠶᠠᠪᠤᠭᠤᠯᠵᠥ᠂ ᠨᠢᠬᠡ ᠲᠠᠯ᠎ᠠ ᠪᠠᠷ ᠲᠠᠶᠢᠰᠤᠨ ᠲᠠᠢ ᠴᠢᠰᠤᠨ ᠪᠠᠶᠢᠯᠳᠤᠭᠠᠨ ᠬᠢᠵᠤ᠂ ᠨᠦᠬᠦᠬᠡ | ᠲᠠᠯ᠎ᠠ ᠪᠠᠷ ᠪᠠᠶᠢᠯᠳᠤᠭᠴᠢᠳ ᠪᠤᠯᠤᠨ ᠮᠠᠯᠴᠢᠨ ᠲᠠᠷᠢᠶᠠᠴᠢᠨ ᠳᠤ ᠲᠤᠭᠯᠠᠯᠳᠡ ᠭᠠᠷᠭᠠᠨ ᠦᠭᠴᠤ᠂ ᠤᠳᠬ᠎ᠠ ᠤᠷᠠᠯᠢᠭ | ᠤᠨ ᠬᠡᠯᠪᠡᠷᠢ ᠪᠠᠷ ᠬᠤᠪᠢᠰᠬᠠᠯ ᠤᠨ ᠦᠵᠡᠯ ᠰᠠᠨᠠᠭ᠎ᠠ ᠶᠢ ᠤᠬᠠᠭᠤᠯᠵᠥ᠂ ᠤᠯᠠᠨ ᠲᠦᠮᠡᠨ ᠢ ᠬᠦᠮᠥᠵᠢᠬᠦᠯᠥᠨ | ᠲᠠᠶᠢᠴᠢᠯᠠᠵᠥ᠂ ᠦᠪᠤᠷ ᠮᠤᠩᠭᠤᠯ ᠤᠨ ᠴᠢᠯᠥᠬᠡᠯᠡᠯᠳᠡ ᠶᠢᠨ ᠦᠢᠯᠡᠰ ᠢ ᠬᠦᠴᠦᠳᠠᠢ ᠲᠡᠮᠵᠢᠭᠰᠡᠡ ᠪᠦᠭᠡᠳ ᠴᠦᠭᠡᠨ | ᠲᠤᠭᠠᠳᠤ ᠦᠨᠳᠦᠰᠦᠳᠡᠨ ᠤ ᠨᠢᠬᠡ ᠪᠦᠯᠦᠭ ᠰᠤᠶᠤᠯ ᠤᠨ ᠭᠤᠤᠯ ᠬᠦᠴᠦᠨ ᠢ ᠬᠦᠮᠥᠵᠢᠬᠦᠯᠵᠥ | ᠪᠤᠯᠪᠠᠰᠤᠷᠠᠭᠤᠯᠤᠭᠰᠠᠠ ᠪᠠᠶᠢᠨ᠎ᠠ᠃ 1947 ᠣᠨ ᠳᠤ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ | ᠪᠠᠶᠢᠭᠤᠯᠤᠭᠳᠠᠭᠰᠠᠠ ᠤ ᠲᠠᠷᠠᠭ᠎ᠠ᠂ ᠬᠤᠪᠢᠰᠬᠠᠯ ᠤᠨ ᠤᠳᠬ᠎ᠠ ᠤᠷᠠᠯᠢᠭ᠂ ᠨᠤᠮ ᠬᠡᠪᠯᠡᠯ᠂ ᠷᠠᠳᠢᠣ᠋ ᠺᠢᠨᠣ᠋ ᠵᠡᠷᠬᠡ ᠠᠵᠢᠯ | ᠦᠢᠯᠡᠰ ᠦᠭᠡᠢ ᠠᠴᠠ ᠪᠠᠨ ᠪᠠᠶᠢᠬᠤ ᠪᠤᠯᠵᠥ᠂ ᠪᠠᠭ᠎ᠠ ᠠᠴᠠ ᠪᠠᠨ ᠶᠡᠭᠡ ᠪᠤᠯᠵᠥ᠂ ᠮᠠᠰᠢ ᠤᠯᠠᠨ ᠤᠷᠠᠨ ᠵᠤᠬᠢᠶᠠᠯ᠂ | ᠰᠢ ᠵᠦᠴᠦᠬᠡ᠂ ᠲᠠᠭᠤᠤ ᠬᠦᠭᠵᠢᠮ᠂ ᠪᠦᠵᠢᠭ᠂ ᠤᠷᠠᠨ ᠵᠢᠷᠤᠭ ᠤᠨ ᠰᠢᠯᠢᠳᠡᠭ ᠪᠦᠳᠦᠬᠡᠯ ᠢ ᠵᠤᠬᠢᠶᠠᠨ ᠪᠦᠳᠦᠬᠡᠪᠠ᠃ | 1957 ᠣᠨ ᠤ 5 ᠳ᠋ᠤᠭᠠᠷ ᠰᠠᠷ᠎ᠠ ᠳᠤ᠂ ᠨᠠᠮ ᠤᠨ ᠴᠢᠭᠯᠡᠯᠲᠡ ᠲᠦᠷᠦ ᠶᠢᠨ ᠪᠤᠲᠤᠯᠭ᠎ᠠ ᠶᠢ ᠴᠠᠭ ᠲᠤᠬᠠᠢ ᠳᠤ ᠨᠢ | ᠤᠬᠠᠭᠤᠯᠤᠨ ᠲᠤᠭᠤᠰᠢᠯᠠᠭᠤᠯᠵᠦ᠂ ᠦᠷᠭᠡᠡ ᠤᠯᠠᠠ ᠮᠠᠯᠴᠢᠨ ᠲᠠᠷᠢᠶᠠᠴᠢᠨ ᠳᠤ ᠰᠤᠶᠤᠯ ᠤᠨ ᠠᠮᠢᠲᠤᠷᠠᠯ | ᠲᠤᠲᠠᠭᠲᠠᠵᠦ ᠪᠠᠶᠢᠭ᠎ᠠ ᠠᠰᠠᠭᠤᠲᠠᠯ ᠢ ᠰᠢᠢᠳᠪᠦᠷᠢᠯᠡᠬᠦ ᠶᠢᠨ ᠲᠦᠯᠦᠭᠡ᠂ ᠦᠪᠡᠷᠲᠡᠭᠡᠡ ᠵᠠᠰᠠᠬᠤ ᠤᠷᠤᠨ ᠤ ᠰᠤᠶᠤᠯ | ᠤᠨ ᠲᠤᠪᠴᠢᠶ᠎ᠠ ᠨᠢᠭᠡ ᠬᠤᠭᠤᠴᠠᠭ᠎ᠠ ᠬᠦᠨᠵᠡᠭᠡᠢ ᠪᠠᠶᠢᠴᠠᠭᠠᠠ ᠰᠤᠲᠤᠯᠤᠯᠲᠠ ᠬᠢᠬᠦ ᠪᠠᠷ ᠲᠠᠮᠵᠢᠨ ᠮᠠᠯᠵᠢᠬᠤ ᠤᠷᠤᠨ | ᠪᠠ ᠬᠠᠭᠠᠰ ᠮᠠᠯᠵᠢᠬᠤ ᠬᠠᠭᠠᠰ ᠲᠠᠷᠢᠶᠠᠯᠠᠬᠤ ᠤᠷᠤᠨ ᠤ ᠨᠤᠲᠤᠭ ᠲᠡᠪᠢᠰᠭᠡᠷ ᠦᠷᠭᠡᠡ ᠠᠭᠤᠲᠠᠮ᠂ ᠰᠠᠭᠤᠷᠢᠰᠢᠯ | ᠲᠠᠷᠠᠬᠠᠢ ᠪᠤᠲᠠᠷᠬᠠᠢ᠂ ᠵᠠᠮ ᠬᠠᠷᠢᠯᠴᠠᠭ᠎ᠠ ᠲᠦᠭᠦᠮ ᠦᠭᠡᠢ ᠪᠤᠯᠬᠤᠷ ᠲᠤᠮᠤ ᠲᠤᠮᠲᠠ ᠬᠡᠯᠪᠡᠷᠢ ᠶᠢᠨ ᠤᠳᠬ᠎ᠠ ᠤᠷᠠᠯᠢᠭ | ᠤᠨ ᠪᠦᠯᠬᠦᠮ ᠤᠨ ᠲᠤᠭᠯᠠᠯᠲᠠ ᠭᠠᠷᠭᠠᠬᠤ ᠠᠵᠢᠯᠯᠠᠭ᠎ᠠ ᠦᠷᠨᠢᠬᠦᠯᠬᠦ ᠳᠤ ᠵᠤᠬᠢᠴᠠᠬᠤ ᠦᠭᠡᠢ ᠪᠦᠭᠡᠳ ᠬᠤᠰᠢᠭᠤ | ᠰᠢᠶᠠᠠ ᠤ ᠰᠤᠶᠤᠯ ᠤᠨ ᠤᠷᠲᠤᠨ ᠨᠢ ᠵᠢᠭᠰᠠᠭᠠᠯ ᠤᠨ ᠭᠠᠵᠠᠷ ᠤᠨ ᠰᠤᠶᠤᠯ ᠤᠨ ᠠᠵᠢᠯᠯᠠᠭ᠎ᠠ ᠪᠠᠷ ᠭᠤᠤᠯᠲᠠᠭᠤᠯᠵᠦ | ᠪᠠᠶᠢᠭᠰᠠᠠ ᠪᠤᠯᠬᠤᠷ ᠮᠠᠯᠴᠢᠨ ᠲᠠᠷᠢᠶᠠᠴᠢᠨ ᠤ ᠭᠡᠷᠡᠭᠴᠡᠭᠡ ᠱᠠᠭᠠᠷᠲᠠᠯᠭ᠎ᠠ ᠶᠢ ᠬᠤᠯᠠ ᠬᠠᠩᠭᠠᠵᠦ ᠲᠡᠶᠢᠯᠬᠦ ᠦᠭᠡᠢ ᠭᠡᠵᠦ | ᠦᠵᠡᠭᠡᠳ᠂ ᠮᠠᠯᠵᠢᠬᠤ ᠤᠷᠤᠨ ᠰᠦᠨᠢᠳ ᠪᠠᠷᠠᠭᠤᠨ ᠬᠤᠰᠢᠭᠤ ᠪᠤᠯᠤᠨ ᠬᠠᠭᠠᠰ ᠮᠠᠯᠵᠢᠬᠤ ᠬᠠᠭᠠᠰ ᠲᠠᠷᠢᠶᠠᠯᠠᠬᠤ | ᠤᠷᠤᠨ ᠤᠩᠨᠢᠭᠤᠳ ᠬᠤᠰᠢᠭᠤᠠ ᠳᠤ ᠲᠤᠷᠰᠢᠯᠲᠠ ᠶᠢᠨ ᠴᠡᠭ ᠪᠠᠶᠢᠭᠤᠯᠵᠦ᠂ ᠨᠢᠭᠡᠡ ᠰᠠᠯᠠᠭ᠎ᠠ ᠨᠡᠭᠦᠲᠡᠯ ᠪᠠᠭ᠎ᠠ | ᠬᠡᠯᠪᠡᠷᠢ ᠶᠢᠨ ᠰᠤᠶᠤᠯ ᠤᠨ ᠠᠵᠢᠯᠯᠠᠬᠤ ᠠᠩᠭᠢ ᠶᠢ ᠪᠠᠶᠢᠭᠤᠯᠬᠤ ᠪᠠᠷ ᠲᠤᠭᠲᠠᠭᠰᠠᠠ ᠪᠠᠶᠢᠨ᠎ᠠ᠂ ᠲᠡᠷᠡᠴᠢᠯᠡᠨ ᠡᠨᠡ | ᠰᠠᠯᠠᠭ᠎ᠠ ᠰᠤᠶᠤᠯ ᠤᠨ ᠠᠵᠢᠯᠯᠠᠬᠤ ᠠᠩᠭᠢ ᠳᠤ ᠭᠤᠤᠯ ᠵᠤᠷᠢᠯᠲᠠ ᠪᠠᠨ ᠢᠯᠡᠷᠡᠭᠦᠯᠵᠦ ᠲᠡᠶᠢᠯᠬᠦ ᠪᠦᠭᠡᠳ ᠪᠠᠰᠠ | ᠪᠠᠶᠠᠯᠢᠭ ᠰᠠᠶᠢᠬᠠᠨ ᠦᠨᠲᠦᠰᠦᠲᠡᠡ ᠤ ᠤᠨᠴᠠᠯᠢᠭ ᠲᠠᠢ᠂ ᠠᠮᠢᠵᠢᠷᠠᠯ ᠤᠨ ᠬᠦᠴᠤᠨ ᠪᠠ ᠬᠦᠰᠡᠯ ᠡᠷᠡᠮᠡᠯᠵᠡᠯ | ᠪᠢᠯᠬᠠᠭᠰᠠᠠ ᠤᠯᠠᠭᠠᠠᠮᠥ᠋ᠴᠢᠷ ᠭᠡᠰᠡᠡ ᠨᠡᠷ᠎ᠠ ᠦᠭᠴᠠᠢ᠃ ᠲᠤᠷᠰᠢᠯᠲᠠ ᠶᠢᠨ ᠴᠡᠭ ᠤᠨ ᠠᠵᠢᠯ ᠠᠮᠵᠢᠯᠲᠠ ᠤᠯᠤᠭᠰᠠᠠ | ᠤ ᠲᠠᠷᠠᠭ᠎ᠠ᠂ ᠦᠪᠡᠷᠲᠡᠭᠡᠡ ᠵᠠᠰᠠᠬᠤ ᠤᠷᠤᠨ ︽ᠤᠯᠠᠭᠠᠠᠮᠥ᠋ᠴᠢᠷ ᠤᠨ ᠠᠵᠢᠯ ᠤᠨ ᠲᠤᠷᠰᠢᠨ ᠭᠡᠷᠡᠭᠵᠢᠭᠦᠯᠬᠦ ᠲᠦᠷᠢᠮ︾ | ᠢ ᠲᠤᠭᠲᠠᠭᠠᠵᠦ᠂ ᠮᠠᠯᠵᠢᠬᠤ ᠤᠷᠤᠨ ᠪᠤᠯᠤᠨ ᠬᠠᠭᠠᠰ ᠮᠠᠯᠵᠢᠬᠤ ᠬᠠᠭᠠᠰ ᠲᠠᠷᠢᠶᠠᠯᠠᠬᠤ ᠤᠷᠤᠨ ᠳᠤ ᠨᠡᠶᠢᠲᠡᠮ ᠳᠤ ᠨᠢ | ᠤᠯᠠᠭᠠᠠᠮᠥ᠋ᠴᠢᠷ ᠪᠠᠶᠢᠭᠤᠯᠪᠠ᠃ ᠦᠪᠡᠷᠲᠡᠭᠡᠡ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠠᠴᠠ | ᠤᠯᠠᠭᠠᠠᠮᠥ᠋ᠴᠢᠷ ᠲᠤ ᠲᠤᠭᠯᠠᠯᠲᠠ ᠭᠠᠷᠭᠠᠬᠤ᠂ ᠤᠬᠠᠭᠤᠯᠭ᠎ᠠ ᠬᠢᠬᠦ᠂ ᠬᠠᠪᠰᠤᠷᠤᠨ ᠵᠢᠯᠤᠭᠤᠳᠬᠤ᠂ ᠦᠢᠯᠡᠴᠢᠯᠡᠭᠡ | ᠬᠢᠬᠦ ᠲᠦᠷᠪᠠᠠ ᠲᠠᠯ᠎ᠠ ᠶᠢᠨ ᠭᠤᠤᠯ ᠡᠬᠦᠷᠭᠡ ᠬᠠᠷᠢᠭᠤᠴᠠᠯᠭ᠎ᠠ ᠶᠢ ᠲᠤᠲᠤᠷᠬᠠᠶᠢᠯᠠᠭᠰᠠᠠ ᠪᠠᠶᠢᠨ᠎ᠠ᠃ | ᠤᠯᠠᠭᠠᠠᠮᠥ᠋ᠴᠢᠷ ᠪᠠᠶᠢᠭᠤᠯᠤᠭᠲᠠᠭᠰᠠᠠ ᠨᠢ ᠨᠠᠮ ᠤᠨ ᠱᠠᠭᠠᠷᠲᠠᠯᠭ᠎ᠠ ᠪᠤᠯᠤᠨ ᠠᠷᠠᠳ ᠲᠦᠮᠡᠠ ᠤ ᠬᠦᠰᠡᠯ | ᠵᠤᠷᠢᠯᠲᠠ ᠶᠢ ᠢᠯᠡᠷᠡᠭᠦᠯᠵᠦ᠂ ᠪᠠᠶᠢᠭᠤᠯᠤᠭᠲᠠᠭᠰᠠᠠ ᠲᠡᠷᠡ ᠡᠲᠦᠷ ᠠᠴᠠ ᠪᠠᠨ ᠡᠬᠢᠯᠡᠨ ᠮᠠᠯᠴᠢᠨ ᠲᠠᠷᠢᠶᠠᠴᠢᠠ ᠤ | ᠬᠦᠷᠢᠶᠡᠯᠡᠯ ᠪᠠᠭ᠋ᠠᠷᠬᠠᠯ ᠢ ᠤᠯᠵᠦ᠂ ᠦᠷᠭᠡᠡ ᠤᠯᠠᠠ ᠮᠠᠯᠴᠢᠨ ᠲᠠᠷᠢᠶᠠᠴᠢᠠ ᠡᠨᠡ ᠦᠶ᠎ᠠ ᠠᠴᠠ ᠡᠬᠢᠯᠡᠬᠡᠳ ᠬᠤᠲᠠ | ᠤᠰᠤ ᠠᠴᠠ ᠪᠠᠨ ᠭᠠᠷᠬᠤ ᠦᠭᠡᠢ ᠪᠠᠷ᠂ ᠮᠤᠩᠭᠤᠯ ᠭᠡᠷ ᠠᠴᠠ ᠪᠠᠨ ᠭᠠᠷᠬᠤ ᠦᠭᠡᠢ ᠪᠠᠷ ᠡᠬᠦᠲᠡᠡ ᠳᠤ ᠨᠢ ᠬᠦᠷᠭᠡᠵᠤ | ᠢᠷᠡᠭᠰᠡᠨ ᠤᠳᠬ᠎ᠠ ᠤᠷᠠᠯᠢᠭ ᠤᠨ ᠲᠤᠭᠯᠠᠯᠲᠠ ᠶᠢ ᠤᠯᠵᠦ ᠰᠤᠨᠢᠷᠬᠠᠬᠤ ᠪᠤᠯᠵᠦ᠂ ᠨᠠᠮ ᠤᠨ ᠴᠢᠭᠯᠡᠯᠲᠡ ᠲᠦᠷᠦ ᠶᠢᠨ | ᠪᠤᠲᠤᠯᠭ᠎ᠠ ᠪᠤᠯᠤᠨ ᠤᠯᠤᠰ ᠤᠨ ᠲᠤᠲᠤᠭᠠᠲᠤ ᠭᠠᠲᠠᠭᠠᠲᠤ ᠶᠢᠨ ᠲᠤᠮᠤ ᠭᠡᠷᠡᠭ ᠤᠴᠢᠷ ᠢ ᠮᠡᠲᠡᠵᠦ ᠲᠡᠶᠢᠯᠬᠦ ᠪᠤᠯᠵᠠᠢ᠃ | ᠤᠯᠠᠭᠠᠠᠮᠥ᠋ᠴᠢᠷ ᠨᠢ ᠶᠠᠠ ᠠᠠ ᠤ ᠤᠳᠬ᠎ᠠ ᠤᠷᠠᠯᠢᠭ ᠤᠨ ᠤᠬᠠᠭᠤᠯᠬᠤ ᠠᠩᠭᠢ ᠪᠤᠯᠤᠨ ᠬᠤᠪᠢᠰᠬᠠᠯᠲᠦ ᠲᠡᠶᠢᠨ ᠤ | ᠣᠨ ᠵᠢᠯ ᠤᠳ ᠲᠠᠬᠢ ᠦᠪᠦᠷ ᠮᠤᠩᠭᠤᠯ ᠤᠨ ᠤᠷᠠᠠ ᠰᠠᠶᠢᠬᠠᠠ ᠤ ᠪᠦᠯᠬᠦᠮ ᠤᠨ ᠬᠦᠮᠦᠨ ᠴᠦᠬᠡᠨ ᠴᠤ ᠬᠦᠴᠦᠨ | ᠲᠡᠬᠦᠯᠳᠡᠷ᠂ ᠲᠤᠭᠯᠠᠭᠴᠢᠳ ᠨᠢ ᠨᠢᠭᠡ ᠵᠦᠢᠯ ᠳᠤ ᠮᠡᠷᠭᠡᠰᠢᠨ ᠤᠯᠠᠠ ᠲᠠᠯ᠎ᠠ ᠶᠢᠨ ᠠᠵᠢᠯ ᠢ ᠬᠢᠵᠤ ᠴᠢᠲᠠᠬᠤ | ᠤᠨᠴᠠᠯᠢᠭ ᠢ ᠵᠠᠯᠭᠠᠮᠵᠢᠯᠠᠵᠦ᠂ ᠲᠤᠨᠤᠭᠯᠠᠯ ᠨᠢ ᠬᠦᠩᠭᠡᠡ ᠪᠦᠭᠡᠳ ᠤᠶᠠᠠ ᠬᠠᠲᠠᠠ᠂ ᠲᠤᠭᠯᠠᠯᠲᠠ ᠨᠢ ᠵᠢᠵᠢᠭ ᠬᠡᠯᠪᠡᠷᠢ | ᠶᠢᠨ ᠪᠦᠭᠡᠳ ᠤᠯᠠᠠ ᠶᠠᠩᠵᠦ ᠶᠢᠨ᠂ ᠠᠭᠤᠯᠭ᠎ᠠ ᠨᠢ ᠮᠠᠯᠴᠢᠨ ᠲᠠᠷᠢᠶᠠᠴᠢᠠ ᠤ ᠦᠢᠯᠡᠳᠪᠦᠷᠢᠯᠡᠯ ᠠᠮᠢᠲᠤᠷᠠᠯ ᠲᠠᠢ | ᠤᠶᠢᠷᠠᠲᠤᠭᠰᠠᠠ ᠪᠠᠶᠢᠵᠤ᠂ ᠨᠡᠶᠢᠭᠡᠮ ᠵᠢᠷᠤᠮ ᠤᠨ ᠰᠤᠶᠤᠯ ᠤᠨ ᠤᠬᠠᠭᠤᠯᠬᠤ ᠠᠩᠭᠢ᠂ ᠴᠡᠴᠡᠭᠯᠡᠬᠦᠯᠤᠨ ᠬᠦᠭᠵᠢᠬᠦᠯᠬᠦ | ᠠᠩᠭᠢ ᠪᠤᠯᠤᠭᠰᠠᠠ ᠪᠦᠭᠡᠳ ᠮᠠᠯᠴᠢᠨ ᠲᠠᠷᠢᠶᠠᠴᠢᠠ ᠤ ᠦᠢᠯᠡᠳᠪᠦᠷᠢᠯᠡᠯ ᠠᠮᠢᠲᠤᠷᠠᠯ ᠤᠨ ᠦᠢᠯᠡᠴᠢᠯᠡᠭᠡᠡ ᠤ ᠠᠩᠭᠢ | ᠪᠤᠯᠪᠡ᠃ ᠮᠠᠯᠴᠢᠨ ᠲᠠᠷᠢᠶᠠᠴᠢᠳ ᠤᠯᠠᠭᠠᠠᠮᠥ᠋ᠴᠢᠷ ᠢ ︽ᠮᠠᠤ ᠲᠡᠷᠢᠭᠦᠯᠡᠭᠴᠢ ᠶᠢᠨ ᠲᠤᠮᠢᠯᠠᠵᠦ ᠢᠷᠡᠭᠦᠯᠦᠭᠰᠡᠡ | ᠲᠤᠬᠤᠨᠢᠭᠤᠯᠬᠤ ᠠᠩᠭᠢ︾ ᠭᠡᠵᠦ ᠲᠤᠲᠤᠨᠤᠰᠤᠭ ᠢᠶᠠᠷ ᠬᠡᠯᠡᠳᠡᠭ ᠪᠠᠶᠢᠪᠠ᠃ ᠮᠠᠤ ᠽᠧ ᠳ᠋ᠦᠩ᠂ ᠵᠸᠤ ᠡᠸᠠ ᠯᠠᠢ᠂ | ᠳ᠋ᠧᠩ ᠰᠢᠶᠤᠤ ᠫᠢᠩ ᠵᠡᠷᠭᠡ ᠠᠬᠠᠮᠠᠳ ᠨᠢᠭᠡ ᠦᠶ᠎ᠠ ᠶᠢᠨ ᠬᠤᠪᠢᠰᠬᠠᠯᠴᠢᠳ ᠤᠯᠠᠭᠠᠠᠮᠥ᠋ᠴᠢᠷ ᠤᠨ ᠲᠤᠭᠯᠠᠯᠲᠠ ᠶᠢ | ᠤᠯᠠᠠ ᠤᠲᠠᠭ᠎ᠠ ᠰᠤᠨᠢᠷᠬᠠᠨ᠂ ᠤᠯᠠᠭᠠᠠᠮᠥ᠋ᠴᠢᠷ ᠤᠨ ᠭᠡᠰᠢᠭᠦᠳ ᠲᠠᠢ ᠠᠭᠤᠯᠵᠠᠵᠦ᠂ ᠤᠯᠠᠭᠠᠠᠮᠥ᠋ᠴᠢᠷ ᠢ ︽ | ᠰᠤᠷᠤᠯᠴᠠᠭᠤᠰᠢᠲᠠᠢ ᠨᠡᠶᠢᠭᠡᠮ ᠵᠢᠷᠤᠮ ᠤᠨ ᠤᠳᠬ᠎ᠠ ᠤᠷᠠᠯᠢᠭ ᠤᠨ ᠹᠷᠤᠨᠲ ᠤᠨ ᠨᠢᠭᠡᠨ ᠲᠤᠭ ᠮᠦᠨ︾ ᠭᠡᠵᠦ | ᠮᠠᠭᠲᠠᠵᠤ᠂ ᠪᠦᠬᠦ ᠤᠯᠤᠰ ᠤᠨ ᠤᠳᠬ᠎ᠠ ᠤᠷᠠᠯᠢᠭ ᠤᠨ ᠡᠲᠡᠭᠡᠳ ᠤᠨ ᠬᠢᠨ ᠢ ︽ᠦᠪᠦᠷ ᠮᠤᠩᠭᠤᠯ ᠤᠨ | ᠤᠯᠠᠭᠠᠠᠮᠥ᠋ᠴᠢᠷ ᠠᠴᠠ ᠲᠠᠭᠠᠨ ᠰᠤᠷᠤᠯᠴᠠᠲᠤᠭᠠᠢ︾ ᠭᠡᠵᠦ ᠰᠠᠨᠠᠭᠠᠴᠢᠯᠠᠪᠠ᠃ 1965 ᠣᠨ ᠳᠤ᠂ ᠶᠡᠷᠦᠩᠭᠡᠢ | ᠰᠠᠶᠢᠳ ᠵᠸᠤ ᠡᠸᠠ ᠯᠠᠢ ᠶᠢᠨ ᠬᠤᠪᠢᠰᠬᠠᠯᠲᠦ ᠲᠠᠭᠤᠤ ᠬᠦᠭᠵᠢᠮ ᠪᠦᠵᠢᠭ ᠢ ᠪᠦᠬᠦ ᠤᠯᠤᠰ ᠲᠤ ᠲᠠᠭᠤᠷᠢᠰᠤᠭᠤᠯᠤᠨ᠂ | ᠠᠷᠠᠳ ᠲᠦᠮᠡᠡ ᠢ ᠵᠤᠷᠢᠠᠠᠵᠢᠭᠤᠯᠬᠤ ᠭᠡᠷᠡᠭᠲᠡᠢ ᠭᠡᠰᠡᠡ ᠱᠠᠭᠠᠷᠲᠠᠯᠭ᠎ᠠ ᠶᠤᠰᠤᠭᠠᠷ᠂ ᠤᠯᠠᠭᠠᠠᠮᠥ᠋ᠴᠢᠷ ᠪᠦᠬᠦ ᠤᠯᠤᠰ | ᠤᠨ ᠡᠯ᠎ᠠ ᠭᠠᠵᠠᠷ ᠲᠤ ᠲᠤᠭᠤᠷᠢᠨ ᠲᠤᠭᠯᠠᠯᠲᠠ ᠭᠠᠷᠭᠠᠵᠦ᠂ ᠦᠢᠯᠡᠳᠪᠦᠷᠢ᠂ ᠬᠦᠲᠡᠭᠡ ᠲᠤᠰᠬᠤᠨ᠂ ᠮᠠᠯᠵᠢᠬᠤ | ᠤᠷᠤᠨ᠂ ᠴᠡᠷᠢᠭ ᠠᠩᠭᠢ ᠳᠤ ᠬᠦᠨᠵᠡᠭᠡᠶᠢᠷᠡᠵᠦ᠂ ᠪᠠᠰᠠ ᠵᠢᠩᠭᠠᠩᠱᠠᠠ᠂ ᠶᠠᠠ ᠠᠠ ᠵᠡᠷᠭᠡ ᠬᠤᠪᠢᠰᠬᠠᠯ ᠤᠨ | ᠭᠤᠯᠤᠮᠲᠠ ᠳᠤ ᠬᠦᠷᠦᠭᠰᠡᠡ ᠪᠠᠶᠢᠨ᠎ᠠ᠃ ᠵᠢᠩᠭᠠᠩᠱᠠᠨ ᠤ ᠤᠯᠠᠨ ᠲᠦᠮᠡᠨ ᠲᠤᠬᠠᠢ ᠶᠢᠨ ᠵᠢᠯ ᠳᠤ ᠤᠯᠠᠭᠠᠨ ᠴᠡᠷᠢᠭ | ᠤᠨ ᠪᠠᠶᠢᠯᠳᠤᠵᠤ ᠦᠩᠬᠡᠷᠡᠭᠰᠡᠨ ᠭᠠᠵᠠᠷ ᠠᠴᠠ ᠬᠤᠶᠠᠷ ᠬᠦᠬᠡ ᠬᠤᠯᠤᠰᠤ ᠤᠬᠳᠤᠯᠤᠨ ᠠᠪᠴᠢᠷᠠᠵᠤ | ᠤᠯᠠᠭᠠᠨᠮᠥ᠋ᠴᠢᠷ ᠲᠤ ᠲᠤᠭ ᠤᠨ ᠡᠰᠢ ᠪᠤᠯᠭᠠᠬᠤ ᠪᠠᠷ ᠪᠡᠯᠡᠭᠯᠡᠨ ᠦᠭᠴᠤ᠂ ᠤᠯᠠᠭᠠᠨᠮᠥ᠋ᠴᠢᠷ ᠤᠨ ᠬᠢᠨ ᠢ ᠤᠯᠠᠭᠠᠨ | ᠲᠤᠬ ᠢᠶᠠᠨ ᠦᠨᠳᠤᠷ ᠮᠠᠨᠳᠤᠭᠤᠯᠵᠤ᠂ ᠡᠭᠦᠷᠢᠲᠡ ᠤᠷᠤᠬᠰᠢᠯᠠᠨ ᠲᠠᠪᠰᠢᠬᠤ ᠶᠢ ᠬᠦᠰᠡᠵᠠᠢ᠃ ᠪᠦᠬᠦ ᠤᠯᠤᠰ ᠤᠨ | ᠮᠠᠯᠵᠢᠬᠤ ᠤᠷᠤᠨ ᠳᠤ ᠵᠠᠯᠭᠠᠭ᠎ᠠ ᠪᠠᠷ ᠤᠯᠠᠭᠠᠨᠮᠥ᠋ᠴᠢᠷ ᠪᠤᠶᠤ ᠤᠷᠠᠨ ᠰᠠᠶᠢᠬᠠᠨ ᠤ ᠤᠬᠠᠭᠤᠯᠬᠤ ᠠᠩᠬᠢ | ᠪᠠᠶᠢᠭᠤᠯᠤᠭᠳᠠᠵᠤ᠂ ᠡᠯ᠎ᠠ ᠠᠵᠢᠯ ᠲᠦᠷᠤᠯ ᠤᠨ ᠬᠢᠨ ᠤᠯᠠᠭᠠᠨᠮᠥ᠋ᠴᠢᠷ ᠤᠨ ᠵᠤᠷᠢᠬ ᠰᠠᠨᠠᠭ᠎ᠠ ᠶᠢ ᠰᠤᠷᠤᠯᠴᠠᠪᠠ᠃ | ᠵᠢᠶᠠᠩ ᠽᠧ ᠮᠢᠨ᠂ ᠬᠤ᠋ ᠶᠢᠨ ᠲᠤᠤ ᠨᠦᠬᠦᠷ ᠤᠯᠠᠭᠠᠨᠮᠥ᠋ᠴᠢᠷ ᠤᠨ ᠲᠤᠭᠯᠠᠯᠳᠠ ᠶᠢ ᠰᠤᠨᠢᠷᠬᠠᠨ ᠦᠵᠡᠭᠰᠡᠡ ᠪᠦᠭᠡᠳ | ᠬᠦᠢᠴᠡᠳ ᠨᠤᠳᠠᠯᠠᠵᠤ᠂ ᠬᠦᠰᠠᠯ ᠨᠠᠶᠢᠳᠠᠯᠭ᠎ᠠ ᠲᠠᠯᠪᠢᠪᠠ᠃ ᠰᠢᠨ᠎ᠠ ᠴᠠᠬ ᠦᠶ᠎ᠠ ᠳᠤ᠂ ᠶᠠᠷᠤᠩᠬᠡᠢ ᠱᠦᠵᠢ ᠰᠢ ᠶᠢᠨ | ᠫᠢᠩ ᠰᠦᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ ᠬᠡᠰᠢᠬᠦᠳ ᠲᠤ ᠬᠠᠷᠢᠭᠤ ᠵᠠᠬᠢᠳᠠᠯ ᠢᠯᠡᠬᠡᠵᠤ᠂ | ᠤᠯᠠᠭᠠᠨᠮᠥ᠋ᠴᠢᠷ ᠲᠤ ᠰᠢᠨ᠎ᠠ ᠲᠡᠤᠬᠡᠨ ᠡᠬᠦᠷᠬᠡ ᠲᠤᠰᠢᠶᠠᠵᠤ᠂ ᠤᠯᠠᠭᠠᠨᠮᠥ᠋ᠴᠢᠷ ᠤᠨ ᠤᠶᠢᠯᠡᠰ ᠤᠨ ᠬᠦᠭᠵᠢᠯᠳᠠ ᠶᠢᠨ | ᠴᠢᠭᠯᠡᠯ ᠢ ᠵᠢᠭᠠᠵᠤ ᠥᠭᠭᠦᠭᠰᠡᠨ ᠪᠠᠶᠢᠨ᠎ᠠ᠃ | ᠬᠤᠶᠠᠷ | 60 ᠭᠠᠷᠤᠢ ᠵᠢᠯ ᠤᠨ ᠲᠤᠷᠰᠢ᠂ ᠨᠠᠮ ᠤᠨ ᠤᠳᠤᠷᠢᠳᠤᠯᠭ᠎ᠠ ᠲᠤᠤᠷ᠎ᠠ ᠦᠶ᠎ᠠ ᠦᠶ᠎ᠠ ᠶᠢᠨ ᠤᠯᠠᠭᠠᠨᠮᠥ᠋ᠴᠢᠷ | ᠤᠨ ᠬᠡᠰᠢᠬᠦᠳ ᠤᠬ ᠰᠠᠨᠠᠭ᠎ᠠ ᠪᠠᠨ ᠦᠯᠤ ᠮᠠᠷᠳᠠᠨ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠠᠵᠤ᠂ ᠴᠠᠰᠤ | ᠪᠤᠷᠤᠭᠠᠨ ᠤ ᠲᠤᠮᠳᠠᠭᠤᠷ᠂ ᠬᠠᠬᠢᠷ ᠡᠪᠤᠯ ᠤᠨ ᠬᠦᠢᠳᠡᠨ ᠳᠤ ᠤᠷᠳᠤ ᠬᠤᠭᠤᠴᠠᠭ᠎ᠠ ᠪᠠᠷ ᠲᠠᠯ᠎ᠠ ᠨᠤᠳᠤᠬ ᠲᠤ | ᠬᠦᠨᠵᠡᠬᠡᠶᠢᠷᠡᠵᠤ᠂ ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠪᠠᠳᠠᠷᠠᠭᠤᠯᠤᠨ᠂ ᠤᠯᠠᠭᠠᠨᠮᠥ᠋ᠴᠢᠷ ᠤᠨ ᠵᠤᠷᠢᠬ | ᠰᠠᠨᠠᠭ᠎ᠠ ᠶᠢ ᠪᠠᠳᠠᠷᠠᠭᠤᠯᠵᠤ᠂ ᠢᠮᠠᠬᠳᠠ ᠦᠨᠳᠤᠰᠤᠨ ᠱᠠᠳᠤᠨ ᠳᠤ ᠦᠨᠳᠤᠰᠤᠯᠠᠵᠤ᠂ ᠠᠷᠠᠳ ᠲᠦᠮᠡᠨ ᠳᠤ | ᠤᠶᠢᠯᠡᠴᠢᠯᠠᠵᠤ᠂ ᠤᠬ ᠲᠦᠷᠢ ᠪᠠᠨ ᠦᠨᠢᠳᠠ ᠬᠠᠳᠠᠭᠠᠯᠠᠨ ᠬᠠᠷᠠᠮ ᠦᠬᠡᠢ ᠵᠤᠷᠢᠭᠤᠯᠵᠤ᠂ ᠰᠠᠬᠢᠨ ᠪᠠᠷᠠᠯᠠᠵᠤ | ᠬᠠᠷᠢᠯᠴᠠᠨ ᠬᠠᠪᠰᠤᠷᠤᠯᠴᠠᠵᠤ᠂ ᠲᠡᠰᠪᠦᠷᠢ ᠬᠠᠳᠠᠭᠤᠵᠢᠯᠳᠠᠢ ᠲᠡᠮᠡᠴᠡᠵᠤ᠂ ᠦᠷᠬᠡᠨ ᠤᠯᠠᠨ ᠮᠠᠯᠴᠢᠨ ᠲᠦᠮᠡᠨ ᠳᠤ | ᠪᠠᠶᠠᠷ ᠪᠠᠶᠠᠰᠬᠤᠯᠠᠩ ᠪᠠ ᠪᠤᠯᠪᠠᠰᠤᠨ ᠢ ᠬᠦᠷᠬᠡᠨ ᠦᠭᠴᠤ᠂ ᠨᠠᠮ ᠤᠨ ᠲᠠᠭᠤᠨ ᠪᠤᠯᠤᠨ ᠬᠠᠯᠠᠮᠵᠢᠯᠠᠯ ᠢ | ᠲᠠᠮᠵᠢᠭᠤᠯᠤᠭᠰᠠᠨ ᠪᠠᠶᠢᠨ᠎ᠠ᠃ | ᠦᠨᠳᠤᠰᠤᠨ ᠱᠠᠳᠤᠨ ᠳᠤ ᠦᠨᠳᠤᠰᠤᠯᠠᠵᠤ᠂ ᠠᠷᠠᠳ ᠲᠦᠮᠡᠨ ᠳᠤ ᠤᠶᠢᠯᠡᠴᠢᠯᠡᠪᠡ᠃ ᠤᠯᠠᠭᠠᠨᠮᠥ᠋ᠴᠢᠷ ᠪᠤᠯ | ᠮᠠᠯᠴᠢᠨ ᠲᠠᠷᠢᠶᠠᠴᠢᠨ ᠳᠤ ᠤᠶᠢᠯᠡᠴᠢᠯᠡᠬᠦ ᠶᠠᠪᠤᠴᠠ ᠳᠤ ᠦᠰᠤᠨ ᠪᠤᠶᠢᠵᠢᠬᠰᠠᠨ ᠶᠤᠮ᠃ ᠠᠷᠠᠳ ᠲᠦᠮᠡᠨ ᠢᠶᠠᠨ | ᠬᠠᠶᠢᠷᠠᠯᠠᠨ ᠤᠷᠠᠯᠢᠬ ᠢ ᠬᠠᠶᠢᠷᠠᠯᠠᠵᠤ ᠤᠯᠠᠭᠠᠨᠮᠥ᠋ᠴᠢᠷ ᠤᠨ ᠤᠶᠢᠯᠡᠰ ᠢᠶᠠᠨ ᠬᠠᠶᠢᠷᠠᠯᠠᠬᠤ ᠪᠤᠯ ᠡᠨᠡ ᠬᠦ ︽ | ᠬᠤᠪᠢᠰᠬᠠᠯᠳᠤ ᠤᠳᠬ᠎ᠠ ᠤᠷᠠᠯᠢᠬ ᠤᠨ ᠬᠦᠩᠬᠡᠨ ᠮᠤᠷᠢᠳᠤ ᠴᠡᠷᠢᠭ︾ ᠤᠨ ᠬᠦᠴᠦᠷᠭᠡᠭ ᠶᠡᠭᠡ ᠠᠮᠢᠵᠢᠷᠠᠯ ᠤᠨ | ᠬᠦᠴᠤᠨ ᠢᠶᠠᠨ ᠪᠠᠲᠤᠯᠠᠭᠰᠠᠨ ᠦᠨᠳᠤᠰᠤ ᠪᠤᠯᠤᠨ᠎ᠠ᠃ 60 ᠭᠠᠷᠤᠢ ᠵᠢᠯ ᠤᠨ ᠲᠤᠷᠰᠢ᠂ ᠭᠠᠳᠠᠭᠠᠳᠤ ᠨᠦᠬᠦᠴᠡᠯ | ᠬᠡᠷᠬᠢᠨ ᠬᠤᠪᠢᠷᠠᠬᠰᠠᠨ ᠴᠤ ᠤᠯᠠᠭᠠᠨᠮᠥ᠋ᠴᠢᠷ ᠤᠨ ᠴᠢᠭᠯᠡᠯ ᠬᠤᠪᠢᠷᠠᠬᠰᠠᠨ ᠦᠬᠡᠢ᠂ ᠵᠤᠷᠢᠯᠳᠠ ᠬᠤᠪᠢᠷᠠᠬᠰᠠᠨ ᠦᠬᠡᠢ᠂ | ᠵᠤᠷᠢᠬ ᠰᠠᠨᠠᠭ᠎ᠠ ᠨᠢ ᠬᠤᠪᠢᠷᠠᠬᠰᠠᠨ ᠦᠬᠡᠢ ᠪᠠᠶᠢᠵᠤ᠂ ᠢᠮᠠᠬᠳᠠ ᠲᠠᠯ᠎ᠠ ᠨᠤᠳᠤᠬ ᠲᠤ ᠦᠨᠳᠤᠰᠤᠯᠠᠵᠤ᠂ ᠦᠨᠳᠤᠰᠤᠨ | ᠱᠠᠳᠤᠨ ᠳᠤ ᠬᠠᠨᠳᠤᠵᠤ᠂ ᠠᠷᠠᠳ ᠲᠦᠮᠡᠨ ᠳᠤ ᠤᠶᠢᠯᠡᠴᠢᠯᠡᠬᠦ ᠶᠢ ᠦᠪᠡᠷ ᠤᠨ ᠲᠤᠬ ᠲᠡᠮᠳᠡᠭ ᠲᠡᠭᠡᠷ᠎ᠠ ᠪᠠᠨ | ᠪᠢᠴᠢᠭᠯᠡᠵᠠᠢ᠃ ᠠᠷᠠᠳ ᠲᠦᠮᠡᠨ ᠬᠠᠮᠢᠭ᠎ᠠ ᠪᠠᠶᠢᠪᠠᠯ ᠤᠷᠠᠯᠢᠭ ᠤᠨ ᠲᠠᠪᠴᠠᠩ ᠲᠡᠨᠲᠡ ᠪᠠᠶᠢᠨ᠎ᠠ᠂ ︽ᠨᠢᠬᠡ ᠮᠤᠩᠭᠤᠯ | ᠭᠡᠷ ᠢ ᠴᠦ ᠦᠯᠦ ᠬᠡᠬᠡᠭᠳᠡᠬᠦᠯᠬᠦ᠂ ᠨᠢᠬᠡ ᠮᠠᠯᠴᠢᠨ ᠲᠠᠷᠢᠶᠠᠴᠢᠨ ᠢ ᠴᠦ ᠦᠯᠦ ᠬᠤᠴᠤᠷᠭᠠᠬᠤ︾ ᠪᠤᠳᠠᠳᠤ | ᠠᠵᠢᠯᠯᠠᠭ᠎ᠠ ᠪᠠᠷ ᠢᠶᠠᠨ ᠨᠡᠶᠢᠬᠡᠮ ᠵᠢᠷᠤᠮ ᠤᠨ ᠤᠳᠬ᠎ᠠ ᠤᠷᠠᠯᠢᠭ ᠪᠤᠯ ᠠᠷᠠᠳ ᠲᠦᠮᠡᠨ ᠤ ᠤᠳᠬ᠎ᠠ ᠤᠷᠠᠯᠢᠬ ᠪᠤᠯᠬᠤ | ᠡᠨᠡ ᠬᠦ ᠮᠦᠨ ᠴᠢᠨᠠᠷ ᠢ ᠬᠦᠢᠴᠡᠳ ᠲᠠᠶᠢᠯᠪᠤᠷᠢᠯᠠᠪᠠ᠃ ᠤᠯᠠᠭᠠᠨᠮᠥ᠋ᠴᠢᠷ ᠤᠨ ᠠᠩᠬᠢ ᠶᠢᠨ ᠬᠡᠰᠢᠬᠦᠳ ᠤᠨ ᠮᠠᠰᠢ | ᠤᠯᠠᠨ ᠨᠢ ᠲᠠᠭᠤᠤ ᠪᠦᠵᠢᠭ ᠲᠤ ᠠᠪᠢᠶᠠᠰ ᠲᠠᠢ ᠮᠠᠯᠴᠢᠨ ᠲᠠᠷᠢᠶᠠᠴᠢᠨ᠂ ᠠᠵᠢᠯᠴᠢᠨ ᠪᠤᠯᠤᠨ ᠪᠠᠶᠢᠭᠤᠯᠭ᠎ᠠ ᠶᠢᠨ ᠺᠠᠳ᠋ᠷ | ᠤᠨ ᠲᠤᠮᠳᠠ ᠠᠴᠠ ᠢᠷᠡᠭᠰᠡᠨ ᠶᠤᠮ᠂ ᠲᠤᠭᠯᠠᠯᠳᠠ ᠭᠠᠷᠭᠠᠬᠤ ᠠᠴᠠ ᠭᠠᠳᠠᠨ᠎ᠠ᠂ ᠮᠠᠯᠴᠢᠳ ᠶᠠᠭᠤᠨ ᠳᠤ ᠶᠠᠭᠠᠷᠠᠪᠠᠯ | ᠤᠯᠠᠭᠠᠨᠮᠥ᠋ᠴᠢᠷ ᠤᠨ ᠠᠩᠬᠢ ᠶᠢᠨ ᠬᠡᠰᠢᠬᠦᠳ ᠲᠡᠷᠡ ᠠᠵᠢᠯ ᠢ ᠨᠢ ᠬᠠᠮᠵᠢᠨ ᠬᠢᠵᠤ᠂ ᠬᠤᠨᠢ ᠬᠠᠶᠢᠴᠢᠯᠠᠵᠤ᠂ ᠬᠤᠨᠢᠨ | ᠤ ᠬᠠᠰᠢᠶ᠎ᠠ ᠰᠠᠷᠠᠪᠴᠢ ᠶᠢ ᠵᠠᠰᠠᠵᠤ᠂ ᠡᠪᠡᠰᠤ ᠬᠠᠳᠤᠵᠤ᠂ ᠲᠦᠯ ᠲᠤᠰᠴᠤ᠂ ᠪᠠᠰᠠ ᠮᠠᠯᠴᠢᠳ ᠢ ᠬᠠᠪᠰᠤᠷᠤᠨ ᠴᠠᠬ᠂ | ᠴᠠᠬᠢᠯᠭᠠᠨ ᠭᠡᠷᠡᠭᠰᠡᠯ᠂ ᠮᠤᠲ᠋ᠤᠷ ᠢ ᠨᠢ ᠰᠡᠯᠪᠢᠨ ᠵᠠᠰᠠᠬᠤ ᠪᠠ ᠦᠰᠤ ᠬᠡᠵᠢᠬᠡ ᠶᠢ ᠨᠢ ᠵᠠᠰᠠᠵᠤ᠂ ᠨᠠᠮ ᠤᠨ ᠲᠠᠭᠤᠨ ᠢ | ᠲᠠᠮᠵᠢᠭᠤᠯᠤᠭᠰᠠᠨ ᠢᠶᠠᠷ ᠪᠠᠷᠠᠬᠤ ᠦᠬᠡᠢ ᠮᠠᠯᠴᠢᠳ ᠲᠤ ᠪᠠᠶᠠᠷ ᠪᠠᠶᠠᠰᠬᠤᠯᠠᠩ ᠢ ᠠᠪᠴᠢᠷᠠᠵᠤ᠂ ᠦᠷᠬᠡᠨ ᠤᠯᠠᠨ | ᠮᠠᠯᠴᠢᠨ ᠲᠠᠷᠢᠶᠠᠴᠢᠨ ᠳᠤ ᠰᠢᠨᠵᠢᠯᠡᠬᠦ ᠤᠬᠠᠭᠠᠨ ᠰᠤᠶᠤᠯ᠂ ᠡᠮ ᠡᠮᠨᠡᠯᠬᠡ ᠶᠢᠨ ᠤᠶᠢᠯᠡᠴᠢᠯᠡᠭᠡ ᠪᠤᠯᠤᠨ ᠭᠡᠷᠡᠭᠯᠡᠬᠡᠨ ᠤ | ᠮᠡᠷᠬᠡᠵᠢᠯ ᠢ ᠬᠦᠷᠬᠡᠵᠤ᠂ ᠮᠠᠯᠴᠢᠨ ᠲᠠᠷᠢᠶᠠᠴᠢᠨ ᠲᠠᠢ ᠬᠦᠨ ᠵᠤᠵᠠᠭᠠᠨ ᠬᠠᠶᠢᠷ᠎ᠠ ᠰᠡᠳᠬᠢᠯᠬᠡ ᠲᠠᠢ ᠪᠤᠯᠵᠤ᠂ | ᠤᠯᠠᠭᠠᠨᠮᠥ᠋ᠴᠢᠷ ᠤᠨ ᠲᠤᠭᠯᠠᠯᠳᠠ ᠪᠤᠯᠤᠨ ᠵᠢᠭᠠᠨ ᠵᠢᠯᠤᠭᠤᠳᠤᠯᠭ᠎ᠠ ᠪᠠᠷ ᠲᠠᠮᠵᠢᠨ ᠮᠠᠯᠵᠢᠬᠤ ᠤᠷᠤᠨ ᠳᠤ ᠤᠳᠬ᠎ᠠ | ᠤᠷᠠᠯᠢᠬ ᠤᠨ ᠮᠡᠳᠡᠯᠬᠡ ᠶᠢ ᠲᠦᠬᠡᠮᠡᠯᠵᠢᠬᠦᠯᠬᠦ ᠪᠠ ᠲᠡᠷᠢᠬᠦᠨ ᠤ ᠰᠤᠶᠤᠯ ᠢ ᠲᠠᠮᠵᠢᠭᠤᠯᠬᠤ ᠶᠢ ᠶᠡᠭᠡ ᠪᠠᠷ ᠠᠬᠢᠭᠤᠯᠪᠠ᠃ | ᠤᠯᠠᠭᠠᠨᠮᠦ᠋ᠴᠢᠷ ᠤᠨ ᠭᠡᠰᠢᠬᠦᠳ ᠠᠷᠠᠳ ᠲᠦᠮᠡᠨ ᠳᠤ ᠦᠢᠯᠡᠴᠢᠯᠡᠬᠦ ᠦᠢᠯᠡᠳᠦᠯᠭᠡ ᠶᠢᠨ ᠲᠤᠮᠳᠠ ᠪᠠᠨ ᠪᠤᠰᠤᠳ ᠢ | ᠨᠦᠯᠦᠭᠡᠯᠡᠵᠤ᠂ ᠪᠠᠰᠠ ᠦᠪᠡᠷ ᠢ ᠪᠠᠨ ᠬᠦᠮᠦᠵᠢᠬᠦᠯᠵᠠᠢ᠃ ᠲᠡᠳᠡ ᠨᠢᠭᠡ ᠲᠠᠯ᠎ᠡ ᠪᠠᠷ ᠲᠤᠬᠯᠠᠯᠳᠠ ᠭᠠᠷᠭᠠᠨ ᠨᠦᠬᠦᠭᠡ | ᠲᠠᠯ᠎ᠡ ᠪᠠᠷ ᠠᠷᠠᠳ ᠤᠨ ᠲᠤᠮᠳᠠᠬᠢ ᠤᠷᠠᠯᠢᠭ ᠢ ᠴᠤᠬᠯᠠᠭᠤᠯᠤᠨ ᠡᠮᠬᠢᠳᠭᠡᠵᠤ᠂ ᠠᠮᠢᠳᠤᠷᠠᠯ ᠤᠨ ᠦᠢᠯᠡᠳᠦᠯᠭᠡ | ᠲᠤᠮᠳᠠ ᠠᠴᠠ ᠤᠶᠤᠨ ᠤᠬᠠᠭᠠᠨ ᠰᠢᠩᠭᠡᠭᠡᠵᠤ᠂ ᠡᠬᠦᠳᠤᠨ ᠪᠦᠳᠦᠭᠡᠬᠦ ᠠᠪᠢᠶᠠᠰ ᠪᠢᠯᠢᠭ ᠢᠶᠠᠨ ᠬᠦᠭᠵᠢᠭᠡᠵᠤ᠂ ᠮᠠᠰᠢ | ᠤᠯᠠᠨ ᠰᠢᠯᠢᠳᠡᠭ ᠪᠦᠳᠦᠭᠡᠯ ᠢ ᠡᠬᠦᠳᠤᠨ ᠪᠦᠳᠦᠭᠡᠭᠰᠡᠨ ᠪᠠᠶᠢᠨ᠎ᠠ᠂ ᠵᠢᠱᠢᠶᠠᠯᠡᠪᠡᠯ ︽ᠠᠶᠠᠭᠠᠨ ᠪᠦᠵᠢᠭ︾᠂ ︽ | ᠤᠷᠳᠤᠰ ᠬᠤᠷᠢᠮ︾᠂ ︽ᠰᠠᠪᠬᠠᠨ ᠪᠦᠵᠢᠭ︾ ᠵᠡᠷᠭᠡ ᠨᠢ ᠴᠦᠮ ᠬᠦᠮᠦᠰ ᠤᠨ ᠰᠡᠳᠬᠢᠯ ᠳᠤ ᠰᠠᠶᠢᠨ ᠰᠠᠶᠢᠬᠠᠨ | ᠰᠠᠭᠤᠬᠳᠠᠯ ᠦᠯᠡᠳᠡᠭᠡᠭᠰᠡᠨ ᠪᠦᠭᠡᠳ ᠪᠠᠰᠠ ᠤᠯᠠᠭᠠᠨᠮᠦ᠋ᠴᠢᠷ ᠠᠴᠠ ᠴᠤᠯᠭᠤᠷᠠᠬᠰᠡᠨ ᠨᠢᠭᠡ ᠪᠦᠯᠦᠭ ᠤᠷᠠᠯᠢᠬᠴᠢᠨ ᠢ | ᠬᠦᠮᠦᠰ ᠲᠤ ᠮᠡᠳᠡᠭᠦᠯᠪᠡ᠃ | ᠤᠭ ᠴᠢᠨᠠᠷ ᠢᠶᠠᠨ ᠡᠬᠦᠷᠢᠳᠠ ᠬᠠᠳᠠᠭᠠᠯᠠᠵᠤ᠂ ᠬᠠᠷᠠᠮ ᠦᠭᠡᠢ ᠵᠤᠷᠢᠭᠤᠯᠪᠠ᠃ ᠤᠯᠠᠭᠠᠨᠮᠦ᠋ᠴᠢᠷ ᠤᠨ | ᠮᠠᠨᠳᠤᠯᠡᠭᠰᠡᠨ ᠶᠠᠪᠤᠳᠠᠯ ᠪᠤᠯ ᠨᠠᠮ ᠤᠨ ᠤᠳᠬ᠎ᠠ ᠤᠷᠠᠯᠢᠭ ᠤᠨ ᠱᠤᠭᠤᠮ ᠤᠨ ᠴᠦᠭᠡᠨ ᠲᠤᠭᠠᠳᠤ ᠦᠨᠳᠦᠰᠦᠳᠡᠨ ᠤ | ᠭᠠᠵᠠᠷ ᠤᠷᠤᠨ ᠳᠠᠬᠢ ᠠᠮᠵᠢᠯᠳᠠ ᠲᠠᠢ ᠦᠢᠯᠡᠳᠦᠯᠭᠡ ᠮᠦᠨ᠂ ᠮᠠᠨᠳᠤᠯᠡᠭᠰᠡᠨ ᠠᠴᠠ ᠪᠠᠨ ᠠᠪᠤᠭᠠᠳ ᠲᠡᠷᠨ ᠨᠢ | ᠢᠯᠭᠤᠮ ᠳᠤᠳᠤ ᠪᠦᠭᠡᠳ ᠬᠦᠨ ᠵᠤᠵᠠᠭᠠᠨ ᠬᠤᠪᠢᠰᠬᠠᠯᠳᠤ ᠤᠳᠤᠮᠰᠢᠯ ᠲᠠᠢ ᠪᠠᠶᠢᠵᠤ᠂ ᠨᠢᠭᠡᠨ ᠰᠠᠯᠠᠭ᠎ᠠ | ᠬᠤᠪᠢᠰᠬᠠᠯᠵᠢᠬᠰᠡᠨ᠂ ᠦᠨᠳᠦᠰᠦᠳᠡᠨᠴᠢᠯᠡᠭᠰᠡᠡ᠂ ᠤᠯᠠᠨ ᠲᠦᠮᠡᠨᠴᠢᠯᠡᠭᠰᠡᠡ ᠤᠳᠬ᠎ᠠ ᠤᠷᠠᠯᠢᠭ ᠤᠨ ᠠᠵᠢᠯ ᠤᠨ | ᠡᠩᠨᠡᠭᠡ ᠪᠤᠯᠪᠠ᠃ ᠤᠯᠠᠭᠠᠨᠮᠦ᠋ᠴᠢᠷ ᠤᠨ ᠤᠳᠠᠭ᠎ᠠ ᠪᠤᠯᠭᠠᠨ ᠤ ᠲᠤᠬᠯᠠᠯᠳᠠ ᠨᠢ ᠪᠦᠷ ᠡᠨᠡ ᠬᠦ ᠬᠤᠭᠤᠴᠠᠭᠠᠨ ᠤ ᠨᠠᠮ | ᠤᠨ ᠴᠢᠭᠯᠡᠯᠳᠠ ᠲᠦᠷᠦ ᠶᠢᠨ ᠪᠤᠳᠤᠯᠭ᠎ᠠ ᠶᠢ ᠦᠨᠳᠦᠰᠦᠨ ᠱᠠᠳᠤᠨ ᠳᠤ ᠲᠠᠮᠵᠢᠭᠤᠯᠵᠤ ᠪᠠᠶᠢᠪᠠ᠂ ᠬᠡᠳᠦᠶᠢᠪᠡᠷ | ᠮᠠᠯᠵᠢᠬᠤ ᠤᠷᠤᠨ ᠠᠯᠤᠰ ᠪᠤᠶᠢᠳᠠ᠂ ᠰᠠᠭᠤᠷᠢᠰᠢᠯ ᠲᠠᠷᠠᠬᠠᠢ ᠪᠤᠳᠠᠷᠬᠠᠢ᠂ ᠮᠡᠳᠡᠭᠡ ᠬᠤᠯᠪᠤᠭᠠᠨ ᠤ ᠨᠦᠬᠦᠴᠡᠯ ᠠᠨᠠᠢ | ᠪᠤᠯᠪᠠᠴᠤ ᠮᠠᠯᠵᠢᠬᠤ ᠤᠷᠤᠨ ᠤ ᠮᠡᠳᠡᠭᠡ ᠵᠠᠩᠭᠢ ᠲᠦᠭᠵᠢᠮᠡᠯ ᠪᠢᠰᠢ ᠪᠠᠶᠢᠵᠤ᠂ ᠮᠠᠯᠴᠢᠨ ᠤᠯᠠᠨ ᠲᠦᠮᠡᠨ | ᠨᠠᠮ ᠳᠤ ᠪᠠᠨ ᠬᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠶᠢᠵᠤ᠂ ᠢᠮᠠᠬᠳᠠ ᠤᠬᠠᠮᠰᠠᠷ ᠲᠠᠢ᠂ ᠬᠠᠷᠢᠭᠤᠴᠠᠯᠭ᠎ᠠ | ᠲᠠᠢ ᠪᠠᠶᠢᠳᠠᠭ᠃ ᠲᠡᠭᠡᠷ᠎ᠡ ᠵᠠᠭᠤᠨ ᠤ ᠲᠠᠪᠢ ᠵᠢᠷᠠᠭᠠᠳ ᠣᠨ ᠳᠤ᠂ ᠲᠠᠯ᠎ᠡ ᠨᠤᠳᠤᠭ ᠤᠨ ᠡᠵᠢ ᠱᠠᠩᠬᠠᠢ ᠶᠢᠨ | ᠦᠨᠦᠴᠢᠨ ᠭᠡᠤᠭᠡᠳ ᠢ ᠡᠷᠬᠦᠨ ᠲᠠᠵᠢᠭᠡᠵᠤ᠂ ᠲᠠᠯ᠎ᠡ ᠨᠤᠳᠤᠭ ᠤᠨ ᠪᠢᠴᠢᠬᠠᠨ ᠪᠠᠭᠠᠳᠤᠷ ᠡᠭᠡᠴᠢ ᠦᠬᠢᠨ ᠲᠡᠬᠦᠤ᠂ | ᠡᠵᠡᠨ᠎ᠡ ᠬᠤᠰᠢᠭᠤᠨ ᠤ ᠠᠷᠠᠳ ᠲᠦᠮᠡᠨ ᠤᠯᠤᠰ ᠤᠨ ᠪᠠᠳᠤᠯᠠᠨ ᠬᠠᠮᠠᠭᠠᠯᠠᠯᠳᠠ ᠶᠢᠨ ᠪᠠᠶᠢᠭᠤᠯᠤᠯᠳᠠ ᠶᠢ ᠲᠠᠮᠵᠢᠭᠰᠡᠨ | ᠵᠡᠷᠭᠡ ᠠᠮᠢᠳᠤᠯᠢᠭ ᠦᠢᠯᠡ ᠶᠠᠪᠤᠳᠠᠯ ᠨᠢ ᠲᠠᠯ᠎ᠡ ᠨᠤᠳᠤᠭ ᠤᠨ ᠬᠦᠪᠡᠬᠦᠳ ᠦᠬᠢᠳ ᠤᠨ ᠨᠠᠮ ᠢᠶᠠᠨ ᠪᠤᠲᠤᠬᠤ᠂ ᠨᠠᠮ | ᠤᠨ ᠦᠭᠡ ᠶᠢ ᠰᠤᠨᠤᠰᠬᠤ᠂ ᠨᠠᠮ ᠢᠶᠠᠨ ᠲᠠᠭᠠᠬᠤ ᠡᠷᠡᠰ ᠪᠠᠳᠤ ᠢᠳᠡᠭᠡᠯ ᠵᠤᠷᠢᠭ ᠢ ᠬᠦᠢᠴᠡᠳ ᠢᠯᠡᠷᠠᠬᠦᠯᠵᠤ᠂ | ᠦᠨᠳᠦᠰᠦᠳᠡᠨ ᠨᠦᠭᠦᠳ ᠤᠨ ᠠᠷᠠᠳ ᠲᠦᠮᠡᠨ ᠤ ᠶᠡᠭᠡ ᠲᠠᠯ᠎ᠡ ᠶᠢᠨ ᠤᠬᠠᠮᠰᠠᠷ᠂ ᠡᠭᠡ ᠤᠷᠤᠨᠴᠢ ᠰᠡᠳᠬᠢᠯᠭᠡ ᠶᠢ | ᠢᠯᠡᠷᠠᠬᠦᠯᠪᠡ᠂ ᠡᠳᠡᠭᠡᠷ ᠨᠢ ᠪᠠᠰᠠ ᠤᠯᠠᠭᠠᠨᠮᠦ᠋ᠴᠢᠷ ᠤᠨ ᠬᠠᠷᠠᠮ ᠦᠭᠡᠢ ᠵᠢᠳᠬᠦᠨ ᠵᠤᠷᠢᠭᠤᠯᠤᠭᠰᠠᠠ ᠲᠠᠢ ᠰᠠᠯᠵᠤ | ᠪᠤᠯᠤᠰᠢ ᠦᠭᠡᠢ ᠶᠤᠮ᠃ ᠤᠯᠠᠭᠠᠨᠮᠦ᠋ᠴᠢᠷ ᠤᠨ ᠬᠢᠨ ᠦᠪᠡᠷ ᠤᠨ ᠪᠤᠳᠠᠳᠤ ᠠᠵᠢᠯᠯᠠᠭ᠎ᠠ ᠪᠠᠷ ᠢᠶᠠᠨ ᠦᠷᠭᠡᠨ ᠤᠯᠠᠨ | ᠮᠠᠯᠴᠢᠨ ᠲᠦᠮᠡᠨ ᠤ ᠢᠳᠡᠭᠡᠯ ᠢ ᠤᠯᠵᠤ᠂ ᠮᠠᠯᠴᠢᠳ ᠤᠯᠠᠭᠠᠨᠮᠦ᠋ᠴᠢᠷ ᠤᠨ ᠭᠡᠰᠢᠬᠦᠳ ᠢ ︽ᠮᠠᠨ ᠤ ᠭᠡᠤᠭᠡᠳ︾ | ᠭᠡᠵᠤ ᠲᠠᠭᠤᠳᠠᠳᠠᠭ᠃ | ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠰᠢᠷᠭᠠᠭᠤ ᠲᠠᠮᠠᠴᠠᠪᠡ᠃ ᠤᠯᠠᠭᠠᠨᠮᠦ᠋ᠴᠢᠷ ᠤᠨ ᠭᠡᠰᠢᠬᠦᠳ | ᠤᠨ ᠲᠤᠳᠤᠷ᠎ᠡ ᠮᠤᠩᠭᠤᠯ ᠦᠨᠳᠦᠰᠦᠳᠡᠨ᠂ ᠬᠢᠳᠡᠳ ᠦᠨᠳᠦᠰᠦᠳᠡᠨ ᠪᠠᠶᠢᠬᠤ ᠪᠠᠷ ᠪᠠᠷᠠᠬᠤ ᠦᠭᠡᠢ ᠪᠠᠰᠠ ᠪᠤᠰᠤᠳ | ᠴᠦᠭᠡᠨ ᠲᠤᠭᠠᠳᠤ ᠦᠨᠳᠦᠰᠦᠳᠡᠨ ᠪᠠᠶᠢᠳᠠᠭ᠂ ᠡᠶᠢᠨ ᠬᠦ ᠤᠯᠠᠭᠠᠨᠮᠦ᠋ᠴᠢᠷ ᠨᠢ ᠲᠠᠷᠤᠢ ᠨᠢᠭᠡᠨ ᠤᠯᠠᠨ | ᠦᠨᠳᠦᠰᠦᠳᠡᠨ ᠲᠠᠢ ᠶᠡᠭᠡ ᠬᠡᠷ ᠪᠦᠯᠢ ᠪᠠᠶᠢᠵᠤ᠂ ᠤᠯᠠᠨ ᠢᠶᠠᠷ ᠢᠶᠠᠨ ᠬᠠᠷᠢᠯᠴᠠᠨ ᠰᠤᠷᠤᠯᠴᠠᠵᠤ᠂ ᠬᠠᠷᠢᠯᠴᠠᠨ | ᠪᠠᠭ᠋ᠠᠷᠬᠠᠵᠤ᠂ ᠡᠬᠦᠨ ᠤ ᠬᠠᠮᠳᠤ ᠦᠷᠭᠡᠨ ᠤᠯᠠᠨ ᠮᠠᠯᠴᠢᠨ ᠲᠠᠷᠢᠶᠠᠴᠢᠨ ᠲᠠᠢ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠵᠤ᠂ ᠬᠠᠮᠳᠤ ᠪᠠᠷ ᠲᠠᠮᠠᠴᠡᠵᠤ᠂ ᠦᠨᠳᠦᠰᠦᠳᠡᠨ ᠨᠦᠭᠦᠳ ᠶᠠᠪᠤᠯᠴᠠᠵᠤ ᠰᠤᠯᠢᠯᠴᠠᠵᠤ ᠨᠡᠶᠢᠯᠡᠯᠳᠤᠵᠤ | ᠨᠢᠭᠡᠨ ᠬᠡᠷ ᠪᠦᠯᠢ ᠮᠠᠳᠤ ᠲᠤᠳᠤᠨᠤ ᠪᠠᠶᠢᠵᠤ᠂ ᠤᠯᠠᠭᠠᠨᠮᠦ᠋ᠴᠢᠷ ᠤᠨ ᠬᠢᠨ ᠶᠡᠷᠤ ᠨᠢ ᠦᠨᠳᠦᠰᠦᠳᠡᠨ ᠤ ᠪᠦᠯᠬᠦᠮᠳᠡᠯ | ᠤᠨ ᠭᠡᠪ ᠲᠠᠭᠤᠷᠢᠶᠠᠯ ᠪᠤᠯᠤᠭᠰᠠᠭᠠᠷ ᠢᠷᠡᠪᠡ᠃ ᠬᠦᠭᠡ ᠲᠡᠭᠷᠢ ᠪᠠᠷ ᠬᠦᠰᠢᠭᠡ ᠪᠠᠨ ᠪᠤᠯᠭᠠᠵᠤ ᠬᠦᠳᠡᠭᠡ ᠲᠠᠯ᠎ᠡ ᠪᠠᠷ | ᠲᠠᠶᠢᠰᠠ ᠪᠠᠨ ᠪᠤᠯᠭᠠᠬᠤ ᠨᠢ ᠤᠯᠠᠭᠠᠨᠮᠦ᠋ᠴᠢᠷ ᠤᠨ ᠬᠢᠨ ᠤ ᠬᠦᠴᠢᠷ ᠢ ᠪᠠᠶᠠᠰᠤᠯ ᠢᠶᠠᠷ ᠦᠵᠡᠵᠤ᠂ ᠰᠢᠷᠭᠠᠭᠤ | ᠬᠠᠲᠠᠭᠤᠵᠢᠯᠲᠠᠢ ᠲᠠᠮᠠᠴᠡᠭᠰᠡᠡ ᠦᠨᠡᠨ ᠪᠤᠳᠠᠳᠠᠢ ᠵᠢᠷᠤᠬᠯᠡᠯ ᠪᠤᠯᠤᠨ᠎ᠠ᠂ ᠤᠯᠠᠭᠠᠨᠮᠦ᠋ᠴᠢᠷ ᠪᠠᠶᠢᠭᠤᠯᠤᠬᠳᠠᠬᠰᠠᠨ ᠡᠬᠢᠨ ᠤ | ᠬᠤᠭᠤᠴᠠᠭᠠᠨ ᠳᠤ᠂ ᠭᠡᠰᠢᠬᠦᠳ ᠦᠪᠡᠷ ᠤᠨ ᠬᠦᠴᠤ ᠪᠠᠷ ᠢᠶᠠᠨ ᠲᠡᠭᠵᠢᠷᠠᠵᠤ᠂ ᠦᠪᠡᠷᠳᠡᠭᠡᠨ ᠭᠠᠷ ᠬᠦᠳᠡᠯᠦᠨ | ᠪᠠᠶᠢᠷᠢ ᠶᠢᠨ ᠭᠡᠷ᠂ ᠪᠤᠯᠪᠠᠰᠤᠷᠠᠯ ᠤᠨ ᠭᠡᠷ ᠢᠶᠠᠨ ᠪᠠᠶᠢᠭᠤᠯᠵᠤ᠂ ᠦᠪᠡᠷᠳᠡᠭᠡᠨ ᠭᠠᠷ ᠬᠦᠳᠡᠯᠦᠨ ᠬᠤᠪᠴᠠᠰᠤ ᠬᠤᠨᠠᠷ | ᠪᠠᠭᠠᠵᠢ ᠭᠡᠷᠡᠭᠰᠡᠯ ᠢᠶᠠᠨ ᠬᠢᠵᠤ ᠦᠢᠯᠡᠳᠤᠨ᠂ ᠲᠠᠪᠬᠤᠷ ᠲᠠᠪᠬᠤᠷ ᠬᠦᠴᠢᠷ ᠪᠡᠷᠭᠡᠰᠢᠶᠠᠯ ᠢ ᠢᠯᠡᠨ ᠲᠠᠪᠠᠵᠤ᠂ ᠦᠷᠭᠡᠨ | ᠠᠭᠤᠳᠠᠮ ᠲᠠᠯ᠎ᠡ ᠨᠤᠳᠤᠭ ᠢᠶᠠᠷ ᠲᠤᠭᠯᠠᠯᠲᠠ ᠭᠠᠷᠭᠠᠵᠤ ᠶᠠᠪᠤᠪᠠ᠃ ᠦᠭᠡᠷᠡᠴᠢᠯᠡᠯᠲᠡ ᠨᠡᠬᠡᠭᠡᠯᠲᠡ ᠬᠢᠭᠰᠡᠨ ᠤ ᠳᠠᠷᠠᠭ᠎ᠠ᠂ | ᠤᠯᠠᠭᠠᠨᠮᠦ᠋ᠴᠢᠷ ᠤᠨ ᠬᠢᠨ ᠦᠷᠭᠦᠯᠵᠢᠯᠡᠨ ᠰᠢᠷᠭᠠᠭᠤ ᠬᠠᠲᠠᠭᠤᠵᠢᠯᠲᠠᠢ ᠲᠡᠮᠡᠴᠡᠬᠦ ᠤᠯᠠᠮᠵᠢᠯᠠᠯ ᠢᠶᠠᠨ ᠬᠠᠳᠠᠭᠠᠯᠠᠵᠤ᠂ | ᠠᠵᠤ ᠠᠬᠤᠢ ᠶᠢᠨ ᠶᠡᠭᠡ ᠤᠷᠤᠰᠬᠠᠯ ᠳᠤᠮᠳᠠᠬᠢ ᠡᠯ᠎ᠡ ᠵᠦᠢᠯ ᠤᠨ ᠠᠰᠢᠭ ᠲᠤᠰᠠ ᠶᠢᠨ ᠦᠳᠦᠭᠡᠯᠭᠡ ᠶᠢ ᠲᠡᠪᠴᠢᠨ᠂ | ᠢᠲᠡᠭᠡᠯ ᠪᠢᠰᠢᠷᠡᠯ ᠢᠶᠠᠨ ᠢᠮᠠᠭᠲᠠ ᠪᠠᠷᠢᠮᠲᠠᠯᠠᠵᠤ᠂ ᠦᠨᠳᠦᠰᠦᠨ ᠱᠠᠲᠤᠨ ᠳᠤ ᠬᠠᠨᠳᠤᠵᠤ᠂ ᠬᠦᠳᠡᠭᠡ ᠲᠤᠰᠬᠤᠨ | ᠮᠠᠯᠵᠢᠬᠤ ᠤᠷᠤᠨ ᠳᠤ ᠬᠠᠨᠳᠤᠵᠤ᠂ ᠠᠬᠠᠮᠠᠳ ᠭᠡᠰᠢᠭᠦᠳ ᠦᠪᠡᠷ ᠤᠨ ᠪᠡᠶ᠎ᠡ ᠪᠠᠷ ᠢᠶᠠᠨ ᠤᠯᠠᠮᠵᠢᠯᠠᠨ ᠵᠢᠭᠠᠵᠤ᠂ | ᠤᠯᠠᠭᠠᠨᠮᠦ᠋ᠴᠢᠷ ᠤᠨ ᠰᠢᠯᠢᠳᠡᠭ ᠤᠯᠠᠮᠵᠢᠯᠠᠯ᠂ ᠰᠠᠶᠢᠨ ᠰᠠᠶᠢᠬᠠᠨ ᠰᠤᠷᠲᠠᠯ ᠢ ᠤᠯᠠᠮᠵᠢᠯᠠᠵᠤ᠂ ᠤᠯᠠᠭᠠᠨᠮᠦ᠋ᠴᠢᠷ ᠤᠨ | ᠦᠢᠯᠡᠰ ᠢ ᠦᠶ᠎ᠡ ᠶᠢᠨ ᠦᠶ᠎ᠡ ᠳᠤ ᠵᠠᠯᠭᠠᠮᠵᠢᠯᠠᠨ᠂ ︽ᠬᠤᠪᠢᠰᠬᠠᠯᠲᠦ ᠤᠳᠬ᠎ᠠ ᠤᠷᠠᠯᠢᠭ ᠤᠨ ᠬᠦᠡᠭᠭᠡᠨ ᠮᠤᠷᠢᠲᠤ | ᠴᠡᠷᠢᠭ︾ ᠬᠡᠭᠦ ᠡᠨᠡ ᠬᠦ ᠲᠤᠭ ᠢ ᠨᠡᠩ ᠭᠡᠷᠡᠯ ᠰᠠᠴᠤᠷᠠᠩᠭᠤᠢ ᠪᠤᠯᠭᠠᠪᠠ᠃ | ᠭᠤᠷᠪᠠ | ᠶᠡᠷᠦᠩᠬᠡᠢ ᠱᠦᠵᠢ ᠰᠢ ᠶᠢᠨ ᠫᠢᠩ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠳᠤ᠄ ︽ | ᠤᠳᠤ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠪᠤᠯᠤᠨ ᠳᠤᠮᠳᠠᠳᠤ ᠤᠯᠤᠰ ᠤᠨ ᠠᠷᠠᠳ ᠲᠦᠮᠡᠨ | ᠰᠢᠨ᠎ᠡ ᠰᠤᠶᠤᠯ ᠤᠨ ᠡᠭᠦᠷᠭᠡ ᠶᠢ ᠡᠭᠦᠷᠭᠡᠯᠡᠬᠦ ᠶᠤᠰᠤᠲᠠᠢ ᠮᠦᠷᠲᠡᠭᠡᠨ ᠵᠠᠪᠠᠯ ᠡᠭᠦᠷᠭᠡᠯᠡᠬᠦ ᠬᠡᠷᠡᠭᠲᠡᠢ ᠪᠠᠶᠢᠵᠤ᠂ | ᠦᠢᠯᠡᠳᠦᠯᠭᠡ ᠶᠢᠨ ᠡᠭᠦᠳᠦᠨ ᠪᠦᠲᠦᠭᠡᠯᠲᠡ ᠳᠤᠮᠳᠠ ᠰᠤᠶᠤᠯ ᠤᠨ ᠡᠭᠦᠳᠦᠨ ᠪᠦᠲᠦᠭᠡᠯᠲᠡ ᠬᠢᠵᠦ᠂ ᠲᠡᠤᠬᠡ ᠶᠢᠨ | ᠳᠠᠪᠰᠢᠯᠲᠠ ᠳᠤᠮᠳᠠ ᠰᠤᠶᠤᠯ ᠤᠨ ᠳᠠᠪᠰᠢᠯᠲᠠ ᠶᠢ ᠪᠡᠶᠡᠯᠡᠭᠦᠯᠬᠦ ᠬᠡᠷᠡᠭᠲᠡᠢ︕︾ ᠭᠡᠵᠦ ᠵᠢᠭᠠᠵᠤ ᠭᠠᠷᠭᠠᠪᠠ᠃ | ᠰᠢᠨ᠎ᠡ ᠴᠠᠭ ᠦᠶ᠎ᠡ ᠳᠤ ᠤᠯᠠᠭᠠᠨᠮᠦ᠋ᠴᠢᠷ ᠰᠢᠨ᠎ᠡ ᠲᠡᠤᠬᠡᠲᠦ ᠡᠭᠦᠷᠭᠡ ᠶᠢ ᠡᠭᠦᠷᠭᠡᠯᠡᠬᠦ ᠨᠢ ᠵᠠᠶᠢᠯᠠᠰᠢ ᠦᠭᠡᠢ ᠶᠤᠮ᠃ | ᠨᠢᠭᠡᠳᠦᠭᠡᠷ ᠲᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠤᠬᠠᠭᠤᠯᠬᠤ ᠰᠢᠨ᠎ᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ | ᠤᠯᠠᠭᠠᠨᠮᠦ᠋ᠴᠢᠷ ᠦᠪᠡᠷ ᠤᠨ ᠦᠪᠡᠷᠮᠢᠴᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠤᠷᠠᠯᠢᠭ ᠤᠨ ᠵᠤᠬᠢᠶᠠᠨ | ᠪᠦᠲᠦᠭᠡᠬᠦ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠠᠶᠠᠯᠢᠭ ᠰᠠᠶᠢᠬᠠᠨ ᠤᠳᠬ᠎ᠠ ᠤᠷᠠᠯᠢᠭ ᠤᠨ | ᠬᠡᠯᠪᠡᠷᠢ ᠪᠠᠷ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠲᠠ ᠪᠤᠯᠤᠨ ᠳᠤᠮᠳᠠᠳᠤ ᠤᠯᠤᠰ ᠤᠨ ᠤᠨᠴᠠᠯᠢᠭ ᠲᠠᠢ | ᠨᠡᠶᠢᠭᠡᠮ ᠵᠢᠷᠤᠮ ᠤᠨ ᠦᠨᠳᠦᠰᠦᠨ ᠠᠷᠭ᠎ᠠ ᠪᠤᠳᠤᠯᠭ᠎ᠠ ᠶᠢ ᠦᠷᠭᠡᠨ ᠢᠶᠠᠷ ᠤᠬᠠᠭᠤᠯᠵᠤ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠤᠳᠬ᠎ᠠ | ᠤᠷᠠᠯᠢᠭ ᠤᠨ ᠬᠡᠯᠪᠡᠷᠢ ᠪᠠᠷ ᠲᠠᠯ᠎ᠠ ᠨᠤᠲᠤᠭ ᠲᠤ ᠳᠡᠯᠭᠡᠷᠡᠭᠦᠯᠵᠦ᠂ ᠦᠷᠭᠡᠨ ᠤᠯᠠᠨ ᠺᠠᠳ᠋ᠷ ᠤᠯᠠᠨ ᠲᠦᠮᠡᠨ ᠤ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠵᠤ᠂ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠢᠯᠠᠯᠲᠠ ᠶᠢ ᠲᠡᠮᠡᠴᠡᠨ | ᠤᠯᠬᠤ ᠪᠤᠲᠠᠲᠠᠢ ᠦᠢᠯᠡᠳᠦᠯᠭᠡ ᠪᠤᠯᠭᠠᠨ ᠬᠤᠪᠢᠷᠠᠭᠤᠯᠬᠤ ᠬᠡᠷᠡᠭᠲᠡᠢ᠃ | ᠬᠤᠶᠠᠳᠤᠭᠠᠷ ᠲᠤ᠂ ᠨᠡᠶᠢᠭᠡᠮ ᠵᠢᠷᠤᠮᠲᠤ ᠰᠤᠶᠤᠯ ᠤᠨ ᠴᠡᠴᠡᠭᠯᠡᠯ ᠪᠠᠳᠠᠷᠠᠯ ᠢ ᠠᠬᠢᠭᠤᠯᠬᠤ ᠰᠢᠨ᠎ᠡ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ᠄ ︽ᠰᠤᠶᠤᠯ ᠪᠤᠯ ᠨᠢᠭᠡ ᠤᠯᠤᠰ᠂ | ᠨᠢᠭᠡ ᠦᠨᠳᠦᠰᠦᠲᠡᠨ ᠤ ᠰᠦᠭ ᠰᠦᠨᠡᠰᠦ ᠮᠦᠨ᠃ ᠰᠤᠶᠤᠯ ᠮᠠᠨᠳᠤᠪᠠᠯ ᠤᠯᠤᠰ ᠮᠠᠨᠳᠤᠵᠤ᠂ ᠰᠤᠶᠤᠯ ᠬᠦᠴᠦᠷᠬᠡᠭ | ᠪᠤᠯ ᠦᠨᠳᠦᠰᠦᠲᠡᠨ ᠬᠦᠴᠦᠷᠭᠡᠭ ᠪᠤᠯᠤᠨ᠎ᠠ︾᠂ ︽ᠮᠠᠨ ᠤ ᠤᠯᠤᠰ ᠤᠨ ᠴᠦᠬᠡᠨ ᠲᠤᠭᠠᠲᠤ ᠦᠨᠳᠦᠰᠦᠲᠡᠨ | ᠳᠠᠭᠤᠯᠠᠵᠤ ᠪᠦᠵᠢᠭᠯᠡᠬᠦ ᠳᠡᠭᠡᠨ ᠠᠪᠢᠶᠠᠰ ᠲᠠᠢ ᠪᠠᠶᠢᠵᠤ᠂ ᠤᠷᠲᠤ ᠬᠤᠭᠤᠴᠠᠭᠠᠨ ᠤ ᠲᠤᠷᠰᠢᠳᠡ ᠡᠯᠪᠡᠭ ᠪᠠᠶᠠᠯᠢᠭ | ᠢᠷᠠᠭᠤ ᠰᠠᠶᠢᠬᠠᠨ ᠤᠳᠬ᠎ᠠ ᠤᠷᠠᠯᠢᠭ ᠤᠨ ᠦᠷ᠎ᠡ ᠪᠦᠲᠦᠭᠡᠯ ᠲᠠᠢ ᠪᠤᠯᠵᠠᠢ᠂ ᠡᠨᠡ ᠪᠤᠯ ᠮᠠᠨ ᠤ ᠤᠯᠤᠰ ᠤᠨ | ᠤᠳᠬ᠎ᠠ ᠤᠷᠠᠯᠢᠭ ᠤᠨ ᠦᠨᠡᠲᠦ ᠡᠷᠳᠡᠨᠢ ᠮᠦᠨ᠂ ᠰᠠᠶᠢᠲᠤᠷ ᠬᠠᠮᠠᠭᠠᠯᠠᠨ᠂ ᠰᠠᠶᠢᠲᠤᠷ ᠬᠦᠭᠵᠢᠭᠦᠯᠵᠤ᠂ ᠲᠡᠳᠡᠨ ᠢ | ᠡᠬᠡ ᠤᠯᠤᠰ ᠤᠨ ᠤᠳᠬ᠎ᠠ ᠤᠷᠠᠯᠢᠭ ᠤᠨ ᠦᠨᠢᠷ ᠴᠡᠴᠡᠭ ᠤᠨ ᠬᠦᠷᠢᠶᠡᠯᠡᠩ ᠳᠤᠮᠳᠠ ᠨᠡᠩ ᠦᠡᠭᠭᠡ ᠢᠯᠭᠠᠷᠠᠮ᠎ᠠ | ᠭᠡᠷᠡᠯ ᠭᠢᠯᠪᠠᠭ᠎ᠠ ᠰᠠᠴᠤᠷᠠᠭᠤᠯᠬᠤ ᠬᠡᠷᠡᠭᠲᠡᠢ︾ ᠭᠡᠵᠦ ᠵᠢᠭᠠᠵᠤ ᠭᠠᠷᠭᠠᠪᠠ᠃ ᠤᠯᠠᠭᠠᠨᠮᠦ᠋ᠴᠢᠷ ᠪᠤᠯᠤᠨ ᠦᠷᠭᠡᠨ ᠤᠯᠠᠨ | ᠤᠳᠬ᠎ᠠ ᠤᠷᠠᠯᠢᠭ ᠤᠨ ᠠᠵᠢᠯᠲᠠᠳ ᠤᠭ ᠤᠨ ᠬᠢ ᠪᠠᠨ ᠦᠯᠦ ᠮᠠᠷᠲᠠᠨ ᠬᠠᠷᠢ ᠶᠢᠨ ᠬᠢ ᠶᠢ ᠰᠢᠩᠭᠡᠭᠡᠨ ᠠᠪᠴᠤ | ᠢᠷᠡᠭᠡᠳᠦᠢ ᠳᠤ ᠬᠠᠨᠳᠤᠨ᠂ ᠪᠦᠲᠦᠭᠡᠯᠴᠢ ᠪᠠᠷ ᠬᠤᠪᠢᠷᠠᠭᠤᠯᠵᠤ᠂ ᠪᠦᠲᠦᠭᠡᠯᠴᠢ ᠪᠠᠷ ᠬᠦᠭᠵᠢᠭᠦᠯᠬᠦ ᠶᠢ ᠪᠠᠷᠢᠮᠲᠠᠯᠠᠵᠤ᠂ | ᠲᠠᠯ᠎ᠠ ᠨᠤᠲᠤᠭ ᠤᠨ ᠰᠤᠶᠤᠯ ᠳᠤ ᠰᠢᠨ᠎ᠡ ᠦᠷᠳᠡᠭ ᠤᠨ ᠠᠭᠤᠯᠤᠭᠳᠠᠬᠤᠨ ᠨᠡᠮᠡᠷᠢᠯᠡᠵᠦ᠂ ᠳᠡᠳᠡᠭᠡᠷ ᠮᠦᠽᠸᠢ ᠳᠤ | ᠬᠠᠳᠠᠭᠠᠯᠠᠭᠳᠠᠵᠤ ᠪᠠᠶᠢᠭ᠎ᠠ᠂ ᠠᠷᠠᠳ ᠤᠨ ᠳᠤᠮᠳᠠ ᠮᠤᠩᠭᠤᠯ ᠭᠡᠷ ᠲᠤ ᠲᠠᠷᠬᠠᠵᠤ ᠪᠠᠶᠢᠭ᠎ᠠ᠂ ᠲᠠᠯ᠎ᠠ ᠨᠤᠲᠤᠭ ᠤᠢ | ᠰᠢᠭᠤᠢ ᠡᠯᠡᠰᠦ ᠮᠠᠩᠬ᠎ᠠ ᠭᠤᠪᠢ ᠨᠤᠳᠤᠭ ᠲᠤ ᠨᠤᠶᠢᠷᠰᠤᠵᠤ ᠪᠠᠶᠢᠭ᠎ᠠ ᠰᠢᠯᠢᠳᠡᠭ ᠤᠯᠠᠮᠵᠢᠯᠠᠯᠲᠤ ᠰᠤᠶᠤᠯ ᠢ | ᠲᠠᠶᠢᠰᠠᠨ ᠳᠤ ᠭᠠᠷᠭᠠᠵᠤ ᠰᠢᠨ᠎ᠡ ᠠᠮᠢᠵᠢᠷᠠᠯ ᠤᠨ ᠬᠦᠴᠦᠨ ᠢ ᠨᠢ ᠪᠠᠳᠠᠷᠠᠭᠤᠯᠬᠤ ᠬᠡᠷᠡᠭᠲᠡᠢ᠃ ᠦᠪᠦᠷ | ᠮᠤᠩᠭᠤᠯ ᠳᠤ ᠢᠷᠠᠭᠤ ᠠᠯᠳᠠᠷᠲᠤ ᠬᠤᠪᠢᠰᠬᠠᠯ ᠤᠨ ᠤᠯᠠᠮᠵᠢᠯᠠᠯ ᠲᠠᠢ ᠪᠠᠶᠢᠵᠤ᠂ ᠨᠠᠮ ᠤᠨ ᠤᠳᠤᠷᠢᠳᠤᠯᠭ᠎ᠠ ᠳᠤᠤᠷ᠎ᠠ᠂ | ᠦᠨᠳᠦᠰᠦᠲᠡᠨ ᠨᠦᠭᠦᠳ ᠤᠨ ᠠᠷᠠᠳ ᠲᠦᠮᠡᠨ ᠡᠵᠡᠷᠬᠡᠭ ᠲᠦᠷᠢᠮᠡᠬᠡᠶᠢᠲᠡᠨ ᠢ ᠡᠰᠡᠷᠭᠦᠴᠡᠬᠦ ᠹᠸᠦᠳᠠᠯ ᠢ ᠡᠰᠡᠷᠭᠦᠴᠡᠬᠦ | ᠬᠤᠪᠢᠰᠬᠠᠯᠲᠤ ᠲᠡᠮᠡᠴᠡᠯ ᠳᠤᠮᠳᠠ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠢ ᠪᠠᠶᠢᠭᠤᠯᠬᠤ ᠠᠭᠤᠤ | ᠶᠡᠭᠡ ᠦᠢᠯᠡᠳᠦᠯᠭᠡ ᠳᠤᠮᠲᠠ ᠢᠷᠠᠭᠤ ᠭᠠᠶᠢᠬᠠᠮᠰᠢᠬᠲᠤ ᠲᠤᠤᠯᠢᠰ ᠢ ᠪᠢᠴᠢᠭᠯᠡᠵᠦ᠂ ᠦᠷᠭᠡᠨ ᠭᠦᠨᠵᠡᠭᠡᠢ ᠨᠦᠯᠦᠭᠡ | ᠪᠦᠬᠦᠢ᠂ ᠮᠠᠬᠲᠠᠨ ᠳᠠᠭᠤᠯᠠᠭᠤᠰᠢᠲᠠᠢ ᠬᠤᠪᠢᠰᠬᠠᠯ ᠤᠨ ᠰᠤᠶᠤᠯ ᠢ ᠪᠦᠷᠢᠯᠳᠦᠭᠦᠯᠪᠡ᠃ ᠪᠢᠳᠡ ᠭᠦᠨᠵᠡᠭᠡᠢ | ᠠᠭᠤᠳᠠᠯᠵᠤ᠂ ᠨᠡᠩ ᠤᠯᠠᠨ ᠨᠠᠮ ᠢᠶᠠᠨ ᠮᠠᠬᠲᠠᠨ ᠳᠠᠭᠤᠯᠠᠬᠰᠠᠨ᠂ ᠡᠬᠡ ᠤᠯᠤᠰ ᠢᠶᠠᠨ ᠮᠠᠬᠲᠠᠨ ᠳᠠᠭᠤᠯᠠᠬᠰᠠᠨ᠂ | ᠠᠷᠠᠳ ᠲᠦᠮᠡᠨ ᠢᠶᠠᠨ ᠮᠠᠬᠲᠠᠨ ᠳᠠᠭᠤᠯᠠᠬᠰᠠᠨ᠂ ᠪᠠᠭᠠᠲᠤᠷᠴᠤᠳ ᠢ ᠮᠠᠬᠲᠠᠨ ᠳᠠᠭᠤᠯᠠᠬᠰᠠᠨ ᠰᠢᠯᠢᠳᠡᠭ ᠪᠦᠲᠦᠭᠡᠯ ᠢ | ᠴᠢᠷᠮᠠᠶᠢᠨ ᠡᠭᠦᠳᠦᠨ ᠪᠦᠲᠦᠭᠡᠵᠦ᠂ ᠬᠤᠪᠢᠰᠬᠠᠯ ᠤᠨ ᠰᠤᠶᠤᠯ ᠢ ᠰᠠᠶᠢᠲᠤᠷ ᠤᠯᠠᠮᠵᠢᠯᠠᠨ᠂ ᠰᠠᠶᠢᠲᠤᠷ ᠪᠠᠳᠠᠷᠠᠭᠤᠯᠵᠤ᠂ | ᠬᠤᠪᠢᠰᠬᠠᠯᠲᠤ ᠤᠳᠤᠮᠰᠢᠯ ᠢ ᠦᠶ᠎ᠠ ᠳᠠᠮᠵᠢᠨ ᠤᠯᠠᠮᠵᠢᠯᠠᠬᠤ ᠬᠡᠷᠡᠭᠲᠡᠢ᠃ ᠨᠡᠶᠢᠭᠡᠮ ᠵᠢᠷᠦᠮ ᠤᠨ ᠭᠤᠤᠯᠯᠠᠬᠴᠢ | ᠦᠷᠲᠡᠭ ᠤᠨ ᠦᠵᠡᠯᠳᠠ ᠶᠢᠨ ᠤᠯᠤᠰ ᠠᠷᠠᠳ ᠤᠨ ᠰᠤᠷᠭᠠᠨ ᠬᠦᠮᠦᠵᠢᠯ᠂ ᠤᠶᠤᠨ ᠤ ᠪᠤᠯᠪᠠᠰᠤᠨ ᠤ ᠴᠤᠬᠴᠠᠯᠠᠯᠲᠠ᠂ | ᠤᠶᠤᠨ ᠤ ᠰᠤᠶᠤᠯ ᠤᠨ ᠪᠦᠲᠦᠭᠡᠭᠳᠡᠭᠦᠨ ᠤ ᠡᠭᠦᠳᠦᠯᠲᠡ ᠦᠢᠯᠡᠳᠪᠦᠷᠢᠯᠡᠯ ᠳᠠᠮᠵᠢᠭᠤᠯᠭ᠎ᠠ ᠳᠠᠬᠢ ᠳᠠᠭᠠᠭᠤᠯᠬᠤ | ᠦᠢᠯᠡᠳᠦᠯ ᠢ ᠪᠠᠳᠠᠷᠠᠭᠤᠯᠵᠤ᠂ ᠨᠡᠶᠢᠭᠡᠮ ᠵᠢᠷᠦᠮ ᠤᠨ ᠭᠤᠤᠯᠯᠠᠬᠴᠢ ᠦᠷᠲᠡᠭ ᠤᠨ ᠦᠵᠡᠯᠲᠡ ᠶᠢ ᠨᠡᠶᠢᠭᠡᠮ ᠠᠮᠢᠳᠤᠷᠠᠯ | ᠤᠨ ᠡᠯ᠎ᠠ ᠲᠠᠯ᠎ᠠ ᠳᠤ ᠠᠭᠤᠰᠤᠯᠴᠠᠭᠤᠯᠵᠤ᠂ ᠬᠦᠮᠦᠰ ᠤᠨ ᠬᠠᠶᠢᠷ᠎ᠠ ᠰᠡᠳᠭᠢᠯᠭᠡ ᠶᠢᠨ ᠡᠭᠡᠨᠡᠭᠰᠢᠯ ᠪᠤᠯᠤᠨ ᠠᠵᠢᠯᠯᠠᠭᠠᠨ | ᠤ ᠳᠠᠳᠬᠠᠯ ᠪᠤᠯᠭᠠᠨ ᠬᠤᠪᠢᠷᠠᠭᠤᠯᠬᠤ ᠬᠡᠷᠡᠭᠲᠡᠢ᠃ | ᠭᠤᠷᠪᠠᠳᠤᠭᠠᠷ ᠲᠤ᠂ ᠠᠷᠠᠳ ᠤᠯᠠᠨ ᠤ ᠡᠳᠦᠷ ᠢᠷᠡᠭᠦᠶ᠎ᠠ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ | ᠤᠨ ᠬᠡᠷᠡᠭᠴᠡᠭᠡ ᠶᠢ ᠬᠠᠨᠭ᠍ᠭᠠᠬᠤ ᠰᠢᠨ᠎ᠠ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠶᠡᠷᠦᠩᠬᠡᠢ ᠱᠦᠵᠢ | ᠰᠢ ᠶᠢᠨ ᠫᠢᠩ᠂ ︽ᠠᠷᠠᠳ ᠲᠦᠮᠡᠨ ᠤᠷᠠᠯᠢᠭ ᠢ ᠱᠠᠭᠠᠷᠳᠠᠨ᠎ᠠ᠂ ᠤᠷᠠᠯᠢᠭ ᠪᠠᠰᠠ ᠠᠷᠠᠳ ᠲᠦᠮᠡᠨ ᠢ ᠱᠠᠭᠠᠷᠳᠠᠨ᠎ᠠ︾᠂ | ︽ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠢ ᠡᠳ᠋ᠯᠡᠬᠦ ᠰᠢᠨ᠎ᠠ ᠬᠦᠰᠡᠯ ᠡᠷᠡᠮᠡᠯᠵᠡᠯ ᠢ ᠬᠠᠨᠭ᠍ᠭᠠᠬᠤ ᠳᠤ | ᠡᠷᠬᠡᠪᠰᠢ ᠡᠯᠪᠡᠭ ᠪᠠᠶᠠᠯᠢᠭ ᠤᠶᠤᠨ ᠤ ᠬᠦᠨᠡᠰᠦ ᠬᠠᠨᠭ᠍ᠭᠠᠬᠤ ᠬᠡᠷᠡᠭᠲᠡᠢ︾᠃ ᠤᠯᠠᠭᠠᠨᠮᠦ᠋ᠴᠢᠷ ᠪᠤᠯᠤᠨ ᠦᠷᠭᠡᠨ ᠤᠯᠠᠨ | ᠤᠳᠬ᠎ᠠ ᠤᠷᠠᠯᠢᠭ ᠤᠨ ᠠᠵᠢᠯᠲᠠᠨ ᠢᠮᠠᠬᠲᠠ ᠠᠷᠠᠳ ᠲᠦᠮᠡᠨ ᠢᠶᠠᠷ ᠭᠤᠤᠯ ᠪᠤᠯᠭᠠᠬᠤ ᠡᠭᠦᠳᠦᠨ ᠪᠦᠲᠦᠭᠡᠯᠲᠡ ᠶᠢᠨ | ᠤᠳᠤᠷᠢᠳᠤᠮᠵᠢ ᠶᠢ ᠪᠠᠷᠢᠮᠲᠠᠯᠠᠵᠤ᠂ ᠠᠷᠠᠳ ᠲᠦᠮᠡᠨ ᠤ ᠤᠶᠤᠨ ᠰᠠᠨᠠᠭ᠎ᠠ ᠰᠤᠶᠤᠯ ᠤᠨ ᠬᠡᠷᠡᠭᠴᠡᠭᠡ ᠶᠢ ᠬᠠᠨᠭ᠍ᠭᠠᠬᠤ ᠪᠠᠷ | ᠵᠤᠷᠢᠯᠲᠠ ᠪᠠ ᠲᠤᠰᠤᠯᠲᠠ ᠪᠠᠨ ᠪᠤᠯᠭᠠᠵᠤ᠂ ᠠᠷᠠᠳ ᠲᠦᠮᠡᠨ ᠢ ᠤᠷᠠᠯᠢᠭ ᠤᠨ ᠢᠯᠡᠷᠡᠭᠦᠯᠦᠯᠲᠡ ᠶᠢᠨ ᠭᠤᠤᠯ | ᠴᠤᠬᠴᠠ ᠪᠠᠨ ᠪᠤᠯᠭᠠᠨ᠂ ᠠᠷᠠᠳ ᠲᠦᠮᠡᠨ ᠢ ᠤᠷᠠᠯᠢᠭ ᠤᠨ ᠭᠤᠸ᠎ᠠ ᠰᠠᠶᠢᠬᠠᠨ ᠤ ᠰᠢᠡᠵᠢᠭᠴᠢ ᠪᠠ | ᠰᠢᠭᠦᠮᠵᠢᠯᠡᠭᠴᠢ ᠪᠠᠨ ᠪᠤᠯᠭᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠬᠤ᠂ ᠪᠦᠯᠬᠦᠮᠳᠡᠨ ᠲᠡᠮᠡᠴᠡᠬᠦ ᠠᠤᠭ᠎ᠠ ᠶᠡᠭᠡ ᠦᠢᠯᠡᠳᠦᠯᠭᠡ ᠶᠢ ᠤᠷᠠᠯᠢᠭ ᠤᠨ ᠡᠭᠦᠳᠦᠨ ᠪᠦᠲᠦᠭᠡᠯᠲᠡ | ᠶᠢᠨ ᠢᠶᠠᠨ ᠰᠢᠷᠭᠢᠰᠢ ᠦᠭᠡᠢ ᠡᠬᠢ ᠪᠤᠯᠠᠭ ᠢᠶᠠᠨ ᠪᠤᠯᠭᠠᠵᠤ᠂ ᠰᠤᠳᠤᠨ ᠪᠦᠲᠦᠭᠡᠯ ᠤᠨ ᠤᠬᠠᠮᠰᠠᠷ ᠢ ᠪᠤᠢ ᠪᠤᠯᠭᠠᠨ᠂ | ᠠᠷᠠᠳ ᠲᠦᠮᠡᠨ ᠤ ᠳᠤᠮᠳᠠ ᠦᠨᠳᠦᠰᠦᠯᠡᠵᠤ᠂ ᠠᠮᠢᠳᠤᠷᠠᠯ ᠳᠤ ᠭᠦᠨᠵᠡᠭᠡᠶᠢᠷᠡᠵᠦ᠂ ᠨᠡᠩ ᠤᠯᠠᠨ ᠠᠷᠠᠳ ᠤᠨ | ᠠᠮᠢᠳᠤᠷᠠᠯ ᠳᠤ ᠤᠶᠢᠷᠠᠲᠤᠬᠰᠠᠨ᠂ ᠳᠡᠯᠭᠡᠷᠡᠵᠦ ᠳᠡᠶᠢᠯᠬᠦ᠂ ᠦᠯᠡᠳᠡᠭᠡᠵᠦ ᠳᠡᠶᠢᠯᠬᠦ ᠰᠢᠯᠢᠳᠡᠭ ᠪᠦᠲᠦᠭᠡᠯ ᠢ ᠵᠤᠬᠢᠶᠠᠨ | ᠪᠦᠲᠦᠭᠡᠵᠦ᠂ ᠦᠪᠦᠷ ᠮᠤᠩᠭᠤᠯ ᠤᠨ ᠤᠳᠬ᠎ᠠ ᠤᠷᠠᠯᠢᠭ ᠤᠨ ᠵᠤᠬᠢᠶᠠᠨ ᠪᠦᠲᠦᠭᠡᠯᠭᠡ ᠶᠢᠨ ︽ᠦᠨᠳᠦᠷᠯᠢᠭ︾ ᠠᠴᠠ | ︽ᠤᠷᠭᠢᠯ︾ ᠲᠡᠶᠢᠰᠢ ᠳᠠᠪᠰᠢᠬᠤ ᠶᠢ ᠪᠡᠶᠡᠯᠡᠭᠦᠯᠬᠦ ᠬᠡᠷᠡᠭᠲᠡᠢ᠃ | ᠳᠦᠷᠪᠠ | ᠠᠷᠠᠳ ᠲᠦᠮᠡᠨ ᠳᠤ ᠦᠢᠯᠡᠴᠢᠯᠡᠬᠦ᠂ ᠨᠡᠶᠢᠭᠡᠮ ᠵᠢᠷᠦᠮ ᠳᠤ ᠦᠢᠯᠡᠴᠢᠯᠡᠬᠦ ᠦᠢᠯᠡᠳᠦᠯᠭᠡ ᠳᠤᠮᠳᠠ | ᠪᠦᠷᠢᠯᠳᠦᠭᠰᠡᠨ ᠤᠯᠠᠭᠠᠨᠮᠦ᠋ᠴᠢᠷ ᠤᠨ ᠵᠤᠷᠢᠭ ᠰᠠᠨᠠᠭ᠎ᠠ ᠨᠢᠭᠡᠨᠲᠡ ᠦᠪᠦᠷ ᠮᠤᠩᠭᠤᠯ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠤ ᠨᠠᠨᠳᠢᠨ ᠦᠪ ᠬᠦᠷᠦᠩᠬᠡ ᠪᠤᠯᠪᠠ᠃ ᠲᠡᠷᠡ ᠨᠢ ᠦᠡᠭᠭᠡᠷᠡᠭᠰᠡᠨ ᠳᠤ ᠪᠢᠳᠡᠨ ᠤ ᠪᠦᠬᠦ ᠤᠯᠤᠰ ᠤᠨ | ᠠᠷᠠᠳ ᠲᠦᠮᠡᠨ ᠯᠦᠭᠡ ᠬᠠᠮᠲᠤ ᠪᠠᠷ ᠪᠤᠰᠴᠤ ᠵᠤᠬᠰᠤᠬᠤ ᠠᠴᠠ ᠪᠠᠶᠠᠵᠢᠨ ᠴᠢᠨᠡᠭᠡᠯᠢᠭᠵᠢᠬᠦ ᠶᠢ ᠤᠷᠮᠠᠰᠢᠭᠤᠯᠤᠨ | ᠵᠤᠷᠢᠬᠵᠢᠭᠤᠯᠵᠤ᠂ ᠦᠨᠦᠳᠦᠷ ᠶᠠᠭ ᠪᠢᠳᠡᠨ ᠤ ᠪᠠᠶᠠᠵᠢᠨ ᠴᠢᠨᠡᠭᠡᠯᠢᠭᠵᠢᠬᠦ ᠠᠴᠠ ᠬᠦᠴᠦᠷᠬᠡᠭᠵᠢᠵᠤ᠂ ᠰᠢᠨ᠎ᠠ ᠴᠠᠭ | ᠦᠶ᠎ᠠ ᠶᠢᠨ ︽ᠵᠢᠱᠢᠶᠡᠴᠢ ᠦᠪᠡᠷᠲᠡᠭᠡᠨ ᠵᠠᠰᠠᠬᠤ ᠤᠷᠤᠨ︾ ᠢ ᠪᠦᠲᠦᠭᠡᠨ ᠪᠠᠶᠢᠭᠤᠯᠬᠤ ᠶᠢ ᠤᠷᠮᠠᠰᠢᠭᠤᠯᠤᠨ | ᠵᠤᠷᠢᠬᠵᠢᠭᠤᠯᠵᠤ ᠪᠠᠶᠢᠨ᠎ᠠ᠃ | ᠤᠯᠠᠭᠠᠨᠮᠦ᠋ᠴᠢᠷ ᠪᠢᠳᠡᠨ ᠳᠤ ᠰᠡᠩᠬᠡᠷᠡᠬᠦᠯᠦᠭᠰᠡᠨ ᠨᠢ᠂ ᠭᠠᠭᠴᠠ ᠬᠦ ᠢᠮᠠᠬᠲᠠ ᠨᠠᠮ ᠤᠨ ᠤᠳᠤᠷᠢᠳᠤᠯᠭ᠎ᠠ ᠶᠢ | ᠪᠠᠷᠢᠮᠲᠠᠯᠠᠵᠤ᠂ ᠡᠭᠦᠷᠢᠲᠡ ᠨᠠᠮ ᠤᠨ ᠦᠭᠡ ᠶᠢ ᠰᠤᠨᠤᠰᠴᠤ᠂ ᠨᠠᠮ ᠢᠶᠠᠨ ᠳᠠᠭᠠᠵᠤ ᠶᠠᠪᠤᠪᠠᠯ᠂ ᠮᠠᠨ ᠤ ᠦᠢᠯᠡᠰ ᠰᠠᠶ᠋ᠢ | ᠴᠤᠴᠠᠯᠲᠠ ᠦᠭᠡᠢ ᠤᠷᠤᠬᠰᠢᠯᠠᠵᠤ᠂ ᠦᠷᠨᠢᠭᠦᠨ ᠭᠦᠭᠵᠢᠵᠦ ᠳᠡᠶᠢᠯᠦᠨ᠎ᠠ᠃ ᠳᠤᠮᠳᠠᠳᠤ ᠤᠯᠤᠰ ᠤᠨ ᠤᠨᠴᠠᠯᠢᠭ ᠲᠠᠢ | ᠨᠡᠶᠢᠭᠡᠮ ᠵᠢᠷᠤᠮ ᠪᠤᠯ ᠨᠢᠭᠡᠨ ᠠᠭᠤᠤ ᠶᠡᠭᠡ ᠦᠢᠯᠡᠰ ᠮᠥᠨ᠂ ᠪᠢᠳᠡ ᠡᠷᠬᠡᠪᠰᠢ ︽ᠳᠦᠷᠪᠡᠨ ᠤᠬᠠᠮᠰᠠᠷ︾ ᠢ ᠪᠠᠲᠤ | ᠪᠤᠢ ᠪᠤᠯᠭᠠᠨ ︽ᠳᠦᠷᠪᠡᠨ ᠢᠲᠡᠭᠡᠯ︾ ᠢᠶᠠᠨ ᠪᠠᠲᠤᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠭᠤᠤᠯᠯᠠᠬᠤ | ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠦᠪ ᠬᠤᠷᠢᠶᠠᠨ ᠤ ᠡᠷᠬᠡ ᠰᠦᠷ ᠪᠠ ᠲᠦᠪᠯᠡᠷᠡᠩᠭᠦᠢ | ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠵᠠᠷᠯᠢᠬ ᠴᠠᠭᠠᠵᠠ ᠶᠢ ᠡᠷᠡᠰ ᠳᠠᠭᠠᠬᠤ ᠶᠢ ᠪᠠᠲᠤᠯᠠᠬᠤ ᠬᠡᠷᠡᠭᠲᠡᠢ | ᠃ ᠭᠠᠭᠴᠠ ᠬᠦ ᠢᠩᠬᠢᠪᠡᠯ ᠰᠠᠶ᠋ᠢ ᠮᠠᠨ ᠤ ᠨᠢᠭᠡᠨᠲᠡ ᠡᠭᠦᠳᠦᠭᠰᠡᠨ ᠠᠵᠢᠯ ᠦᠢᠯᠡᠰ ᠢᠶᠠᠨ ᠲᠠᠰᠤᠷᠠᠯᠲᠠ ᠦᠭᠡᠢ | ᠤᠷᠤᠬᠰᠢ ᠠᠬᠢᠭᠤᠯᠵᠤ ᠴᠢᠳᠠᠨ᠎ᠠ᠃ | ᠤᠯᠠᠭᠠᠨᠮᠦ᠋ᠴᠢᠷ ᠪᠢᠳᠠᠨ ᠳᠤ ᠰᠡᠩᠬᠡᠷᠡᠭᠦᠯᠦᠭᠰᠡᠨ ᠨᠢ᠂ ᠭᠠᠭᠴᠠ ᠬᠦ ᠵᠢᠩᠬᠢᠨᠢ ᠠᠷᠠᠳ ᠲᠦᠮᠡᠨ ᠢᠶᠠᠷ ᠭᠤᠤᠯ | ᠪᠤᠯᠭᠠᠬᠤ ᠶᠢ ᠪᠡᠶᠡᠯᠡᠭᠦᠯᠵᠦ᠂ ︽ᠬᠡᠨ ᠤ ᠲᠦᠯᠦᠭᠡ ᠪᠤᠢ᠂ ᠬᠡᠨ ᠢ ᠲᠦᠰᠢᠭᠯᠡᠬᠦ ᠪᠤᠢ᠂ ᠪᠢ ᠬᠡᠨ ᠪᠤᠢ︾ ᠭᠡᠬᠦ | ᠠᠰᠠᠭᠤᠳᠠᠯ ᠢ ᠰᠠᠶᠢᠳᠤᠷ ᠰᠢᠢᠳᠪᠦᠷᠢᠯᠡᠪᠡᠯ ᠮᠠᠨ ᠤ ᠠᠵᠢᠯ ᠰᠠᠶ᠋ᠢ ᠵᠦᠪ ᠴᠢᠭᠯᠡᠯ ᠢᠶᠠᠨ ᠡᠵᠡᠮᠳᠡᠵᠦ ᠴᠢᠳᠠᠨ᠎ᠠ᠃ | ᠠᠷᠠᠳ ᠲᠦᠮᠡᠨ ᠢᠶᠠᠷ ᠭᠤᠤᠯ ᠪᠤᠯᠭᠠᠬᠤ ᠪᠤᠯ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ | ᠤᠨᠴᠠᠯᠢᠬ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠤᠯ ᠪᠤᠯᠬᠤ ᠴᠢᠬᠤᠯᠠ ᠠᠭᠤᠯᠭ᠎ᠠ ᠶᠢᠨ ᠨᠢᠭᠡ ᠮᠦᠨ᠂ | ᠪᠠᠰᠠ ᠮᠠᠨ ᠤ ᠠᠯᠢᠪᠠ ᠠᠵᠢᠯ ᠤᠨ ᠵᠤᠷᠢᠯᠲᠠ ᠪᠠ ᠲᠤᠰᠤᠯᠲᠠ ᠪᠤᠯᠤᠨ᠎ᠠ᠃ ᠪᠢᠳᠠ ᠭᠠᠭᠴᠠ ᠬᠦ ᠠᠷᠠᠳ ᠲᠦᠮᠡᠨ ᠲᠠᠢ | ᠠᠮᠢᠰᠬᠤᠭ᠎ᠠ ᠪᠠᠨ ᠨᠢᠭᠡᠳᠬᠡᠨ᠂ ᠬᠤᠪᠢ ᠵᠠᠶᠠᠭ᠎ᠠ ᠪᠠᠨ ᠬᠠᠮᠲᠤᠳᠬᠠᠵᠤ᠂ ᠰᠡᠳᠬᠢᠯ ᠵᠢᠷᠤᠭᠡ ᠪᠠᠨ ᠬᠤᠯᠪᠤᠨ᠂ ᠠᠷᠠᠳ | ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠬᠦᠭᠡᠭᠡᠴᠡᠯᠳᠦᠯ ᠢᠶᠠᠷ ᠲᠡᠮᠡᠴᠡᠬᠦ ᠬᠠᠷᠠᠯᠳᠠ ᠪᠠᠨ | ᠪᠤᠯᠭᠠᠵᠤ᠂ ᠢᠮᠠᠬᠲᠠ ᠤᠯᠠᠨ ᠲᠦᠮᠡᠨ ᠳᠤ ᠬᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠷ ᠠᠵᠢᠯᠯᠠᠵᠤ᠂ | ᠦᠨᠳᠦᠰᠦᠲᠡᠨ ᠨᠦᠬᠦᠳ ᠤᠨ ᠠᠷᠠᠳ ᠲᠦᠮᠡᠨ ᠳᠤ ᠨᠡᠩ ᠤᠯᠠᠨ ᠬᠦᠷᠲᠡᠮᠵᠢ ᠶᠢᠨ ᠲᠦᠷᠦᠭᠳᠡᠯ᠂ ᠵᠢᠷᠭᠠᠯᠳᠤ | ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠤᠯᠭᠤᠪᠠᠯ ᠰᠠᠶ᠋ᠢ ᠠᠷᠠᠳ ᠲᠦᠮᠡᠨ ᠤ ᠢᠲᠡᠭᠡᠯ ᠪᠠ ᠬᠦᠷᠢᠶᠡᠯᠡᠯ ᠢ | ᠤᠯᠵᠤ ᠴᠢᠳᠠᠨ᠎ᠠ᠃ | ᠤᠯᠠᠭᠠᠨᠮᠦ᠋ᠴᠢᠷ ᠪᠢᠳᠠᠨ ᠳᠤ ᠰᠡᠩᠬᠡᠷᠡᠭᠦᠯᠦᠭᠰᠡᠨ ᠨᠢ᠂ ᠭᠠᠭᠴᠠ ᠬᠦ ᠦᠨᠡᠨ ᠠᠴᠠ ᠵᠦᠪ ᠢ ᠡᠷᠢᠬᠦ ᠦᠵᠡᠯ | ᠰᠠᠨᠠᠭᠠᠨ ᠤ ᠱᠤᠭᠤᠮ ᠢ ᠪᠠᠷᠢᠮᠲᠠᠯᠠᠵᠤ᠂ ᠠᠯᠢᠪᠠ ᠠᠵᠢᠯ ᠳᠤ ᠪᠤᠲᠠᠲᠠᠢ ᠠᠴᠠ ᠡᠭᠦᠰᠬᠦ ᠶᠢ ᠪᠠᠷᠢᠮᠲᠠᠯᠠᠪᠠᠯ ᠮᠠᠨ ᠤ ᠡᠯ᠎ᠡ | ᠲᠦᠷᠦᠯ ᠤᠨ ᠠᠵᠢᠯ ᠰᠠᠶ᠋ᠢ ᠲᠡᠤᠬᠡ ᠪᠠ ᠠᠷᠠᠳ ᠲᠦᠮᠡᠨ ᠤ ᠰᠢᠯᠭᠠᠯᠲᠠ ᠶᠢ ᠳᠠᠭᠠᠭᠠᠵᠤ ᠳᠡᠶᠢᠯᠤᠨ᠎ᠠ᠃ ᠦᠪᠦᠷ | ᠮᠤᠩᠭᠤᠯ ᠤᠨ ᠨᠤᠲᠤᠬ ᠳᠡᠪᠢᠰᠬᠡᠷ ᠦᠷᠭᠡᠨ ᠠᠭᠤᠳᠠᠮ ᠶᠤᠮ᠂ ᠬᠤᠲᠠ ᠪᠠᠶᠢᠨ᠎ᠠ᠂ ᠬᠦᠳᠡᠭᠡ ᠲᠤᠰᠬᠤᠨ ᠪᠠᠶᠢᠨ᠎ᠠ᠂ | ᠮᠠᠯᠵᠢᠬᠤ ᠤᠷᠤᠨ ᠪᠠᠶᠢᠨ᠎ᠠ᠂ ᠰᠢᠭᠤᠶᠢᠲᠤ ᠤᠷᠤᠨ ᠪᠠᠶᠢᠨ᠎ᠠ᠂ ᠠᠳᠠᠷ ᠬᠠᠭᠠᠯᠪᠤᠷᠢᠯᠠᠯᠳᠠ ᠶᠢᠨ ᠤᠷᠤᠨ ᠪᠠᠶᠢᠨ᠎ᠠ᠂ ᠡᠯ᠎ᠡ | ᠭᠠᠵᠠᠷ ᠤᠨ ᠪᠠᠶᠢᠳᠠᠯ ᠮᠠᠰᠢ ᠶᠡᠭᠡ ᠵᠦᠷᠢᠶ᠎ᠡ ᠲᠠᠢ ᠪᠠᠶᠢᠵᠤ᠂ ᠡᠯ᠎ᠡ ᠲᠦᠷᠦᠯ ᠤᠨ ᠠᠵᠢᠯ ᠳᠤ ᠡᠷᠬᠡᠪᠰᠢ ᠰᠢ ᠶᠢᠨ ᠫᠢᠩ | ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠵᠤ᠂ ᠨᠠᠮ ᠤᠨ ᠲᠦᠪ ᠬᠤᠷᠢᠶᠠᠨ ᠤ ᠰᠢᠢᠳᠪᠦᠷᠢᠲᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ | ᠦᠪᠦᠷ ᠮᠤᠩᠭᠤᠯ ᠤᠨ ᠪᠤᠲᠠᠲᠠᠢ ᠲᠠᠢ ᠨᠢᠬᠲᠠ ᠤᠶᠠᠯᠳᠤᠭᠤᠯᠵᠤ᠂ ᠰᠢᠨᠵᠢᠯᠡᠬᠦ ᠤᠬᠠᠭᠠᠨ ᠢ ᠳᠡᠭᠡᠳᠦᠯᠡᠨ᠂ ᠤᠨᠤᠯ ᠤᠨ | ᠰᠢᠨᠡᠴᠢᠯᠡᠯᠲᠡ᠂ ᠦᠢᠯᠡᠳᠦᠯᠭᠡ ᠶᠢᠨ ᠰᠢᠨᠡᠴᠢᠯᠡᠯᠲᠡ ᠶᠢ ᠲᠠᠰᠤᠷᠠᠯᠲᠡ ᠦᠭᠡᠢ ᠠᠬᠢᠭᠤᠯᠵᠤ᠂ ᠠᠵᠤ ᠠᠬᠤᠢ ᠨᠡᠶᠢᠭᠡᠮ | ᠤᠨ ᠨᠡᠩ ᠦᠨᠳᠦᠷ ᠲᠦᠪᠰᠢᠨ᠂ ᠨᠡᠩ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠬᠡᠷᠡᠭᠲᠡᠢ᠃ | ᠤᠯᠠᠭᠠᠨᠮᠦ᠋ᠴᠢᠷ ᠪᠢᠳᠠᠨ ᠳᠤ ᠰᠡᠩᠬᠡᠷᠡᠭᠦᠯᠦᠭᠰᠡᠨ ᠨᠢ᠂ ᠭᠠᠭᠴᠠ ᠬᠦ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠬᠤ ᠣᠨᠣᠯᠵᠢᠬᠤᠨ ᠪᠤᠯᠤᠨ ︽ᠦᠨᠳᠦᠰᠦᠲᠡᠨ ᠤ ᠪᠦᠯᠬᠦᠮᠳᠡᠯ ᠪᠤᠯ ᠦᠨᠳᠦᠰᠦᠲᠡᠨ ᠨᠦᠭᠦᠳ ᠤᠨ | ᠠᠷᠠᠳ ᠲᠦᠮᠡᠨ ᠤ ᠠᠮᠢᠨ ᠰᠤᠳᠠᠰᠤ ᠮᠦᠨ︾ ᠬᠡᠬᠦ ᠤᠶᠢᠯᠠᠭᠠᠬᠳᠠᠬᠤᠨ ᠢ ᠦᠨᠳᠦᠰᠦᠲᠡᠨ ᠨᠦᠬᠦᠳ ᠤᠨ ᠺᠠᠳ᠋ᠷ | ᠤᠯᠠᠨ ᠲᠦᠮᠡᠨ ᠤ ᠦᠵᠡᠯ ᠰᠠᠨᠠᠭᠠᠨ ᠳᠤ ᠬᠦᠨ᠎ᠡ ᠦᠨᠳᠦᠰᠦᠯᠡᠭᠦᠯᠪᠡᠯ ᠰᠠᠶ᠋ᠢ ︽ᠦᠵᠡᠰᠬᠦᠯᠡᠩᠲᠤ ᠰᠠᠶᠢᠬᠠᠨ ᠦᠪᠦᠷ | ᠮᠤᠩᠭᠤᠯ ᠢᠶᠠᠨ ᠪᠦᠲᠦᠭᠡᠨ ᠪᠠᠶᠢᠭᠤᠯᠵᠤ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾ | ᠠᠤᠭ᠎ᠠ ᠶᠡᠭᠡ ᠬᠦᠴᠦᠨ ᠢ ᠨᠢᠬᠲᠠᠷᠠᠭᠤᠯᠵᠤ ᠴᠢᠳᠠᠨ᠎ᠠ᠃ ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ | ᠤᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠳᠤ ᠪᠠᠨ᠂ | ᠦᠪᠦᠷ ᠮᠤᠩᠭᠤᠯ ᠤᠨ ᠦᠬᠡᠷᠡᠴᠢᠯᠡᠯᠳᠡ ᠬᠦᠭᠵᠢᠯᠳᠡ ᠳᠤᠬᠳᠠᠭᠤᠨ ᠤ ᠠᠵᠢᠯ ᠢ ᠰᠠᠶᠢᠳᠤᠷ ᠬᠢᠬᠦ ᠨᠢ ᠪᠦᠬᠦ ᠤᠯᠤᠰ᠂ | ᠳᠡᠯᠡᠬᠡᠢ ᠨᠡᠶᠢᠳᠡ ᠳᠤ ᠴᠤ ᠢᠳᠡᠪᠬᠢ ᠠᠴᠢ ᠬᠤᠯᠪᠤᠬᠳᠠᠯ ᠲᠠᠢ ᠶᠤᠮ ᠭᠡᠵᠦ ᠴᠢᠬᠤᠯᠠᠴᠢᠯᠠᠵᠤ᠂ ᠪᠢᠳᠠᠨ ᠢ ᠡᠬᠡ | ᠤᠯᠤᠰ ᠤᠨ ᠨᠢᠭᠡᠳᠦᠯ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠳᠤ ᠨᠡᠩ ᠶᠡᠭᠡ ᠬᠠᠷᠢᠭᠤᠴᠠᠯᠭ᠎ᠠ | ᠡᠭᠦᠷᠭᠡᠯᠡᠬᠦ ᠶᠢ ᠱᠠᠭᠠᠷᠳᠠᠪᠠ᠃ ᠪᠢᠳᠠ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠡᠶᠢᠳᠠᠯᠭ᠎ᠠ ᠶᠢ | ᠪᠠᠲᠤ ᠴᠡᠭᠡᠵᠢᠯᠡᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠨᠠᠷ ᠤᠨ ᠦᠷ᠎ᠠ ᠰᠢᠭ ᠪᠦᠯᠬᠦᠮᠳᠡᠨ | ᠨᠢᠬᠳᠠᠷᠠᠬᠤ ᠶᠢ ᠠᠬᠢᠭᠤᠯᠵᠤ᠂ ᠤᠬ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠵᠦ᠂ ᠰᠢᠨ᠎ᠡ ᠴᠠᠭ ᠦᠶ᠎ᠡ ᠶᠢᠨ ︽ᠵᠢᠱᠢᠶᠡᠴᠢ ᠦᠪᠡᠷᠲᠡᠭᠡᠨ ᠵᠠᠰᠠᠬᠤ ᠤᠷᠤᠨ︾ ᠢ ᠪᠦᠲᠦᠭᠡᠨ ᠪᠠᠶᠢᠭᠤᠯᠬᠤ | ᠬᠡᠷᠡᠭᠲᠡᠢ᠃ | |