ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ︽ᠵᠠᠰᠠᠭ ᠤᠨ ᠤᠷᠲᠦᠨ ᠤ ᠦᠷᠢ ᠦᠭᠴᠡᠭᠡ ᠶᠢᠨ ᠠᠶᠤᠯ ᠲᠦᠭᠰᠢᠬᠦᠷᠢ ᠶᠢ ᠰᠡᠷᠭᠡᠶᠢᠯᠡᠨ ᠠᠷᠢᠯᠭᠠᠬᠤ︾ ᠲᠤᠰᠬᠠᠢ ᠰᠡᠳᠦᠪᠲᠦ ᠵᠦᠪᠯᠡᠬᠦ ᠬᠤᠷᠠᠯ ᠬᠢᠵᠡᠢ  ᠯᠢ ᠵᠢᠶᠠ ᠬᠤᠷᠠᠯ ᠳᠤ ᠤᠷᠤᠯᠴᠠᠬᠰᠠᠨ ᠪᠦᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2018/11/22
     11 ᠳ᠋ᠦ᠋ᠭᠡᠷ ᠰᠠᠷ᠎ᠠ ᠶᠢᠨ 21᠎ ᠤ ᠡᠳᠦᠷ ᠤᠨ ᠦᠳᠡ ᠶᠢᠨ ᠡᠮᠦᠨ᠎ᠡ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ︽ᠵᠠᠰᠠᠭ ᠤᠨ ᠤᠷᠲᠦᠨ ᠤ ᠦᠷᠢ ᠦᠭᠴᠡᠭᠡ ᠶᠢᠨ ᠠᠶᠤᠯ ᠲᠦᠭᠰᠢᠬᠦᠷᠢ ᠶᠢ ᠰᠡᠷᠭᠡᠶᠢᠯᠡᠨ ᠠᠷᠢᠯᠭᠠᠬᠤ︾ ᠲᠤᠰᠬᠠᠢ ᠰᠡᠳᠦᠪᠲᠦ ᠵᠦᠪᠯᠡᠬᠦ ᠬᠤᠷᠠᠯ ᠬᠢᠵᠦ᠂ ᠦᠪᠡᠷᠲᠡᠭᠡᠨ ᠵᠠᠰᠠᠬᠤ ᠤᠷᠤᠨ ᠤ ᠬᠡᠰᠡᠭ ᠪᠠᠶᠢᠩᠭᠤ ᠶᠢᠨ ᠬᠡᠰᠢᠬᠦᠨ᠂ ᠬᠡᠰᠢᠬᠦᠨ ᠪᠤᠯᠤᠨ ᠦᠪᠡᠷᠲᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠎ ᠤᠨ ᠬᠠᠷᠢᠭᠤᠴᠠᠯᠭᠠᠲᠠᠨ ᠢ  ᠵᠤᠬᠢᠶᠠᠨ ᠪᠠᠶᠢᠭᠤᠯᠵᠦ᠂ ᠵᠦᠪᠯᠡᠬᠦ ᠰᠡᠳᠦᠪ ᠤᠨ ᠲᠤᠭᠤᠷᠢᠨ ᠳᠤ ᠵᠦᠪᠯᠡᠯᠬᠡ ᠬᠢᠵᠦ ᠰᠠᠨᠠᠯ ᠰᠠᠨᠠᠭᠤᠯᠭ᠎ᠠ ᠳᠡᠪᠰᠢᠬᠦᠯᠵᠡᠢ᠃      ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠨᠠᠮ ᠤᠨ ᠤᠳᠤᠷᠢᠳᠬᠤ ᠳᠤᠭᠤᠢᠢᠯᠠᠩ ᠎ ᠤᠨ ᠱᠦᠵᠢ᠂ ᠲᠡᠷᠢᠬᠦᠯᠡᠭᠴᠢ ᠯᠢ ᠵᠢᠶᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠦᠪᠡᠷᠲᠡᠭᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠲᠡᠷᠢᠬᠦᠯᠡᠭᠴᠢ ᠮᠠ ᠰᠢᠥᠸᠠᠢ ᠵᠢᠶᠦ᠋ᠨ ᠬᠤᠷᠠᠯ ᠳᠤ ᠤᠷᠤᠯᠴᠠᠬᠰᠠᠨ ᠪᠦᠭᠡᠳ ᠶᠠᠷᠢᠶ᠎ᠠ ᠲᠠᠯᠪᠢᠵᠠᠢ᠃ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠳᠡᠳ᠋ ᠲᠡᠷᠢᠬᠦᠯᠡᠭᠴᠢ ᠸᠠᠩ ᠵᠦᠩ ᠡᠾᠧ᠂ ᠯᠦᠸᠧ ᡁᠢ ᠬᠤ᠋᠂ ᠳ᠋ᠦᠩ ᠡᠾᠧᠩ ᠢᠥᠢ᠂ ᠯᠢᠥ ᠰᠢᠨ ᠯᠧ᠂ ᠴᠠᠩ ᠵᠢᠶᠦ᠋ᠨ ᠵᠧᠩ ᠵᠢᠴᠢ ᠨᠠᠷᠢᠨ ᠪᠢᠴᠢᠭ ᠤᠨ ᠳᠠᠷᠤᠭ᠎ᠠ ᠸᠧᠢ ᠵᠢᠶᠦ᠋ᠨ ᠬᠤᠷᠠᠯ ᠳᠤ ᠤᠷᠤᠯᠴᠠᠵᠠᠢ᠃      ᠬᠤᠷᠠᠯ ᠠᠴᠠ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠵᠦ ᠠᠬᠤᠢ ᠶᠢᠨ ᠵᠦᠪᠯᠡᠯ ᠤᠨ ᠬᠢᠭᠰᠡᠨ ᠵᠦᠪᠯᠡᠬᠦ ᠰᠡᠳᠦᠪ ᠤᠨ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠬᠦᠯᠦᠯᠲᠡ ᠪᠤᠯᠤᠨ ᠪᠠᠶᠢᠳᠠᠯ ᠤᠨ ᠳᠤᠲᠤᠷᠬᠠᠢᠢᠯᠠᠯᠲᠠ ᠶᠢ ᠰᠤᠨᠤᠰᠴᠠᠢ᠃ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠬᠡᠰᠡᠭ ᠪᠠᠶᠢᠩᠭᠤ ᠶᠢᠨ ᠭᠡᠰᠢᠬᠦᠨ᠂ ᠬᠡᠰᠢᠬᠦᠨ᠂ ᠦᠪᠡᠷᠲᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠲᠢᠩᠬᠢᠮ ᠲᠤᠪᠴᠢᠶ᠎ᠠ ᠶᠢᠨ ᠬᠠᠷᠢᠭᠤᠴᠠᠯᠭᠠᠲᠠᠨ ᠪᠤᠳᠤᠯ ᠰᠠᠨᠠᠯ ᠢᠶᠠᠨ ᠰᠤᠯᠢᠯᠴᠠᠬᠤ ᠦᠭᠡ ᠭᠡᠯᠡᠬᠦ ᠶᠢᠨ ᠬᠠᠮᠳᠤ ᠵᠦᠪᠯᠡᠯᠬᠡ ᠬᠢᠪᠠ᠃      ᠯᠢ ᠵᠢᠶᠠ ᠴᠢᠬᠤᠯᠠᠴᠢᠯᠠᠭᠰᠠᠨ ᠨᠢ᠂ ᠴᠢᠬᠤᠯᠠ ᠶᠡᠭᠡ ᠠᠶᠤᠯ ᠲᠦᠭᠰᠢᠬᠦᠷᠢ ᠶᠢ ᠰᠡᠷᠬᠡᠶᠢᠯᠡᠨ ᠠᠷᠢᠯᠭᠠᠬᠤ ᠪᠤᠯ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶᠠᠨ ᠤ ᠬᠢᠭᠰᠡᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠮᠦᠨ᠂ ᠵᠠᠰᠠᠭ ᠤᠨ ᠤᠷᠲᠦᠨ ᠤ ᠦᠷᠢ ᠦᠭᠴᠡᠭᠡ ᠶᠢ ᠢᠳᠡᠪᠬᠢᠳᠠᠢ ᠠᠷᠢᠯᠭᠠᠬᠤ ᠪᠤᠯ ᠴᠢᠬᠤᠯᠠ ᠶᠡᠭᠡ ᠠᠶᠤᠯ ᠲᠦᠭᠰᠢᠬᠦᠷᠢ ᠶᠢ ᠰᠡᠷᠭᠡᠶᠢᠯᠡᠨ ᠠᠷᠢᠯᠭᠠᠬᠤ ᠰᠢᠪᠲᠤᠯᠤᠯᠲᠠ ᠶᠢᠨ ᠢᠯᠠᠯᠲᠠ ᠶᠢ ᠲᠡᠮᠡᠴᠡᠨ ᠤᠯᠬᠤ ᠴᠢᠬᠤᠯᠠ ᠠᠭᠤᠯᠭ᠎ᠠ ᠪᠤᠯᠬᠤ ᠶᠤᠮ᠃ ᠲᠤᠶᠢᠯ ᠤᠨ ᠣᠨᠣᠪᠴᠢᠲᠠᠢ ᠢᠳᠡᠯᠡᠨ ᠰᠤᠯᠠᠷᠠᠰᠢ ᠦᠬᠡᠢ ᠠᠳᠬᠤᠵᠤ᠂ ᠦᠷᠢ ᠦᠭᠴᠡᠭᠡ ᠶᠢ ᠨᠠᠮᠳᠠᠭᠤᠯᠬᠤ ᠲᠠᠯ᠎ᠠ ᠪᠠᠷ ᠲᠤᠶᠢᠯ ᠤᠨ ᠣᠨᠣᠪᠴᠢᠲᠠᠢ ᠬᠦᠴᠦᠯᠡᠵᠦ᠂ ᠦᠷᠢ ᠦᠭᠴᠡᠭᠡ ᠶᠢᠨ ᠪᠠᠶᠢᠳᠠᠯ ᠢ ᠦᠨᠳᠦᠰᠦᠯᠡᠨ ᠠᠷᠭ᠎ᠠ ᠪᠠᠷᠢᠯ ᠠᠪᠴᠦ᠂ ᠲᠦᠷᠦᠯ ᠠᠩᠬᠢᠯᠠᠨ ᠠᠷᠭ᠎ᠠ ᠪᠤᠳᠤᠯᠭ᠎ᠠ ᠬᠡᠷᠡᠭᠵᠢᠬᠦᠯᠬᠦ ᠬᠡᠷᠡᠭᠲᠡᠢ᠃ ᠬᠦᠭᠵᠢᠯᠲᠡ ᠶᠢᠨ ᠶᠠᠪᠤᠴᠠ ᠳᠤ ᠦᠷᠢ ᠦᠭᠴᠡᠭᠡ ᠶᠢ ᠠᠷᠢᠯᠭᠠᠬᠤ ᠶᠢ ᠪᠠᠷᠢᠮᠳᠠᠯᠠᠵᠦ᠂ ᠬᠦᠭᠵᠢᠯᠲᠡ ᠶᠢᠨ ᠲᠡᠷᠢᠬᠦᠨ ᠴᠢᠬᠤᠯᠠ ᠡᠬᠦᠷᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠦ᠂ ᠬᠦᠭᠵᠢᠯᠲᠡ ᠪᠤᠯᠤᠨ ᠦᠷᠢ ᠦᠭᠴᠡᠭᠡ ᠶᠢ ᠠᠷᠢᠯᠭᠠᠬᠤ ᠶᠢᠨ ᠬᠠᠷᠢᠴᠠᠭ᠎ᠠ ᠶᠢ ᠵᠦᠪ ᠤᠨᠤᠪᠴᠢᠲᠠᠢ ᠰᠢᠢᠳᠪᠦᠷᠢᠯᠡᠵᠦ᠂ ᠬᠦᠭᠵᠢᠯᠲᠡ ᠪᠤᠯᠤᠨ ᠦᠷᠢ ᠦᠭᠴᠡᠭᠡ ᠶᠢ ᠠᠷᠢᠯᠭᠠᠬᠤ ᠶᠢᠨ ᠬᠤᠤᠰ ᠢᠯᠠᠯᠲᠠ ᠶᠢ ᠴᠢᠷᠮᠠᠶᠢᠨ ᠣᠯᠬᠤ ᠬᠡᠷᠡᠭᠲᠡᠢ᠃ ᠦᠷᠢ ᠦᠭᠴᠡᠭᠡ ᠶᠢ ᠠᠷᠢᠯᠭᠠᠬᠤ ᠪᠦᠳᠤᠮᠵᠢᠳᠠᠢ ᠭᠡᠪ ᠵᠠᠬᠪᠤᠷ ᠢ  ᠬᠠᠶᠢᠨ ᠰᠢᠨᠡᠴᠢᠯᠡᠵᠤ᠂ ᠠᠷᠭ᠎ᠠ ᠪᠦᠬᠦᠨ ᠢ ᠰᠦᠪᠡᠭᠴᠢᠯᠡᠨ᠂ ᠦᠷᠢ ᠦᠭᠴᠡᠭᠡ ᠶᠢ ᠠᠷᠢᠯᠭᠠᠬᠤ ᠠᠵᠢᠯ ᠢ  ᠰᠠᠶᠢᠲᠤᠷ ᠬᠢᠬᠦ ᠬᠡᠷᠡᠭᠲᠡᠢ ᠭᠡᠵᠡᠢ᠃      ᠯᠢ ᠵᠢᠶᠠ ᠴᠢᠬᠤᠯᠠᠴᠢᠯᠠᠭᠰᠠᠨ ᠨᠢ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠦᠷᠢ ᠦᠭᠴᠡᠭᠡ ᠶᠢᠨ ᠠᠶᠤᠯ ᠲᠦᠭᠰᠢᠬᠦᠷᠢ ᠶᠢ ᠠᠷᠢᠯᠭᠠᠬᠤ ᠶᠠᠪᠤᠳᠠᠯ ᠢ ᠬᠤᠶᠢᠰᠢᠳᠠ ᠶᠢᠨ ᠡᠬᠦᠷᠭᠡ ᠲᠤᠰᠢᠶᠠᠯ ᠢᠶᠠᠨ ᠬᠦᠢᠴᠡᠳᠭᠡᠬᠦ ᠠᠵᠢᠯ ᠤᠨ ᠭᠤᠤᠯᠳᠠᠯᠭ᠎ᠠ ᠳᠤ ᠪᠠᠨ ᠦᠷᠬᠦᠯᠵᠢᠯᠡᠨ ᠤᠷᠤᠭᠤᠯᠵᠤ᠂ ᠪᠦᠬᠦ ᠤᠷᠤᠨ ᠤ ᠡᠯ᠎ᠠ ᠱᠠᠳᠤᠨ ᠤ ᠤᠯᠤᠰ ᠲᠦᠷᠦ ᠶᠢᠨ ᠵᠦᠪᠯᠡᠯᠭᠡᠨ ᠤ ᠵᠤᠬᠢᠶᠠᠨ ᠪᠠᠶᠢᠭᠤᠯᠤᠯᠳᠠ ᠪᠠ ᠦᠷᠭᠡᠨ ᠤᠯᠠᠨ ᠤᠯᠤᠰ ᠲᠦᠷᠦ ᠶᠢᠨ ᠵᠦᠪᠯᠡᠯᠭᠡᠨ ᠤ ᠭᠡᠰᠢᠬᠦᠨ ᠢ  ᠬᠦᠳᠤᠯᠤᠨ ᠲᠠᠭᠠᠭᠤᠯᠵᠤ ᠢᠯᠡᠬᠦᠭᠡᠨ ᠪᠠᠶᠢᠴᠠᠭᠠᠨ ᠰᠤᠳᠤᠯᠤᠯᠳᠠ ᠬᠢᠯᠭᠡᠵᠤ᠂ ᠰᠠᠨᠠᠯ ᠰᠠᠨᠠᠭᠤᠯᠭ᠎ᠠ ᠲᠡᠪᠰᠢᠬᠦᠯᠤᠨ᠂ ᠠᠷᠠᠳᠴᠢᠯᠡᠯ ᠢᠶᠠᠷ ᠬᠢᠨᠡᠯᠳᠠ ᠲᠠᠯᠪᠢᠬᠤ ᠠᠵᠢᠯᠯᠠᠭ᠎ᠠ ᠦᠷᠨᠢᠬᠦᠯᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠴᠢᠬᠤᠯᠠ ᠠᠵᠢᠯ ᠳᠤ ᠦᠨᠡᠨ ᠬᠦ ᠬᠦᠴᠤᠨ ᠨᠠᠮᠠᠷᠢᠯᠡᠵᠤ᠂ ᠤᠯᠤᠰ ᠲᠦᠷᠦ ᠶᠢᠨ ᠵᠦᠪᠯᠡᠯᠭᠡᠨ ᠤ ᠤᠶᠤᠨ ᠤᠬᠠᠭᠠᠨ ᠪᠠ ᠬᠦᠴᠤᠨ ᠴᠢᠳᠠᠯ ᠢᠶᠠᠨ ᠡᠷᠬᠦᠬᠦ ᠭᠡᠷᠡᠭᠳᠡᠢ ᠭᠡᠵᠡᠢ᠃      ᠮᠠ ᠰᠢᠤᠸᠠᠢ ᠵᠢᠶᠦ᠋ᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠦᠷᠢ ᠦᠭᠴᠡᠭᠡ ᠶᠢᠨ ᠠᠶᠤᠯ ᠲᠦᠭᠰᠢᠬᠦᠷᠢ ᠶᠢ ᠰᠡᠷᠭᠡᠶᠢᠯᠡᠨ ᠠᠷᠢᠯᠭᠠᠬᠤ ᠲᠤᠬᠢᠷᠠᠭᠤᠯᠤᠯᠳᠠ ᠪᠠᠶᠢᠷᠢᠯᠠᠭᠤᠯᠤᠯᠳᠠ ᠪᠠ ᠦᠷᠢ ᠦᠭᠴᠡᠭᠡ ᠶᠢᠨ ᠠᠶᠤᠯ ᠲᠦᠭᠰᠢᠬᠦᠷᠢ ᠶᠢ ᠰᠡᠷᠭᠡᠶᠢᠯᠡᠨ ᠠᠷᠢᠯᠭᠠᠬᠤ ᠠᠵᠢᠯ ᠤᠨ ᠪᠠᠶᠢᠳᠠᠯ ᠢ  ᠪᠦᠬᠦ ᠲᠠᠯ᠎ᠠ ᠪᠠᠷ ᠲᠠᠨᠢᠯᠴᠠᠭᠤᠯᠵᠤ᠂ ᠲᠠᠷᠠᠭᠠᠴᠢ ᠶᠢᠨ ᠠᠵᠢᠯ ᠳᠤ ᠪᠠᠨ᠂ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠤᠨ ᠲᠤᠷᠠᠳᠤᠭᠰᠠᠨ ᠰᠠᠨᠠᠯ ᠰᠠᠨᠠᠭᠤᠯᠭ᠎ᠠ ᠶᠢ ᠰᠠᠶᠢᠳᠤᠷ ᠬᠦᠯᠢᠶᠠᠨ ᠠᠪᠴᠤ ᠲᠤᠯᠢ ᠪᠤᠯᠭᠠᠨ ᠠᠰᠢᠬᠯᠠᠵᠤ᠂ ᠠᠷᠭ᠎ᠠ ᠭᠡᠮᠵᠢᠶ᠎ᠠ ᠲᠦᠰᠦᠯ ᠢᠶᠠᠨ ᠨᠠᠩ ᠲᠠᠬᠦᠯᠳᠡᠷᠵᠢᠬᠦᠯᠤᠨ᠂ ᠵᠠᠰᠠᠭ ᠤᠨ ᠤᠷᠳᠤᠨ ᠤ ᠦᠷᠢ ᠦᠭᠴᠡᠭᠡ ᠶᠢᠨ ᠠᠶᠤᠯ ᠲᠦᠭᠰᠢᠬᠦᠷᠢ ᠶᠢ ᠰᠡᠷᠭᠡᠶᠢᠯᠡᠨ ᠠᠷᠢᠯᠭᠠᠬᠤ ᠠᠵᠢᠯ ᠢ  ᠯᠠᠪᠳᠠᠭᠤᠨ ᠪᠠᠳᠤᠳᠠᠢ ᠰᠠᠶᠢᠳᠤᠷ ᠠᠳᠬᠤᠵᠤ᠂ ᠲᠤᠰ ᠤᠳᠠᠭ᠎ᠠ ᠶᠢᠨ ᠰᠢᠪᠲᠤᠯᠤᠯᠲᠠ ᠶᠢ  ᠡᠷᠡᠰ ᠴᠢᠩᠭ᠎ᠠ ᠰᠠᠶᠢᠳᠤᠷ ᠬᠢᠬᠦ ᠭᠡᠷᠡᠭᠳᠡᠢ ᠭᠡᠵᠤ ᠴᠢᠬᠤᠯᠠᠴᠢᠯᠠᠪᠠ᠃      ᠤᠢᠢᠯᠠᠭᠠᠭᠰᠠᠨ ᠢᠶᠠᠷ᠂ ᠬᠤᠷᠠᠯ ᠤᠨ ᠲᠠᠷᠠᠭ᠎ᠠ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠵᠦᠪᠯᠡᠬᠦ ᠬᠤᠷᠠᠯ ᠠᠴᠠ ᠲᠤᠷᠠᠳᠤᠭᠰᠠᠨ ᠰᠠᠨᠠᠯ ᠰᠠᠨᠠᠭᠤᠯᠭ᠎ᠠ ᠶᠢ ᠰᠠᠶᠢᠳᠤᠷ ᠬᠦᠯᠢᠶᠠᠨ ᠠᠪᠴᠤ᠂ ᠲᠤᠰᠬᠠᠢ ᠰᠡᠳᠤᠪᠳᠤ ᠮᠡᠳᠡᠬᠦᠯᠤᠯᠳᠠ ᠪᠤᠯᠭᠠᠵᠤ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠳᠤ ᠮᠡᠳᠡᠬᠦᠯᠤᠨ ᠲᠠᠪᠰᠢᠬᠦᠯᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号