ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠡᠶᠢᠭᠡᠮ ᠤᠨ ᠬᠠᠮᠢᠶᠠᠷᠤᠯᠲᠠ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠪᠠᠷᠢᠮᠵᠢᠶᠠᠵᠢᠭᠤᠯᠤᠭᠰᠠᠨ ᠲᠤᠷᠰᠢᠯᠲᠠ ᠶᠢᠨ ᠴᠡᠭ ᠤᠨ ᠲᠦᠷᠦᠯ ᠵᠦᠢᠯ ᠢᠶᠠᠷ ᠵᠦᠪᠰᠢᠶᠡᠷᠡᠭᠳᠡᠪᠡ
ᠨᠡᠶᠢᠲᠡᠯᠡᠭᠰᠡᠨ ᠴᠠᠭ᠄
2018/11/22
     ᠤᠷᠴᠢᠮᠬᠠᠨ᠂ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠭᠤᠶᠤᠴᠢᠯᠠᠯ ᠭᠠᠷᠭᠠᠵᠤ  ᠂ ᠳ᠋ᠦᠩᠱᠧᠩ ᠲᠣᠭᠤᠷᠢᠭ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠬᠤᠪᠢᠶᠠᠷᠢ ᠲᠣᠪᠴᠢᠶ᠎ᠠ ᠶᠢᠨ ᠰᠣᠩᠭᠤᠨ ᠮᠡᠳᠡᠭᠦᠯᠦᠭᠰᠡᠨ ᠨᠡᠶᠢᠭᠡᠮ ᠤᠨ ᠬᠠᠮᠢᠶᠠᠷᠤᠯᠲᠠ ᠪᠣᠯᠤᠨ ᠤᠯᠠᠨ ᠨᠡᠶᠢᠲᠡ ᠶᠢᠨ ᠦᠢᠯᠡᠴᠢᠯᠡᠭᠡᠨ ᠤ ᠪᠠᠷᠢᠮᠵᠢᠶᠠᠵᠢᠭᠤᠯᠤᠭᠰᠠᠨ ᠲᠤᠷᠰᠢᠯᠲᠠ ᠶᠢᠨ ᠴᠡᠭ ᠤᠨ ᠲᠥᠷᠥᠯ ᠵᠦᠢᠯ ᠨᠢ ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠶᠢᠨ ᠵᠦᠪᠰᠢᠶᠡᠷᠡᠯ ᠢ ᠤᠯᠵᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠡᠶᠢᠭᠡᠮ ᠤᠨ ᠬᠠᠮᠢᠶᠠᠷᠤᠯᠲᠠ ᠪᠣᠯᠤᠨ ᠤᠯᠠᠨ ᠨᠡᠶᠢᠲᠡ ᠶᠢᠨ ᠦᠢᠯᠡᠴᠢᠯᠡᠭᠡᠨ ᠤ ᠪᠠᠷᠢᠮᠵᠢᠶᠠᠵᠢᠭᠤᠯᠤᠭᠰᠠᠨ ᠲᠤᠷᠰᠢᠯᠲᠠ ᠶᠢᠨ ᠴᠡᠭ ᠤᠨ ᠲᠥᠷᠥᠯ ᠵᠦᠢᠯ ᠢᠶᠠᠷ ᠵᠢᠭᠰᠠᠭᠠᠭᠳᠠᠪᠠ᠂ ᠲᠤᠷᠰᠢᠯᠲᠠ ᠶᠢᠨ ᠡᠭᠦᠳᠦᠨ ᠪᠠᠶᠢᠭᠤᠯᠬᠤ ᠠᠵᠢᠯ ᠨᠢ 2019 ᠤᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ᠂ 2 ᠵᠢᠯ ᠤᠨ ᠬᠤᠭᠤᠴᠠᠭ᠎ᠠ ᠲᠠᠢ ᠶᠠᠪᠤᠭᠳᠠᠬᠤ ᠪᠣᠯᠤᠨ᠎ᠠ᠃ ᠡᠭᠦᠨ ᠳᠤ᠂ ᠳ᠋ᠦᠩᠱᠧᠩ ᠲᠣᠭᠤᠷᠢᠭ ᠤᠨ ᠪᠠᠶᠢᠭᠤᠯᠵᠤ ᠪᠠᠶᠢᠭ᠎ᠠ ᠪᠠ ᠰᠢᠯᠭᠠᠨ ᠠᠪᠬᠤ ᠪᠠᠷᠢᠮᠵᠢᠶᠠᠵᠢᠭᠤᠯᠤᠭᠰᠠᠨ ᠲᠤᠷᠰᠢᠯᠲᠠ ᠶᠢᠨ ᠴᠡᠭ ᠤᠨ ᠲᠥᠷᠥᠯ ᠵᠦᠢᠯ ᠨᠢ 9 ᠪᠤᠯᠤᠨ ᠨᠡᠮᠡᠭᠳᠡᠵᠦ᠂ ᠪᠠᠷᠢᠮᠵᠢᠶᠠᠵᠢᠭᠤᠯᠤᠭᠰᠠᠨ ᠲᠤᠷᠰᠢᠯᠲᠠ ᠶᠢᠨ ᠴᠡᠭ ᠤᠨ ᠲᠥᠷᠥᠯ ᠵᠦᠶᠯ ᠤᠨ ᠲᠤᠭ᠎ᠠ ᠨᠢ ᠪᠥᠬᠦ ᠬᠤᠲᠠ ᠶᠢᠨ ᠲᠡᠷᠢᠭᠦᠨ ᠪᠠᠶᠢᠷᠢᠨ ᠳᠤ ᠤᠷᠤᠵᠠᠢ᠃ ᠤᠶᠢᠷ᠎ᠠ ᠶᠢᠨ ᠵᠢᠯ ᠤᠳ ᠲᠤ᠂ ᠳ᠋ᠦᠩᠱᠧᠩ ᠲᠣᠭᠤᠷᠢᠭ ᠪᠠᠷᠢᠮᠵᠢᠶᠠᠵᠢᠭᠤᠯᠤᠯᠲᠠ ᠶᠢᠨ ᠠᠵᠢᠯ ᠢ ᠨᠡᠶᠢᠭᠡᠮ ᠤᠨ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠦᠴᠦᠲᠡᠢ ᠠᠷᠭ᠎ᠠ ᠪᠠᠷᠢᠯ ᠪᠤᠯᠭᠠᠵᠤ᠂ ᠤᠷᠢᠳ ᠬᠤᠵᠢᠳ ︽ᠳ᠋ᠦᠩ ᠱᠧᠩ ᠲᠣᠭᠤᠷᠢᠭ ᠤᠨ ᠪᠠᠷᠢᠮᠵᠢᠶᠠᠵᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢᠨ ᠬᠡᠷᠡᠭᠵᠢᠭᠦᠯᠬᠦ ᠲᠥᠰᠦᠯ︾᠂ ︽ᠳ᠋ᠦᠩᠱᠧᠩ ᠲᠣᠭᠤᠷᠢᠭ ᠤᠨ ᠪᠠᠷᠢᠮᠵᠢᠶᠠᠵᠢᠭᠤᠯᠤᠭᠰᠠᠨ ᠬᠦᠭᠵᠢᠯᠲᠡ ᠶᠢᠨ ᠲᠥᠯᠥᠪᠵᠢᠭᠦᠯᠭᠡ ︵2016 — 2020 ᠣᠨ︶︾᠎ ᠶᠢ ᠨᠡᠶᠢᠲᠡᠯᠡᠵᠦ᠂ ᠪᠠᠷᠢᠮᠵᠢᠶᠠᠵᠢᠭᠤᠯᠤᠯᠲᠠ ᠶᠢᠨ ᠪᠠᠶᠢᠯᠳᠤᠬᠤ ᠪᠤᠳᠤᠯᠭ᠎ᠠ ᠶᠢ ᠶᠡᠬᠡᠪᠡᠷ ᠬᠡᠷᠡᠭᠵᠢᠭᠦᠯᠵᠦ᠂ ᠡᠯ᠎ᠡ ᠠᠵᠢᠯ ᠲᠥᠷᠥᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠢ ᠬᠦᠴᠦᠲᠡᠶ ᠠᠬᠢᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号