ᠪᠦᠬᠦ ᠤᠷᠤᠨ ᠤ ᠠᠮᠢ ᠠᠬᠤᠢ ᠤᠷᠴᠢᠨ ᠲᠤᠭᠤᠷᠢᠨ ᠤ ᠤᠬᠠᠭᠤᠯᠭ᠎ᠠ ᠬᠦᠮᠦᠵᠢᠯ ᠤᠨ ᠠᠵᠢᠯ ᠤᠨ ᠬᠤᠷᠠᠯ ᠬᠢᠵᠡᠢ
ᠨᠡᠶᠢᠲᠡᠯᠡᠭᠰᠡᠨ ᠴᠠᠭ᠄
2018/11/22
     11 ᠳ᠋ᠦ᠋ᠭᠡᠷ ᠰᠠᠷ᠎ᠡ ᠶᠢᠨ 16 ᠤ ᠡᠳᠤᠷ᠂ ᠦᠪᠡᠷᠳᠡᠬᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠲᠢᠩᠬᠢᠮ ᠪᠦᠬᠦ ᠤᠷᠤᠨ ᠤ ᠠᠮᠢ ᠠᠬᠤᠢ ᠤᠷᠴᠢᠨ ᠲᠤᠭᠤᠷᠢᠨ ᠤ ᠤᠬᠠᠭᠤᠯᠭ᠎ᠠ ᠬᠦᠮᠦᠵᠢᠯ ᠤᠨ ᠠᠵᠢᠯ  ᠤᠨ ᠬᠤᠷᠠᠯ ᠬᠤᠷᠠᠯᠳᠤᠭᠤᠯᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠮᠠᠨ ᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠤᠬᠠᠭᠤᠯᠭ᠎ᠠ ᠬᠦᠮᠦᠵᠢᠯ ᠤᠨ ᠠᠵᠢᠯ ᠳᠤ ᠤᠯᠤᠬᠰᠠᠨ ᠠᠮᠵᠢᠯᠳᠡ ᠶᠢ ᠳ᠋ᠦᠩᠨᠡᠨ᠂ ᠤᠳᠤᠬᠢ ᠪᠤᠯᠤᠨ ᠬᠤᠶᠢᠰᠢᠳᠡ ᠶᠢᠨ ᠨᠢᠬᠡ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠳᠡ ᠬᠢᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠤᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠤᠯᠤᠨ ᠪᠦᠬᠦ ᠤᠯᠤᠰ ᠤᠨ ᠰᠤᠷᠳᠠᠯ ᠤᠬᠠᠭᠤᠯᠭ᠎ᠠ ᠦᠵᠡᠯ ᠰᠠᠨᠠᠭ᠎ᠠ ᠶᠢᠨ ᠠᠵᠢᠯ ᠤᠨ ᠬᠤᠷᠠᠯ᠂ ᠠᠮᠢ ᠠᠬᠤᠢ ᠤᠷᠴᠢᠨ ᠲᠤᠭᠤᠷᠢᠨ ᠤ ᠤᠬᠠᠭᠤᠯᠭ᠎ᠠ ᠬᠦᠮᠦᠵᠢᠯ ᠤᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠪᠤᠯᠤᠨ ᠰᠤᠷᠳᠠᠯ ᠤᠬᠠᠭᠤᠯᠭ᠎ᠠ ᠦᠵᠡᠯ ᠰᠠᠨᠠᠭ᠎ᠠ ᠶᠢᠨ ᠠᠵᠢᠯ ᠤᠨ ᠴᠢᠬᠤᠯᠠ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠪᠦᠬᠦ ᠤᠯᠤᠰ ᠪᠦᠬᠦ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠡ ᠶᠢᠨ ᠬᠤᠷᠠᠯ ᠤᠨ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠶᠢᠨ ᠪᠠᠶᠢᠷᠢᠯᠠᠭᠤᠯᠤᠯᠳᠡ ᠶᠢ ᠨᠡᠩ ᠰᠠᠶᠢᠨ ᠢᠶᠠᠷ ᠨᠠᠶᠢᠳᠠᠪᠤᠷᠢᠵᠢᠭᠤᠯᠬᠤ ᠬᠡᠷᠡᠭᠳᠡᠢ᠃ ᠠᠮᠢ ᠠᠬᠤᠢ ᠤᠷᠴᠢᠨ ᠲᠤᠭᠤᠷᠢᠨ ᠤ ᠤᠬᠠᠭᠤᠯᠭ᠎ᠠ ᠬᠦᠮᠦᠵᠢᠯ ᠤᠨ ᠠᠵᠢᠯ ᠪᠤᠯ ᠶᠡᠷᠤᠩᠬᠡᠢ ᠱᠦᠵᠢ ᠶᠢᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠬᠤ ᠲᠤᠳᠤᠭᠠᠳᠤ ᠱᠠᠭᠠᠷᠳᠠᠯᠭ᠎ᠠ ᠮᠦᠨ᠂ ᠪᠤᠬᠢᠷᠳᠤᠯ ᠢ ᠰᠡᠷᠬᠡᠶᠢᠯᠡᠨ ᠵᠠᠰᠠᠬᠤ ᠰᠢᠪᠲᠤᠯᠤᠯᠲᠠ ᠶᠢᠨ ᠲᠠᠶᠢᠯᠠᠯᠳᠤᠭᠠᠨ ᠤ ᠢᠯᠠᠯᠳᠡ ᠶᠢ ᠡᠷᠡᠰ ᠲᠡᠮᠡᠴᠡᠨ ᠤᠯᠬᠤ ᠴᠢᠬᠤᠯᠡ ᠪᠠᠳᠤᠯᠠᠭ᠎ᠠ ᠮᠦᠨ᠂ ᠨᠡᠶᠢᠬᠡᠮ ᠤᠨ ᠶᠠᠷᠢᠶ᠎ᠡ ᠬᠡᠯᠡᠯᠴᠡᠭᠡ ᠶᠢ ᠵᠦᠪ ᠤᠨᠤᠪᠴᠢᠳᠠᠢ ᠤᠳᠤᠷᠢᠳᠤᠨ ᠲᠠᠭᠠᠭᠤᠯᠬᠤ ᠲᠤᠯᠭᠠᠮ ᠬᠡᠷᠡᠭᠴᠡᠭᠡ ᠱᠠᠭᠠᠷᠳᠠᠯᠭ᠎ᠠ ᠮᠦᠨ ᠬᠡᠪᠠ᠃      ᠬᠤᠷᠠᠯ ᠠᠴᠠ ᠱᠠᠭᠠᠷᠳᠠᠬᠰᠠᠨ ᠨᠢ᠂ ᠪᠦᠬᠦ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠡ  ᠶᠢᠨ ᠰᠢᠰᠲ᠋ᠧᠮ ᠤᠨ ᠬᠢᠨ ᠤᠯᠤᠰ ᠲᠦᠷᠦ ᠶᠢᠨ ᠵᠤᠬᠰᠤᠴᠡ ᠪᠠᠨ ᠲᠡᠬᠡᠭᠰᠢᠯᠡᠬᠦᠯᠵᠤ᠂ ᠬᠠᠷᠢᠭᠤᠴᠠᠯᠭ᠎ᠠ ᠪᠠᠨ ᠴᠢᠩᠭᠠᠳᠬᠠᠨ᠂ ᠠᠮᠢ ᠠᠬᠤᠢ ᠤᠷᠴᠢᠨ ᠲᠤᠭᠤᠷᠢᠨ ᠤ ᠤᠬᠠᠭᠤᠯᠭ᠎ᠠ ᠬᠦᠮᠦᠵᠢᠯ ᠤᠨ ᠠᠵᠢᠯ ᠤᠨ ᠴᠢᠬᠤᠯᠡ ᠠᠴᠢ ᠬᠤᠯᠪᠤᠬᠳᠠᠯ ᠢ ᠬᠦᠨᠵᠡᠬᠡᠢ ᠲᠠᠨᠢᠵᠤ᠂ ᠦᠵᠡᠯ ᠰᠠᠨᠠᠭ᠎ᠠ ᠶᠢᠨ ᠤᠬᠠᠮᠰᠠᠷ᠂ ᠤᠯᠤᠰ ᠲᠦᠷᠦ ᠶᠢᠨ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠲᠠᠰᠤᠷᠠᠯᠳᠡ ᠦᠬᠡᠢ ᠲᠡᠬᠡᠭᠰᠢᠯᠡᠬᠦᠯᠵᠤ᠂ ᠪᠤᠬᠢᠷᠳᠤᠯ ᠢ ᠰᠡᠷᠬᠡᠶᠢᠯᠡᠨ ᠵᠠᠰᠠᠬᠤ ᠰᠢᠪᠲᠤᠯᠤᠯᠲᠠ ᠶᠢᠨ ᠲᠠᠶᠢᠯᠠᠯᠳᠤᠭᠠᠨ ᠤ ᠢᠯᠠᠯᠳᠡ ᠶᠢ ᠡᠷᠡᠰ ᠲᠡᠮᠡᠴᠡᠨ ᠤᠯᠬᠤ᠂ ᠡᠬᠡ ᠤᠯᠤᠰ ᠤᠨ ᠤᠮᠠᠷᠠᠳᠤ ᠶᠢᠨ ᠴᠢᠬᠤᠯᠡ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ᠂ ᠡᠬᠡ ᠤᠯᠤᠰ ᠤᠨ ᠤᠮᠠᠷᠠᠳᠤ ᠶᠢᠨ ᠲᠦᠮᠡᠨ ᠭᠠᠵᠡᠷ ᠤᠨ ᠨᠤᠮᠢᠨ ᠨᠤᠭᠤᠭᠠᠨ ᠤᠷᠳᠤ ᠴᠠᠭᠠᠨ ᠬᠡᠷᠡᠮ ᠢ ᠴᠤᠬᠴᠠᠯᠠᠨ ᠪᠠᠶᠢᠭᠤᠯᠬᠤ ᠳᠤ ᠰᠠᠶᠢᠨ ᠰᠠᠶᠢᠬᠠᠨ ᠤᠷᠴᠢᠨ ᠨᠦᠭᠦᠴᠡᠯ ᠢ ᠪᠤᠢ ᠪᠤᠯᠭᠠᠵᠤ ᠦᠭᠬᠦ ᠬᠡᠷᠡᠭᠳᠡᠢ ᠬᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号