ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠎ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 26 ᠳ᠋ᠤᠭᠠᠷ ᠤᠳᠠᠭ᠎ᠠ ᠶᠢᠨ ᠡᠷᠬᠢᠯᠡᠭᠴᠢᠳ ᠤᠨ ᠬᠤᠷᠠᠯ ᠬᠢᠵᠡᠢ
ᠨᠡᠶᠢᠲᠡᠯᠡᠭᠰᠡᠨ ᠴᠠᠭ᠄
2018/11/26
     11 ᠳ᠋ᠦ᠋ᠭᠡᠷ ᠰᠠᠷ᠎ᠠ ᠶᠢᠨ 25᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 26 ᠳ᠋ᠤᠭᠠᠷ ᠤᠳᠠᠭ᠎ᠠ ᠶᠢᠨ ᠡᠷᠬᠢᠯᠡᠭᠴᠢᠳ ᠤᠨ ᠬᠤᠷᠠᠯ ᠬᠢᠵᠤ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠳᠤᠭᠠᠷ ᠬᠤᠷᠠᠯ ᠢ 12 ᠳ᠋ᠤᠭᠠᠷ ᠰᠠᠷ᠎ᠠ ᠶᠢᠨ 3᠎ ᠤ ᠡᠳᠦᠷ ᠬᠦᠬᠡᠬᠤᠳᠠ ᠳᠤ ᠬᠤᠷᠠᠯᠳᠤᠭᠤᠯᠬᠤ ᠪᠠᠷ ᠲᠤᠬᠳᠠᠪᠠ᠃      ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠩᠭᠤ ᠶᠢᠨ ᠲᠡᠳ᠋ ᠡᠷᠬᠢᠯᠡᠭᠴᠢ ᠨᠠᠰᠤᠨᠮᠦ᠋ᠡᠭᠭᠡ ᠬᠤᠷᠠᠯ ᠢ ᠡᠷᠬᠢᠯᠡᠵᠦ᠂ ᠲᠡᠳ᠋ ᠡᠷᠬᠢᠯᠡᠭᠴᠢ ᠸᠠᠩ ᠪᠦᠸᠧ᠂ ᠡᠤ ᠲᠤᠸᠠᠨ ᠶᠢᠩ᠂ ᠯᠢ ᠷᠦᠡᠭ ᠰᠢ᠂ ᠯᠢᠶᠠᠨ ᠰᠤ᠋᠂ ᠨᠠᠷᠢᠨ ᠪᠢᠴᠢᠭ ᠤᠨ ᠲᠠᠷᠤᠭ᠎ᠠ ᠱᠢ ᠸᠧᠨ ᠰᠢᠤᠸᠠᠢ ᠬᠤᠷᠠᠯ ᠳᠤ ᠤᠷᠤᠯᠴᠠᠵᠠᠢ᠃      ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠳᠤᠭᠠᠷ ᠬᠤᠷᠠᠯ ᠤᠨ ᠰᠠᠨᠠᠭᠤᠯᠭ᠎ᠠ ᠶᠢᠨ ᠵᠦᠪᠯᠡᠬᠦ ᠵᠦᠢᠯᠡᠰ ᠢ ᠪᠠᠳᠤᠯᠠᠪᠠ᠄ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠦᠰᠦᠪ ᠢ ᠬᠢᠨᠠᠨ ᠪᠠᠶᠢᠴᠠᠭᠠᠵᠤ ᠬᠢᠨᠠᠯᠳᠠ ᠲᠠᠯᠪᠢᠬᠤ ᠲᠦᠷᠢᠮ ︵ᠲᠦᠰᠦᠯ ᠤᠨ ᠵᠠᠰᠠᠪᠤᠷᠢ ᠤᠷᠤᠭᠤᠯᠤᠭᠰᠠᠨ ᠨᠤᠤᠷᠠᠭ︶︾ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠲᠦᠷᠢᠮ ︵ᠲᠦᠰᠦᠯ ᠤᠨ ᠵᠠᠰᠠᠪᠤᠷᠢ ᠤᠷᠤᠭᠤᠯᠤᠬᠰᠠᠨ ᠨᠤᠤᠷᠠᠬ︶︾ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠎ ᠤ ᠰᠢᠨᠵᠢᠯᠡᠭᠦ ᠤᠬᠠᠭᠠᠨ ᠮᠡᠷᠭᠡᠵᠢᠯ ᠤᠨ ᠦᠷ᠎ᠠ ᠪᠦᠲᠦᠭᠡᠯ ᠤᠨ ᠤᠯᠠᠷᠢᠭᠤᠯᠤᠯᠲᠠ ᠶᠢ ᠠᠬᠢᠭᠤᠯᠬᠤ ᠲᠦᠷᠢᠮ ︵ᠲᠦᠰᠦᠯ ᠤᠨ ᠵᠠᠰᠠᠪᠤᠷᠢ ᠤᠷᠤᠭᠤᠯᠤᠭᠰᠠᠨ ᠨᠤᠤᠷᠠᠭ︶︾ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠎ ᠤ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠲᠦᠷᠢᠮ ︵ᠲᠦᠰᠦᠯ︶︾ ︽ᠦᠪᠤᠷ ᠮᠤᠩᠭᠤᠯ ᠎ ᠤᠨ ᠦᠪᠡᠷᠳᠡᠭᠡᠨ ᠵᠠᠰᠠᠬᠤ ᠤᠷᠤᠨ ᠤ ᠲᠠᠷᠢᠮᠠᠯ ᠤᠨ ᠦᠷ᠎ᠠ ᠶᠢᠨ ᠲᠦᠷᠢᠮ ︵ᠵᠠᠰᠠᠪᠤᠷᠢ ᠤᠷᠤᠭᠤᠯᠤᠬᠰᠠᠨ ᠨᠤᠤᠷᠠᠬ︶ ︾ ︽︿ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠤᠭᠤ ᠭᠠᠵᠠᠷ ᠤᠨ ᠬᠠᠮᠠᠭᠠᠯᠠᠯᠳᠠ ᠶᠢᠨ ᠲᠦᠷᠢᠮ﹀ ᠵᠡᠷᠭᠡ 5 ᠤᠷᠤᠨ ᠨᠤᠳᠤᠬ ᠤᠨ ᠴᠢᠨᠠᠷᠳᠠᠢ ᠬᠠᠤᠯᠢ ᠳᠦᠷᠢᠮ ᠳᠤ ᠵᠠᠰᠠᠪᠤᠷᠢ ᠤᠷᠤᠭᠤᠯᠤᠬᠰᠠᠨ ᠨᠤᠤᠷᠠᠬ ︵ᠲᠦᠰᠦᠯ︶︾᠎ ᠢ ᠬᠢᠨᠠᠨ ᠵᠦᠪᠯᠡᠨ᠎ᠠ︔ ︽ᠵᠠᠷᠢᠮ ᠤᠷᠤᠨ ᠨᠤᠳᠤᠭ ᠤᠨ ᠴᠢᠨᠠᠷᠳᠠᠢ ᠬᠠᠤᠯᠢ ᠲᠦᠷᠢᠮ ᠳᠤ ᠵᠠᠰᠠᠪᠤᠷᠢ ᠤᠷᠤᠭᠤᠯᠬᠤ ᠲᠤᠬᠠᠢ ᠬᠦᠬᠡᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠤᠬᠳᠠᠭᠠᠯ︾ ︽ᠤᠯᠠᠭᠠᠨᠬᠠᠳᠠ ᠬᠤᠳᠠ ᠶᠢᠨ ᠭᠠᠵᠠᠷ ᠲᠤᠤᠷᠠᠬᠢ ᠤᠰᠤᠨ ᠤ ᠬᠠᠮᠠᠭᠠᠯᠠᠯᠳᠠ ᠶᠢᠨ ᠲᠦᠷᠢᠮ︾ ︽ᠤᠯᠠᠭᠠᠨᠴᠠᠪ ᠬᠤᠳᠠ ᠶᠢᠨ ᠠᠳᠠᠯ ᠠᠬᠤᠢ ᠶᠢᠨ ᠬᠠᠮᠢᠶᠠᠷᠤᠯᠳᠠ ᠶᠢᠨ ᠲᠦᠷᠢᠮ︾ ︽ᠪᠠᠶᠠᠨᠨᠠᠭᠤᠷ ᠬᠤᠳᠠ ᠶᠢᠨ ᠬᠤᠳᠠ ᠶᠢᠨ ᠳᠦᠷᠢ ᠲᠦᠷᠭᠦ ᠪᠠ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠳᠠ ᠶᠢᠨ ᠲᠦᠷᠢᠮ︾᠎ ᠢ ᠬᠢᠨᠠᠨ ᠪᠠᠶᠢᠴᠠᠭᠠᠵᠤ ᠵᠦᠪᠰᠢᠶᠡᠷᠡᠨ᠎ᠠ︔ ︽︿ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠦᠨᠳᠦᠰᠦᠨ ᠬᠠᠤᠯᠢ﹀᠎ ᠶᠢ ᠬᠦᠨᠵᠡᠭᠡᠢ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠬᠡᠷᠡᠭᠵᠢᠭᠦᠯᠭᠦ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠰᠢᠢᠳᠪᠤᠷᠢ ︵ᠲᠦᠰᠦᠯ︶︾ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠢ ᠬᠤᠷᠠᠯᠳᠤᠭᠤᠯᠬᠤ ᠲᠤᠬᠠᠢ ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠎ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠤᠬᠳᠠᠭᠠᠯ ︵ᠲᠦᠰᠦᠯ︶︾᠎ ᠢ ᠬᠢᠨᠠᠨ ᠵᠦᠪᠯᠡᠨ᠎ᠠ︔ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡ ᠶᠢᠨ ᠪᠠᠳᠤᠯᠠᠭ᠎ᠠ ᠶᠢᠨ ᠬᠠᠤᠯᠢ︾᠎ ᠶᠢ ᠬᠡᠷᠡᠭᠵᠢᠭᠦᠯᠦᠭᠰᠡᠨ ᠪᠠᠶᠢᠳᠠᠯ ᠳᠤ ᠪᠠᠶᠢᠴᠠᠭᠠᠯᠲᠠ ᠬᠢᠬᠦ ᠲᠤᠬᠠᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠬᠡᠷᠡᠭᠵᠢᠭᠦᠯᠭᠦ ᠪᠠᠶᠢᠴᠠᠭᠠᠯᠲᠠ ᠶᠢᠨ ᠳᠤᠭᠤᠶᠢᠯᠠᠩ ᠤᠨ ᠮᠡᠳᠡᠭᠦᠯᠦᠯᠳᠡ ᠶᠢ ᠰᠤᠨᠤᠰᠤᠨ ᠬᠢᠨᠠᠨ ᠵᠦᠪᠯᠡᠨ᠎ᠠ︔ ᠵᠤᠭᠠᠴᠠᠯ ᠤᠨ ᠦᠢᠯᠡᠰ ᠤᠨ ᠬᠦᠭᠵᠢᠯᠳᠠ ᠶᠢ ᠲᠦᠷᠭᠡᠳᠭᠡᠨ ᠠᠬᠢᠭᠤᠯᠤᠬᠰᠠᠨ ᠪᠠᠶᠢᠳᠠᠯ ᠤᠨ ᠮᠡᠳᠡᠭᠦᠯᠦᠯᠳᠡ ᠶᠢ ᠬᠢᠨᠠᠨ ᠵᠦᠪᠯᠡᠭᠰᠡᠨ ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ ᠮᠡᠳᠡᠭᠦᠯᠦᠯᠳᠡ᠂ ᠦᠪᠡᠷᠳᠡᠭᠡᠨ ᠵᠠᠰᠠᠬᠤ ᠤᠷᠤᠨ ᠤ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠬᠦᠭᠵᠢᠯᠳᠠ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠭᠦᠯᠭᠡ ᠶᠢᠨ ᠬᠦᠳᠦᠯᠪᠤᠷᠢ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠤᠮᠳᠠ ᠬᠤᠭᠤᠴᠠᠭᠠᠨ ᠤ ᠦᠨᠡᠯᠡᠯᠳᠡ ᠶᠢᠨ ᠮᠡᠳᠡᠭᠦᠯᠦᠯᠳᠡ ᠶᠢ ᠰᠤᠨᠤᠰᠤᠨ ᠬᠢᠨᠠᠨ ᠵᠦᠪᠯᠡᠨ᠎ᠠ︔ ᠦᠪᠡᠷᠳᠡᠭᠡᠨ ᠵᠠᠰᠠᠬᠤ ᠤᠷᠤᠨ ᠤ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠎ ᠤᠨ ᠬᠦᠭᠵᠢᠯᠳᠠ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠭᠦᠯᠭᠡ ᠶᠢᠨ ᠬᠦᠳᠦᠯᠪᠤᠷᠢ ᠶᠢᠨ ᠲᠤᠬᠢᠷᠠᠭᠤᠯᠭ᠎ᠠ ᠶᠢᠨ ᠲᠦᠰᠦᠪ ︵ᠲᠦᠰᠦᠯ︶᠎ ᠢ ᠬᠢᠨᠠᠨ ᠪᠠᠶᠢᠴᠠᠭᠠᠵᠤ ᠵᠦᠪᠰᠢᠶᠡᠷᠡᠨ᠎ᠠ︔ 2018 ᠤᠨ ᠤ ᠦᠪᠡᠷᠳᠡᠭᠡᠨ ᠵᠠᠰᠠᠬᠤ ᠤᠷᠤᠨ ᠤ ᠲᠤᠰ ᠱᠠᠳᠤᠨ ᠤ ᠲᠦᠰᠦᠪ ᠤᠨ ᠲᠤᠬᠢᠷᠠᠭᠤᠯᠭ᠎ᠠ ᠶᠢᠨ ᠲᠦᠰᠦᠪ ︵ᠲᠦᠰᠦᠯ︶ ᠎ ᠤᠨ ᠲᠤᠬᠠᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ ᠮᠡᠳᠡᠭᠦᠯᠦᠯᠳᠡ ︵ᠪᠢᠴᠢᠭ ᠤᠨ ᠬᠡᠯᠪᠡᠷᠢ︶᠂ 2018 ᠤᠨ ᠤ ᠡᠨᠧᠷᠭᠢ ᠠᠷᠪᠢᠯᠠᠬᠤ ᠠᠵᠢᠯ ᠤᠨ ᠪᠠᠶᠢᠳᠠᠯ ᠤᠨ ᠲᠤᠬᠠᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ ᠮᠡᠳᠡᠭᠦᠯᠦᠯᠳᠡ ︵ᠪᠢᠴᠢᠭ ᠤᠨ ᠬᠡᠯᠪᠡᠷᠢ︶᠎ ᠶᠢ ᠬᠢᠨᠠᠨ ᠵᠦᠪᠯᠡᠨ᠎ᠠ︔ ᠠᠵᠦ ᠠᠬᠤᠶᠢᠯᠠᠯ ᠤᠨ ᠤᠯᠤᠰ ᠤᠨ ᠦᠮᠴᠢᠯᠠᠯ ᠤᠨ ᠡᠳ᠋ ᠬᠦᠷᠦᠩᠭᠡ ᠶᠢᠨ ᠬᠠᠮᠢᠶᠠᠷᠤᠯᠳᠠ ᠶᠢᠨ ᠪᠠᠶᠢᠳᠠᠯ ᠤᠨ ᠲᠤᠬᠠᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ ᠮᠡᠳᠡᠭᠦᠯᠦᠯᠳᠡ ᠶᠢ ᠰᠤᠨᠤᠰᠤᠨ ᠬᠢᠨᠠᠨ ᠵᠦᠪᠯᠡᠨ᠎ᠠ︔ ᠪᠦᠭᠦ ᠤᠷᠤᠨ ᠤ ᠰᠢᠭᠦᠭᠦ ᠬᠤᠷᠢᠶ᠎ᠠ ᠶᠢᠨ ᠨᠠᠶᠢᠳᠠᠪᠤᠷᠢᠵᠢᠭᠤᠯᠵᠤ ᠬᠡᠷᠡᠭᠵᠢᠭᠦᠯᠭᠦ ᠠᠵᠢᠯ ᠢ ᠬᠢᠨᠠᠨ ᠵᠦᠪᠯᠡᠭᠰᠡᠨ ᠰᠠᠨᠠᠯ ᠤᠨ ᠪᠠᠶᠢᠳᠠᠯ ᠤᠨ ᠲᠤᠬᠠᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠤᠷ ᠵᠡᠷᠭᠡ ᠶᠢᠨ ᠰᠢᠭᠦᠭᠦ ᠬᠤᠷᠢᠶ᠎ᠠ ᠶᠢᠨ ᠮᠡᠳᠡᠭᠦᠯᠦᠯᠳᠡ ᠶᠢ ᠰᠤᠨᠤᠰᠤᠨ ᠬᠢᠨᠠᠨ ᠵᠦᠪᠯᠡᠨ᠎ᠠ︔ ᠪᠦᠭᠦ ᠤᠷᠤᠨ ᠤ ᠪᠠᠶᠢᠴᠠᠭᠠᠬᠤ ᠪᠠᠶᠢᠭᠤᠯᠭ᠎ᠠ ᠶᠢᠨ ᠨᠡᠶᠢᠲᠡ ᠶᠢᠨ ᠠᠰᠠᠷᠠᠮᠵᠢ ᠶᠢᠨ ᠵᠠᠷᠭᠤ ᠦᠷᠨᠢᠭᠦᠯᠦᠭᠰᠡᠨ ᠠᠵᠢᠯ ᠢ ᠦᠷᠨᠢᠭᠦᠯᠦᠭᠰᠡᠨ ᠪᠠᠶᠢᠳᠠᠯ ᠤᠨ ᠲᠤᠬᠠᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠮᠡᠳᠡᠬᠦᠯᠦᠯᠳᠡ ᠶᠢ ᠰᠤᠨᠤᠰᠤᠨ ᠬᠢᠨᠠᠨ ᠵᠦᠪᠯᠡᠨ᠎ᠠ︔ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠎ ᠤᠨ ᠠᠩᠬᠠᠳᠤᠭᠠᠷ ᠬᠤᠷᠠᠯ ᠤᠨ ᠲᠦᠯᠦᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠠᠯ ᠪᠠ ᠰᠠᠨᠠᠯ ᠢ ᠰᠢᠢᠳᠪᠤᠷᠢᠯᠡᠭᠰᠡᠨ ᠪᠠᠶᠢᠳᠠᠯ ᠤᠨ ᠲᠤᠬᠠᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯᠳᠠᠨ ᠤ ᠶᠠᠪᠤᠳᠠᠯ ᠲᠦᠯᠦᠭᠡᠯᠡᠭᠴᠢ ᠶᠢᠨ ᠰᠤᠩᠭᠤᠭᠤᠯᠢ ᠶᠢᠨ ᠠᠵᠢᠯ ᠤᠨ ᠵᠦᠪᠯᠡᠯ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ ᠠᠯᠪᠠᠨ ᠲᠢᠩᠭᠢᠮ᠂ ᠦᠪᠡᠷᠳᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠢᠩᠭᠢᠮ ᠤᠨ ᠮᠡᠳᠡᠭᠦᠯᠦᠯᠳᠡ ᠶᠢ ᠰᠤᠨᠤᠰᠤᠨ ᠬᠢᠨᠠᠨ ᠵᠦᠪᠯᠡᠭᠦ ᠶᠢᠨ ᠬᠠᠮᠳᠤ᠂ ᠦᠪᠡᠷᠳᠡᠭᠡᠨ ᠵᠠᠰᠬᠠᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠢᠩᠭᠢᠮ ᠤᠨ ᠰᠠᠨᠠᠭᠤᠯᠭ᠎ᠠ᠂ ᠰᠢᠭᠦᠮᠵᠢᠯᠠᠯ ᠪᠠ ᠰᠠᠨᠠᠯ ᠢ ᠰᠢᠢᠳᠪᠤᠷᠢᠯᠡᠭᠰᠡᠨ ᠪᠠᠶᠢᠳᠠᠯ ᠳᠤ ᠨᠢ ᠠᠵᠢᠯ ᠤᠨ ᠦᠨᠡᠯᠡᠯᠳᠡ ᠬᠢᠨ᠎ᠠ︔ ᠠᠵᠢᠯᠳᠠᠨ ᠤ ᠶᠠᠪᠤᠳᠠᠯ ᠤᠨ ᠲᠤᠰᠢᠶᠠᠯ ᠳᠤ ᠲᠤᠮᠢᠯᠠᠵᠦ ᠲᠤᠰᠢᠶᠠᠯ ᠠᠴᠠ ᠨᠢ ᠪᠠᠭᠤᠯᠭᠠᠬᠤ ᠵᠦᠢᠯᠡᠰ ᠢ ᠬᠢᠨᠠᠨ ᠵᠦᠪᠯᠡᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号