ᠡᠨᠡ ᠵᠢᠯ ᠠᠴᠠ ᠨᠠᠭᠠᠰᠢ ᠥᠪᠥᠷ ᠮᠣᠩᠭᠤᠯ ᠨᠡᠶᠢᠲᠡ 9.11 ᠳ᠋ᠦᠩᠰᠢᠭᠤᠷ ᠲᠥᠭᠦᠷᠢᠭ ᠤᠨ ᠦᠢᠯᠡᠰ | ᠴᠣᠭᠴᠠᠯᠠᠬᠤ ᠳᠠᠭᠠᠭᠠᠯᠳᠠᠳᠤ ᠵᠢᠭᠡᠯᠡᠯᠭᠡ ᠲᠠᠯᠪᠢᠨ᠂ 8000 ᠬᠥᠮᠦᠨ ᠤ ᠦᠶᠯᠡᠰ ᠴᠣᠭᠴᠠᠯᠠᠬᠤ ᠶᠢ ᠨᠢ ᠲᠡᠳᠬᠦᠵᠦ᠂ | ᠦᠶᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠬᠦᠴᠦᠨ ᠢ ᠳᠠᠬᠢᠨ ᠢᠶᠠᠷ ᠨᠡᠮᠡᠭᠳᠡᠭᠦᠯᠬᠦ | ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠪᠡ᠃ | ᠥᠪᠥᠷ ᠮᠣᠩᠭᠤᠯ ᠦᠶᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠤᠯᠠᠮ | ᠨᠢᠭᠡ ᠠᠯᠬᠤᠮ ᠨᠠᠶᠢᠳᠠᠪᠤᠷᠢᠵᠢᠭᠤᠯᠵᠤ᠂ ᠨᠥᠬᠦᠴᠡᠯ ᠳᠤ ᠨᠡᠶᠢᠴᠡᠬᠦ ᠳᠠᠩᠰᠠᠯᠠᠭᠤᠯᠤᠭᠰᠠᠨ ᠠᠵᠢᠯ ᠠᠯᠳᠠᠭᠰᠠᠳ᠂ ᠶᠡᠭᠡ | ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠤᠯᠬᠤ ᠳᠤ ᠬᠦᠴᠢᠷᠲᠡᠶ ᠬᠥᠮᠦᠰ᠂ ᠴᠡᠷᠢᠭ ᠠᠴᠠ ᠬᠠᠯᠠᠭᠳᠠᠭᠰᠠᠳ | ᠰᠢᠯᠵᠢᠭᠰᠡᠳ ᠪᠠᠭᠤᠭᠰᠠᠳ ᠵᠡᠷᠭᠡ ᠬᠥᠮᠦᠰ ᠪᠦᠬᠦᠨ ᠳᠤ 2 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠳᠬᠦᠨ | ᠳᠡᠮᠵᠢᠬᠦ ᠲᠥᠷᠥ ᠶᠢᠨ ᠪᠣᠳᠣᠯᠭ᠎ᠠ ᠶᠢ ᠬᠦᠷᠲᠡᠭᠡᠬᠦ ᠪᠣᠯᠭᠠᠵᠠᠢ︔ ᠨᠤᠲᠤᠭ ᠲᠠᠭᠠᠨ ᠪᠤᠴᠠᠵᠤ ᠠᠵᠢᠯ ᠦᠢᠯᠡᠰ | ᠴᠣᠭᠴᠠᠯᠠᠭᠰᠠᠳ ᠤᠨ ᠥᠪᠡᠷᠮᠢᠴᠡ ᠤᠨᠴᠠᠯᠢᠭᠳᠤ ᠳᠠᠷᠢᠵᠤ ᠲᠡᠵᠢᠭᠡᠬᠦ ᠦᠢᠯᠡᠰ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠦᠢᠯᠡᠰ ᠵᠡᠷᠭᠡ ᠠᠵᠢᠯ ᠲᠦᠷᠦᠯ ᠢ ᠬᠥᠭᠵᠢᠭᠦᠯᠬᠦ ᠶᠢ | ᠨᠢ ᠳᠡᠮᠵᠢᠵᠦ᠂ ᠲᠡᠳᠡᠨ ᠢ ᠬᠥᠲᠥᠯᠥᠨ ᠵᠢᠯᠣᠭᠤᠳᠴᠤ ᠪᠠᠶᠢᠭᠠᠳ ᠪᠡᠯᠡ ᠣᠷᠣᠭᠤᠯᠤᠯᠲᠠ ᠪᠠᠷ ᠪᠠᠭ᠎ᠠ᠂ ᠠᠶᠤᠯ | ᠲᠦᠭᠰᠢᠭᠦᠷᠢ ᠪᠠᠭ᠎ᠠ᠂ ᠦᠷ᠎ᠡ ᠠᠰᠢᠭ ᠤᠯᠬᠤ ᠨᠢ ᠲᠦᠷᠭᠡᠨ ᠣᠨᠴᠠᠯᠢᠭᠲᠤ ᠲᠠᠷᠢᠶᠠᠯᠠᠩ ᠮᠠᠯ ᠠᠵᠤ ᠠᠬᠤᠶ ᠶᠢᠨ | ᠲᠥᠷᠥᠯ ᠵᠦᠢᠯ ᠢ ᠬᠦᠭᠵᠢᠭᠦᠯᠵᠦ᠂ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠵᠤ᠂ | ᠬᠥᠭᠵᠢᠯᠲᠡ ᠪᠠᠷ ᠪᠠᠶᠠᠵᠢᠯ ᠢ ᠠᠬᠢᠭᠤᠯᠬᠤ ᠵᠣᠷᠢᠯᠭ᠎ᠠ ᠳᠤ ᠪᠠᠨ ᠬᠦᠷᠬᠦ ᠪᠣᠯᠤᠨ᠎ᠠ᠃ | ᠥᠪᠥᠷ ᠮᠣᠩᠭᠤᠯ ᠦᠢᠯᠡᠰ ᠴᠣᠭᠴᠠᠯᠠᠬᠤ ᠶᠢ ᠨᠡᠪᠴᠢᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢ | ᠲᠦᠷᠭᠡᠳᠬᠡᠵᠦ᠂ ᠡᠯ᠎ᠡ ᠭᠠᠵᠠᠷ ᠣᠷᠣᠨ ᠤ ᠰᠤᠯᠠ ᠪᠠᠶᠢᠭ᠎ᠠ ᠲᠠᠸᠠᠷ ᠤᠨ ᠬᠡᠷᠡᠭᠯᠡᠭᠡᠨ ᠤ ᠬᠡᠷ ᠪᠠᠶᠢᠰᠢᠩ᠂ ᠠᠵᠤ | ᠦᠶᠯᠡᠳᠪᠦᠷᠢ ᠶᠢᠨ ᠬᠡᠷ ᠪᠠᠶᠢᠰᠢᠩ᠂ ᠠᠵᠤ ᠠᠬᠤᠶᠢᠯᠠᠯ ᠤᠨ ᠰᠠᠩ ᠬᠥᠮᠥᠷᠭᠡ᠂ ᠡᠳ᠋ ᠪᠠᠷᠠᠭᠠᠨ ᠤ ᠭᠦᠶᠯᠭᠡᠭᠡᠨ ᠤ | ᠪᠡᠯᠡᠳᠬᠡᠮᠵᠢ ᠪᠠ ᠬᠡᠷ ᠪᠦᠯᠢ ᠶᠢᠨ ᠣᠷᠣᠨ ᠰᠠᠭᠤᠴᠠ᠂ ᠳᠥᠷᠢᠶᠡᠰᠦᠨ ᠬᠡᠷ ᠪᠠᠶᠢᠰᠢᠩ ᠵᠡᠷᠭᠡ ᠡᠬᠢ ᠪᠠᠶᠠᠯᠢᠭ ᠢ | ᠠᠮᠢᠳᠤᠯᠢᠭ ᠬᠡᠷᠡᠭᠯᠡᠵᠦ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠪᠠᠶᠢᠭᠤᠯᠬᠤ ᠶᠢ ᠨᠢ ᠵᠣᠷᠢᠭᠵᠢᠭᠤᠯᠬᠤ ᠪᠠ | ᠬᠥᠲᠥᠯᠥᠨ ᠵᠢᠯᠣᠭᠤᠳᠴᠤ᠂ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠵᠡᠷᠭᠡ ᠨᠡᠪᠴᠢᠭᠦᠯᠬᠦ | ᠪᠠᠶᠢᠭᠤᠯᠤᠮᠵᠢ ᠶᠢᠨ ᠠᠯᠪᠠᠨ ᠬᠡᠷᠡᠭᠯᠡᠭᠡᠨ ᠤ ᠭᠡᠷ ᠪᠠᠶᠢᠰᠢᠩ᠂ ᠤᠰᠤ᠂ ᠡᠨᠧᠷᠭᠢ᠂ ᠲᠣᠣᠷ ᠰᠦᠯᠵᠢᠶ᠎ᠡ ᠵᠡᠷᠭᠡ ᠵᠥᠭᠡᠯᠡᠨ | ᠬᠠᠲᠠᠭᠤ ᠲᠣᠨᠤᠭ ᠤᠨ ᠪᠡᠯᠡᠳᠬᠡᠮᠵᠢ ᠬᠡᠷᠡᠭᠯᠡᠬᠦ ᠳᠤ ᠨᠢ ᠬᠠᠷᠠᠭᠠᠯᠵᠠᠯ ᠦᠵᠡᠭᠦᠯᠬᠦ ᠪᠤᠶᠤ ᠨᠥᠬᠦᠪᠥᠷᠢ ᠣᠯᠭᠤᠵᠤ᠂ | ᠦᠢᠯᠡᠰ ᠴᠣᠭᠴᠠᠯᠠᠭᠰᠠᠳ ᠤᠨ ᠳᠠᠷᠤᠭᠠᠰᠤ ᠶᠢ ᠬᠥᠩᠭᠡᠷᠡᠭᠦᠯᠵᠡᠢ᠃ ᠥᠪᠥᠷ ᠮᠣᠩᠭᠤᠯ ᠤᠨ ᠡᠯ᠎ᠡ ᠠᠶᠢᠮᠠᠭ ᠬᠤᠲᠠ᠂ | ᠬᠤᠰᠢᠭᠤ ᠰᠢᠶᠠᠨ ᠨᠢ ᠵᠣᠬᠢᠬᠤ ᠬᠡᠪᠴᠢᠶᠡᠨ ᠤ ᠦᠶᠯᠡᠰ ᠴᠣᠭᠴᠠᠯᠠᠬᠤ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ | ᠭᠠᠵᠠᠷ ᠢ ᠪᠡᠯᠡ ᠣᠷᠤᠭᠤᠯᠤᠨ ᠪᠦᠳᠦᠭᠡᠨ ᠪᠠᠶᠢᠭᠤᠯᠵᠤ ᠲᠡᠳᠡᠭᠡᠷ ᠤᠨ ᠳᠣᠲᠣᠷᠠᠬᠢ ᠦᠶᠯᠡᠰ ᠴᠣᠭᠴᠠᠯᠠᠬᠤ ᠠᠵᠤ | ᠠᠬᠤᠶᠢᠯᠠᠯ ᠳᠤ ᠪᠣᠯᠪᠠᠰᠤᠷᠠᠭᠤᠯᠤᠯ ᠪᠣᠯᠤᠨ ᠵᠢᠯᠤᠭᠤᠳᠤᠯᠭ᠎ᠠ ᠶᠢᠨ ᠦᠢᠯᠡᠴᠢᠯᠡᠭᠡᠨ ᠬᠠᠩᠭᠠᠵᠤ᠂ ᠦᠢᠯᠡᠰ ᠴᠣᠭᠴᠠᠯᠠᠬᠤ | ᠪᠣᠯᠪᠠᠰᠤᠷᠠᠭᠤᠯᠤᠯ ᠬᠢᠭᠡᠳ ᠪᠠᠭ᠎ᠠ ᠲᠣᠭᠠᠨ ᠤ ᠲᠠᠭᠠᠭᠠᠯᠳᠠᠳᠤ ᠵᠢᠭᠡᠯᠡᠯᠭᠡ᠂ ᠭᠠᠶᠢᠯᠢ ᠰᠦᠢᠳᠬᠡᠯ ᠢ ᠬᠠᠰᠤᠵᠤ | ᠬᠡᠯᠲᠦᠷᠢᠭᠦᠯᠬᠦ ᠵᠡᠷᠭᠡ ᠲᠡᠳᠬᠦᠮᠵᠢ ᠶᠢᠨ ᠲᠥᠷᠥ ᠶᠢᠨ ᠪᠤᠳᠤᠯᠭ᠎ᠠ ᠵᠢᠴᠢ ᠦᠢᠯᠡᠰ ᠴᠣᠭᠴᠠᠯᠠᠬᠤ ᠯᠠᠪᠯᠠᠯᠭ᠎ᠠ ᠥᠭᠬᠦ᠂ | ᠦᠶᠯᠡᠰ ᠴᠣᠭᠴᠠᠯᠠᠬᠤ ᠶᠢ ᠨᠡᠪᠴᠢᠭᠦᠯᠬᠦ ᠵᠡᠷᠭᠡ ᠦᠢᠯᠡᠴᠢᠯᠡᠭᠡᠨ ᠤ ᠠᠷᠭ᠎ᠠ ᠪᠠᠷᠢᠯ ᠯᠤᠭ᠎ᠠ ᠶᠢᠨ ᠵᠣᠯᠭᠠᠭᠤᠯᠤᠯᠲᠠ ᠶᠢ | ᠴᠢᠩᠭᠠᠳᠬᠠᠵᠤ᠂ ᠦᠢᠯᠡᠰ ᠴᠣᠭᠴᠠᠯᠠᠬᠤ ᠠᠮᠵᠢᠯᠲᠠ ᠶᠢᠨ ᠨᠤᠷᠮ᠎ᠠ ᠶᠢ ᠳᠡᠭᠡᠭᠰᠢᠯᠡᠭᠦᠯᠵᠡᠢ᠃ | ᠣᠳᠣᠬᠠᠨ ᠳᠤ᠂ ᠥᠪᠥᠷ ᠮᠣᠩᠭᠤᠯ ᠤᠨ ᠳᠡᠭᠡᠳᠦ ᠵᠡᠷᠭᠡ ᠶᠢᠨ ᠰᠤᠷᠭᠠᠭᠤᠯᠢ ᠲᠡᠭᠦᠰᠦᠭᠰᠡᠳ ᠤᠨ ᠭᠠᠭᠴᠠ | ᠤᠳᠠᠭᠠᠨ ᠤ ᠵᠢᠭᠡᠯᠡᠯᠭᠡ ᠶᠢᠨ ᠬᠠᠮᠤᠭ ᠤᠨ ᠥᠨᠳᠥᠷ ᠲᠤ ᠪᠠᠨ 50 ᠲᠦᠮᠡᠨ ᠲᠥᠭᠦᠷᠢᠭ ᠲᠤ ᠬᠦᠷᠦᠭᠦᠯᠵᠦ᠂ ᠪᠤᠰᠤᠳ | ᠬᠥᠮᠦᠰ ᠤᠨ ᠭᠠᠭᠴᠠ ᠤᠳᠠᠭᠠᠨ ᠤ ᠵᠢᠭᠡᠯᠡᠯᠭᠡ ᠶᠢᠨ ᠬᠠᠮᠤᠭ ᠤᠨ ᠥᠨᠳᠥᠷ ᠪᠠᠷᠢᠮᠵᠢᠶ᠎ᠠ ᠶᠢ 10 ᠲᠦᠮᠡᠨ | ᠲᠥᠭᠦᠷᠢᠭ ᠢᠶᠠᠷ ᠨᠢᠭᠡᠳᠦᠯᠲᠡᠶ ᠳᠣᠭᠢᠷᠠᠭᠤᠯᠵᠤ᠂ ᠠᠵᠢᠯ ᠣᠯᠭᠤᠬᠤ ᠬᠦᠮᠦᠰ ᠢ ᠶᠡᠭᠡ ᠪᠠ ᠨᠡᠮᠡᠭᠳᠡᠭᠦᠯᠬᠦ ᠦᠢᠯᠡᠰ | ᠴᠣᠭᠴᠠᠯᠠᠬᠤ ᠲᠦᠷᠦᠯ ᠵᠦᠢᠯ ᠪᠣᠯᠤᠨ ᠵᠢᠭᠡᠯᠡᠯᠭᠡ ᠶᠢᠨ ᠳᠠᠭᠠᠭᠠᠯᠳᠠᠳᠤ ᠰᠠᠭᠤᠷᠢ ᠮᠥᠩᠭᠦ ᠲᠠᠢ᠂ ᠳᠡᠮ ᠬᠦᠦ | ᠮᠥᠩᠭᠦ ᠬᠠᠩᠭᠠᠮᠵᠢᠲᠠᠶ ᠭᠠᠵᠠᠷ ᠣᠷᠣᠨ ᠤ ᠭᠠᠭᠴᠠ ᠤᠳᠠᠭᠠᠨ ᠤ ᠵᠢᠭᠡᠯᠡᠯᠭᠡ ᠶᠢᠨ ᠬᠠᠮᠤᠭ ᠤᠨ ᠥᠨᠳᠥᠷ | ᠪᠠᠷᠢᠮᠵᠢᠶ᠎ᠠ ᠶᠢ 30 ᠲᠦᠮᠡᠨ ᠲᠥᠭᠦᠷᠢᠭ ᠲᠤ ᠬᠦᠷᠦᠭᠦᠯᠵᠡᠢ᠃ |