|
ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ᠄ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠰᠢᠯᠭᠠᠯᠲᠠ ᠶᠢᠨ ᠨᠡᠷ᠎ᠡ ᠮᠡᠳᠡᠭᠦᠯᠬᠦ ᠲᠦᠷᠢᠮ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠬᠦᠨᠳᠦ ᠪᠠᠷ ᠰᠢᠢᠳᠭᠡᠬᠦ ᠪᠠᠷ ᠪᠤᠢ |
|
|
ᠨᠡᠶᠢᠲᠡᠯᠡᠭᠰᠡᠨ ᠴᠠᠭ᠄
2018/11/28
|
|
11 ᠳ᠋ᠦ᠋ᠭᠡᠷ ᠰᠠᠷ᠎ᠠ ᠶᠢᠨ 22 ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠯᠪᠠᠨ ᠸᠢᠴᠠᠲ ᠢᠶᠠᠷ ᠮᠡᠳᠡᠭᠡ ᠨᠡᠶᠢᠲᠡᠯᠡᠵᠦ᠂ 2019 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠠᠵᠢᠯ ᠶᠠᠭ ᠡᠬᠢᠯᠡᠨ ᠶᠠᠪᠤᠭᠳᠠᠵᠤ ᠪᠤᠢ᠂ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠨᠡᠩ ᠬᠦᠨᠳᠦ ᠰᠢᠢᠳᠬᠡᠯ ᠥᠭᠴᠦ᠂ ᠡᠯ᠎ᠡ ᠲᠥᠷᠥᠯ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠪᠠᠷ ᠳᠠᠮᠵᠢᠭᠤᠯᠤᠨ ᠢᠯᠡᠴᠢᠯᠡᠨ ᠮᠡᠳᠡᠭᠦᠯᠬᠦ ᠪᠤᠶᠤ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠵᠦ ᠪᠣᠯᠤᠨ᠎ᠠ᠃ ᠪᠠᠶᠢᠴᠠᠭᠠᠨ ᠲᠣᠳᠤᠯᠠᠭᠠᠳ ᠦᠨᠡᠨ ᠮᠠᠭᠠᠳ ᠪᠣᠯ᠂ ᠠᠩᠬ᠎ᠠ ᠢᠯᠡᠴᠢᠯᠡᠨ ᠮᠡᠳᠡᠭᠦᠯᠦᠭᠴᠢ ᠶᠢ 1000 ᠲᠥᠭᠦᠷᠢᠭ ᠤᠨ ᠪᠡᠯᠡᠨ ᠵᠣᠭᠤᠰ ᠢᠶᠠᠷ ᠱᠠᠩᠨᠠᠨ᠎ᠠ ᠭᠡᠵᠦ ᠮᠡᠳᠡᠭᠳᠡᠵᠡᠢ᠃ ᠬᠠᠭᠤᠷᠮᠠᠭ ᠮᠡᠳᠡᠭᠡ ᠵᠠᠩᠭᠢ ᠪᠠᠷ ᠨᠡᠷ᠎ᠡ ᠮᠡᠳᠡᠭᠦᠯᠦᠭᠰᠡᠨ ᠪᠣᠯ ᠂ ᠬᠠᠭᠤᠷᠮᠠᠭ ᠢᠶᠠᠷ ᠨᠡᠷ᠎ᠡ ᠮᠡᠳᠡᠭᠦᠯᠬᠦ ᠮᠠᠲ᠋ᠧᠷᠢᠶᠠᠯ ᠬᠠᠩᠭᠠᠵᠤ ᠨᠡᠷ᠎ᠡ ᠮᠡᠳᠡᠭᠦᠯᠬᠦ ᠬᠢᠷᠢ ᠬᠡᠮ ᠢ ᠣᠯᠤᠭᠰᠠᠨ᠂ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠬᠦ ᠦᠭᠡᠢ ᠪᠠᠶᠢᠲᠠᠯ᠎ᠠ ᠪᠠᠨ ᠵᠢᠩᠬᠢᠨᠢ ᠪᠠᠷ ᠨᠡᠷ᠎ᠡ ᠮᠡᠳᠡᠭᠦᠯᠦᠭᠰᠡᠨ᠂ ︽ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠨᠡᠭᠦᠳᠡᠯ ᠢᠷᠭᠡᠨ︾ ᠢᠶᠠᠷ ᠪᠠᠶᠢᠴᠠᠭᠠᠨ ᠳᠣᠲᠣᠯᠠᠭᠰᠠᠨ ᠵᠡᠷᠭᠡ ᠰᠢᠯᠭᠠᠭᠤᠯᠤᠭᠰᠠᠳ ᠢ ᠪᠣᠯ ᠰᠢᠯᠭᠠᠯᠲᠠ ᠠᠴᠠ ᠡᠮᠦᠨ᠎ᠡ ᠪᠠᠶᠢᠴᠠᠭᠠᠨ ᠲᠣᠳᠣᠯᠠᠭᠰᠠᠨ ᠪᠣᠯ ᠨᠡᠷ᠎ᠡ ᠮᠡᠳᠡᠭᠦᠯᠬᠦ ᠬᠢᠷᠢ ᠬᠡᠮ ᠪᠣᠯᠣᠨ ᠰᠢᠯᠭᠠᠭᠤᠯᠬᠤ ᠬᠢᠷᠢ ᠬᠡᠮ ᠢ ᠨᠢ ᠬᠠᠰᠤᠵᠤ᠂ ᠰᠢᠯᠭᠠᠯᠲᠠ ᠶᠢᠨ ᠳᠠᠷᠠᠭ᠎ᠠ ᠪᠠᠶᠢᠴᠠᠭᠠᠨ ᠳᠣᠲᠣᠯᠠᠭᠰᠠᠨ ᠪᠣᠯ ᠰᠢᠯᠭᠠᠯᠲᠠ ᠶᠢᠨ ᠬᠢᠷᠢ ᠪᠦᠲᠦᠮᠵᠢ ᠪᠣᠯᠣᠨ ᠡᠯᠰᠡᠭᠳᠡᠬᠦ ᠬᠢᠷᠢ ᠬᠡᠮ ᠢ ᠨᠢ ᠬᠠᠰᠤᠵᠤ᠂ ᠡᠯᠰᠡᠭᠳᠡᠭᠰᠡᠨ ᠤ ᠳᠠᠷᠠᠭ᠎ᠠ ᠪᠠᠶᠢᠴᠠᠭᠠᠨ ᠲᠣᠳᠣᠯᠠᠭᠰᠠᠨ ᠪᠣᠯ ᠰᠤᠷᠭᠠᠭᠤᠯᠢ ᠳᠤ ᠣᠷᠣᠬᠤ ᠬᠢᠷᠢ ᠬᠡᠮ ᠢ ᠨᠢ ᠬᠠᠰᠤᠵᠤ᠂ ᠨᠢᠭᠡᠨᠲᠡ ᠰᠤᠷᠭᠠᠭᠤᠯᠢ ᠳᠤ ᠤᠷᠤᠭᠰᠠᠨ ᠪᠣᠯ ᠰᠤᠷᠭᠠᠭᠤᠯᠢ ᠶᠢᠨ ᠬᠠᠷᠢᠶ᠎ᠠ ᠶᠢ ᠨᠢ ᠬᠠᠰᠤᠨ᠎ᠠ᠃ ᠲᠣᠭᠲᠠᠭᠠᠯ ᠠᠴᠠ ᠵᠥᠷᠢᠴᠡᠨ ᠡᠷᠦᠬᠡ ᠠᠮᠠ ᠶᠢᠨ ᠳᠠᠩᠰᠠᠨ ᠪᠣᠯᠣᠨ ᠰᠤᠷᠭᠠᠭᠤᠯᠢ ᠶᠢᠨ ᠬᠠᠷᠢᠶ᠎ᠠ ᠶᠢᠨ ᠭᠠᠷᠳᠠᠮ ᠭᠦᠢᠴᠡᠳᠬᠡᠭᠰᠡᠨ᠂ ᠵᠠᠯᠭᠠᠯᠳᠤᠭᠠᠪᠠᠷ ᠰᠤᠷᠤᠯᠴᠠᠭᠰᠠᠨ ᠥᠩᠭᠡᠷᠡᠯᠲᠡ ᠪᠠᠨ ᠬᠠᠭᠤᠷᠮᠠᠭᠯᠠᠨ ᠵᠣᠬᠢᠶᠠᠭᠰᠠᠨ ᠪᠤᠶᠤ ᠬᠤᠪᠢᠷᠠᠭᠤᠯᠤᠨ ᠵᠣᠬᠢᠶᠠᠵᠤ᠂ ᠦᠨᠳᠦᠰᠦᠲᠡᠨ ᠤ ᠪᠦᠷᠢᠯᠳᠦᠬᠦᠨ ᠢᠶᠠᠨ ᠲᠣᠭᠲᠠᠭᠠᠯ ᠢ ᠵᠥᠷᠢᠴᠡᠨ ᠬᠠᠯᠠᠨ ᠥᠭᠡᠷᠡᠴᠢᠯᠡᠭᠰᠡᠨ᠂ ᠣᠷᠣᠰᠢᠨ ᠰᠠᠭᠤᠴᠠ᠂ ᠠᠵᠢᠯᠯᠠᠬᠤ ᠭᠠᠵᠠᠷ᠂ ᠨᠡᠶᠢᠭᠡᠮ ᠤᠨ ᠳᠠᠭᠠᠳᠬᠠᠯ ᠪᠤᠶᠤ ᠭᠠᠶᠢᠯᠢ ᠲᠤᠰᠢᠶᠠᠭᠰᠠᠨ ᠬᠤᠳᠠᠯ ᠬᠠᠭᠤᠷᠮᠠᠭ ᠭᠡᠷᠡᠴᠢ ᠬᠠᠩᠭᠠᠭᠰᠠᠨ ᠵᠡᠷᠭᠡ ᠬᠤᠯᠪᠣᠭᠳᠠᠯ ᠪᠦᠬᠦᠢ ᠬᠥᠮᠦᠰ ᠢ ᠪᠦᠷ ᠬᠠᠤᠯᠢ ᠲᠦᠷᠢᠮ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠨ᠎ᠡ᠃ ︽ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠨᠡᠭᠦᠳᠡᠯ ᠢᠷᠭᠡᠨ︾ ᠳᠤ ᠬᠤᠯᠪᠣᠭᠳᠠᠭᠰᠠᠨ ᠲᠦᠷᠢᠮ ᠢ ᠵᠥᠷᠢᠴᠡᠵᠦ ᠬᠠᠤᠯᠢ ᠶᠢ ᠵᠥᠷᠢᠴᠡᠭᠰᠡᠨ ᠬᠡᠷᠡᠭ ᠲᠤ ᠲᠤᠬᠠᠶ ᠶᠢᠨ ᠬᠥᠮᠦᠨ ᠠᠴᠠ ᠬᠠᠤᠯᠢ ᠶᠣᠰᠣᠭᠠᠷ ᠬᠠᠷᠢᠭᠤᠴᠠᠯᠭ᠎ᠠ ᠶᠢ ᠨᠡᠬᠡᠮᠵᠢᠯᠡᠬᠦ ᠠᠴᠠ ᠭᠠᠳᠠᠨ᠎ᠠ ᠪᠠᠰᠠ ᠭᠤᠣᠯᠯᠠᠨ ᠬᠠᠮᠢᠶᠠᠷᠬᠤ ᠤᠳᠤᠷᠢᠳᠤᠯᠭ᠎ᠠ ᠵᠢᠴᠢ ᠬᠠᠮᠢᠶ᠎ᠠ ᠪᠦᠭᠦᠢ ᠤᠳᠤᠷᠢᠳᠤᠯᠭ᠎ᠠ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ︔ ᠶᠠᠯ᠎ᠠ ᠳᠤ ᠬᠦᠷᠦᠭᠰᠡᠨ ᠪᠣᠯ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠲᠤᠰ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢᠳ ᠲᠤ ᠲᠤᠰ ᠰᠤᠷᠭᠠᠭᠤᠯᠢ ᠳᠤ ᠪᠠᠨ ᠨᠡᠷ᠎ᠡ ᠮᠡᠳᠡᠭᠦᠯᠬᠦ ᠭᠠᠷᠳᠠᠮ ᠢ ᠭᠦᠢᠴᠡᠳᠬᠡᠵᠦ ᠥᠭᠭᠦᠭᠰᠡᠨ ᠦᠭᠡᠢ ᠪᠤᠶᠤ ᠰᠢᠯᠭᠠᠭᠤᠯᠤᠭᠴᠢᠳ ᠲᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠭᠠᠵᠠᠷ ᠪᠣᠯᠣᠨ ᠬᠠᠮᠢᠶ᠎ᠠ ᠪᠦᠬᠦᠢ ᠪᠣᠯᠪᠠᠰᠤᠷᠠᠭᠤᠯᠤᠯ ᠢ ᠨᠥᠬᠦᠴᠡᠯ ᠦᠭᠡᠢ ᠪᠠᠷ ᠬᠠᠩᠭᠠᠭᠰᠠᠨ ᠦᠭᠡᠢ ᠳᠤᠮᠳᠠᠳᠤ ᠰᠤᠷᠭᠠᠭᠤᠯᠢ ᠶᠢᠨ ᠵᠠᠬᠢᠷᠤᠯ ᠢ ᠪᠥᠬᠦ ᠣᠷᠣᠨ ᠤ ᠬᠡᠪᠴᠢᠶᠡᠨ ᠳᠤ ᠨᠡᠪᠲᠡᠷᠡᠭᠦᠯᠦᠨ ᠰᠢᠭᠦᠮᠵᠢᠯᠡᠨ᠎ᠡ᠃ ᠨᠡᠷ᠎ᠡ ᠮᠡᠳᠡᠭᠦᠯᠬᠦ ᠠᠵᠢᠯ ᠢ ᠲᠣᠭᠲᠠᠭᠠᠯ ᠶᠣᠰᠣᠭᠠᠷ ᠦᠷᠨᠢᠭᠦᠯᠦᠭᠰᠡᠨ ᠤᠢᠭᠡᠢ᠂ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠬᠦ ᠦᠭᠡᠢ ᠰᠢᠯᠭᠠᠭᠤᠯᠤᠭᠴᠢ ᠪᠣᠯᠣᠨ ︽ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠨᠡᠭᠦᠳᠡᠯ ᠢᠷᠭᠡᠨ︾ ᠳᠤ ᠨᠡᠷ᠎ᠡ ᠮᠡᠳᠡᠭᠦᠯᠬᠦ ᠭᠠᠷᠳᠠᠮ ᠢ ᠭᠦᠢᠴᠡᠳᠬᠡᠵᠦ ᠥᠭᠭᠦᠭᠰᠡᠨ᠂ ᠬᠠᠷᠢᠶ᠎ᠠ ᠪᠦᠬᠦᠢ ᠰᠣᠷᠣᠭᠴᠢ ᠡᠯᠰᠡᠬᠦ ᠠᠵᠢᠯᠲᠠᠨ ᠡᠷᠬᠡ ᠪᠠᠨ ᠠᠰᠢᠭᠯᠠᠨ ᠠᠮᠢ ᠪᠠᠨ ᠪᠣᠷᠳᠣᠭᠰᠠᠨ ᠪᠥᠭᠡᠳ ᠤᠢᠢᠯᠠ ᠪᠠᠶᠢᠳᠠᠯ ᠨᠢ ᠬᠦᠨᠳᠦ ᠨᠣᠴᠢᠲᠠᠢ ᠪᠠᠶᠢᠬᠤ ᠵᠡᠷᠭᠡ ᠬᠤᠰᠢᠭᠤ ᠰᠢᠶᠠᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠶᠢ ᠭᠦᠢᠴᠡᠳᠬᠡᠬᠦ ᠬᠢᠷᠢ ᠬᠡᠮ ᠰᠢᠯᠭᠠᠯᠲᠠ ᠶᠢᠨ ᠴᠡᠭ ᠲᠣᠬᠢᠷᠠᠭᠤᠯᠬᠤ ᠬᠢᠷᠢ ᠭᠡᠮ ᠢ ᠨᠢ ᠴᠦᠮ ᠬᠠᠰᠤᠨ᠎ᠠ᠃
|
|
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|