ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠵᠢᠭᠦᠯᠬᠦ ᠲᠥᠰᠦᠯ ᠤᠨ ᠲᠣᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2018/11/29
     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ 2018 ᠣᠨ ᠤ 11 ᠳ᠋ᠦ᠋ᠭᠡᠷ ᠰᠠᠷ᠎ᠠ ᠶᠢᠨ 28᠎ ᠤ ᠡᠳᠦᠷ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠵᠢᠭᠦᠯᠬᠦ ᠲᠥᠰᠦᠯ ᠤᠨ ᠲᠣᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠤᠤ ᠴᠦᠨ ᠨᠥᠬᠦᠷ ᠭᠤᠣᠯ ᠰᠡᠳᠦᠪᠲᠦ ᠨᠡᠶᠢᠲᠡᠯᠡᠯ ᠬᠢᠵᠦ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠤᠨ ᠳᠠᠷᠤᠭ᠎ᠠ ᠯᠢ ᠵᠦᠩ ᠺᠠᠢ ᠨᠥᠬᠦᠷ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠭᠤᠤ ᠱᠢ ᠴᠢᠨ ᠨᠥᠬᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠳᠡᠳ᠋ ᠳᠠᠷᠤᠭ᠎ᠠ ᠦ᠋ ᠰᠦ ᠬᠠᠶ ᠨᠥᠬᠦᠷ ᠬᠤᠷᠠᠯ ᠳᠤ  ᠣᠷᠣᠯᠴᠠᠭᠰᠠᠨ ᠪᠦᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠶ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠲᠣᠭᠤᠷᠢᠨ ᠪᠠᠶᠢᠴᠠᠭᠠᠭᠴᠢ ᠼᠤᠤ ᠰᠢᠶᠣᠤ ᠪᠢᠠ ᠨᠥᠬᠦᠷ ᠬᠤᠷᠠᠯ ᠢ ᠡᠷᠭᠢᠯᠡᠵᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号