ᠪᠤᠭᠤᠲᠤ ᠬᠤᠳᠠ ᠬᠥᠳᠡᠭᠡ ᠲᠣᠰᠬᠤᠨ ᠤ ᠵᠢᠭᠤᠯᠴᠢᠯᠠᠯ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠢᠳᠡᠪᠬᠢᠲᠡᠶ ᠲᠦᠯᠬᠢᠨ ᠠᠬᠢᠭᠤᠯᠵᠠᠢ
ᠨᠡᠶᠢᠲᠡᠯᠡᠭᠰᠡᠨ ᠴᠠᠭ᠄
2018/11/29
     ᠨᠢᠭᠡ ᠳᠤ᠂ ᠲᠡᠳᠬᠦᠨ ᠳᠡᠮᠵᠢᠬᠦ ᠪᠡᠯᠡ ᠮᠥᠩᠭᠦ ᠶᠢ ᠢᠳᠡᠪᠬᠢᠯᠡᠨ ᠣᠯᠤᠭᠠᠳ ᠶᠠᠳᠠᠭᠤ ᠬᠦᠴᠢᠷᠳᠡᠯᠲᠡᠶ ᠭᠠᠵᠠᠷ ᠣᠷᠣᠨ ᠤ ᠵᠢᠭᠤᠯᠴᠢᠯᠠᠯ ᠤᠨ ᠠᠵᠤ ᠦᠢᠯᠡᠰ ᠬᠥᠭᠵᠢᠭᠦᠯᠬᠦ ᠶᠢ ᠨᠢ ᠳᠡᠮᠵᠢᠵᠦ᠂ ᠭᠦᠶᠡᠩ ᠰᠢᠶᠠᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠂ ᠲᠦᠮᠡᠳ ᠪᠠᠷᠠᠭᠤᠨ ᠬᠤᠰᠢᠭᠤᠨ ᠳᠤ 160 ᠲᠦᠮᠡᠨ ᠲᠡᠳᠭᠦᠮᠵᠢ ᠶᠢᠨ ᠮᠥᠩᠭᠦ ᠶᠢ ᠪᠠᠭᠤᠯᠭᠠᠭᠠᠳ᠂ ᠭᠤᠣᠯᠳᠠᠭᠤ ᠶᠠᠳᠠᠭᠤ ᠬᠦᠴᠢᠷᠳᠡᠯ ᠲᠠᠢ ᠭᠠᠵᠠᠷ ᠣᠷᠣᠨ ᠤ ᠦᠵᠡᠮᠵᠢᠲᠦ ᠣᠷᠣᠨ ᠢ ᠪᠥᠲᠥᠭᠡᠨ ᠪᠠᠶᠢᠭᠤᠯᠬᠤ ᠪᠠ ᠲᠤᠬᠠᠶ ᠶᠢᠨ ᠭᠠᠵᠠᠷ ᠤᠨ ᠬᠥᠳᠡᠭᠡ ᠲᠣᠰᠬᠤᠨ ᠤ ᠲᠠᠷᠢᠶᠠᠴᠢᠨ ᠮᠠᠯᠴᠢᠨ ᠠᠶᠢᠯ ᠤᠨ ᠵᠤᠭᠠᠴᠠᠯ ᠤᠨ ᠭᠠᠵᠠᠷ᠂ ᠵᠣᠷᠯᠣᠩ ᠵᠡᠷᠭᠡ ᠰᠠᠭᠤᠷᠢ ᠦᠢᠯᠡᠴᠢᠯᠡᠭᠡᠨ ᠤ ᠪᠡᠯᠡᠳᠬᠡᠮᠵᠢ ᠶᠢ ᠪᠦᠳᠦᠬᠡᠨ ᠪᠠᠶᠢᠭᠤᠯᠬᠤ ᠳᠤ ᠵᠠᠷᠤᠴᠠᠭᠤᠯᠵᠠᠢ᠃ ᠬᠤᠶᠠᠷ ᠲᠤ᠂ ᠶᠠᠳᠠᠭᠤ ᠬᠦᠴᠢᠷᠳᠡᠯᠲᠡᠶ ᠡᠷᠦᠬᠡ ᠳᠤ ᠣᠴᠢᠨ ᠪᠠᠶᠢᠴᠠᠭᠠᠯᠲᠠ ᠬᠢᠭᠰᠡᠨ ᠪᠠ ᠡᠬᠡ ᠳᠠᠩᠰᠠ ᠪᠠᠶᠢᠭᠤᠯᠵᠤ᠂ ᠠᠵᠢᠯ ᠣᠯᠭᠤᠯᠲᠠ ᠶᠢ ᠳᠠᠶᠢᠴᠢᠯᠠᠬᠤ᠂ ᠲᠠᠷᠢᠶᠠᠯᠠᠩ ᠤᠨ ᠳᠠᠭᠠᠯᠲᠠ ᠪᠦᠲᠦᠭᠡᠭᠳᠡᠬᠦᠨ ᠢ ᠨᠢ ᠬᠤᠳᠠᠯᠳᠤᠨ ᠠᠪᠬᠤ᠂ ᠠᠵᠤ ᠦᠢᠯᠡᠰ ᠤᠨ ᠠᠰᠢᠭ ᠣᠷᠣᠯᠭ᠎ᠠ ᠶᠢ ᠬᠤᠪᠢᠶᠠᠬᠤ ᠵᠡᠷᠭᠡ ᠬᠡᠯᠪᠡᠷᠢ ᠪᠠᠷ ᠬᠠᠪᠰᠤᠷᠤᠨ ᠲᠡᠳᠬᠦᠵᠦ᠂ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠠᠢ᠃ ᠭᠤᠷᠪᠠ ᠳᠤ᠂ ᠵᠢᠭᠤᠯᠴᠢᠯᠠᠯ ᠤᠨ ᠭᠤᠣᠯᠳᠠᠯᠭ᠎ᠠ ᠲᠠᠢ ᠲᠦᠷᠦᠯ ᠵᠦᠢᠯ ᠳᠤ ᠲᠦᠰᠢᠭᠯᠡᠨ ᠲᠤᠬᠠᠶ ᠶᠢᠨ ᠭᠠᠵᠠᠷ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠳᠠᠶᠢᠴᠢᠯᠠᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠭᠤᠤᠯᠳᠠᠯᠭ᠎ᠠ ᠲᠠᠢ ᠵᠢᠭᠤᠯᠴᠢᠯᠠᠯ ᠤᠨ ᠲᠥᠷᠥᠯ ᠵᠦᠶᠯ ᠢ 21 ᠬᠡᠷᠡᠭᠵᠢᠭᠦᠯᠵᠦ᠂ ᠣᠩᠭᠤᠨ ᠠᠭᠤᠯᠠ᠂ ᠡᠮᠡᠭᠡᠯᠲᠦ ᠠᠭᠤᠯᠠ᠂ ᠳ᠋ᠠ ᠶᠡᠨ ᠲᠠᠨ᠂ ᠰᠣᠯᠤᠩᠭᠠᠷᠠᠭᠰᠠᠨ ᠡᠬᠡ ᠳᠡᠯᠡᠬᠡᠢ᠂ ᠪᠠᠳᠺᠠᠷ ᠵᠣᠤ᠂ ᠬᠤᠸᠠ ᠡᠤ ᠷᠧᠨ ᠵᠢᠶᠡᠨ ᠵᠡᠷᠭᠡ ᠦᠵᠡᠮᠵᠢ ᠶᠢᠨ ᠣᠷᠣᠨ ᠤ ᠡᠷᠬᠢᠨ ᠲᠣᠭᠤᠷᠢᠨ ᠤ ᠮᠠᠯᠴᠢᠨ ᠲᠠᠷᠢᠶᠠᠴᠢᠳ ᠲᠤ ᠠᠵᠢᠯ ᠣᠯᠭᠤᠬᠤ ᠶᠢ ᠳᠠᠶᠢᠴᠢᠯᠠᠵᠤ᠂ ᠶᠠᠳᠠᠭᠤ ᠬᠦᠴᠢᠷᠳᠡᠯᠲᠡᠢ ᠡᠷᠦᠬᠡ ᠶᠢᠨ ᠣᠷᠣᠯᠭ᠎ᠠ ᠶᠢ ᠨᠡᠮᠡᠭᠳᠡᠭᠦᠯᠵᠡᠢ᠃ ᠲᠦᠷᠪᠡ ᠳᠤ᠂ ᠣᠳᠣᠨ ᠳᠡᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠵᠣᠴᠢᠯᠠᠬᠤ ᠡᠷᠦᠬᠡ ᠶᠢᠨ ᠵᠡᠷᠭᠡ ᠳᠡᠰ ᠢ ᠳᠡᠪᠰᠢᠭᠦᠯᠬᠦ ᠪᠠᠷ ᠭᠠᠷᠳᠠᠴᠠ ᠪᠣᠯᠭᠠᠨ᠂ ᠬᠥᠳᠡᠭᠡ ᠲᠤᠰᠬᠤᠨ ᠤ ᠵᠢᠭᠤᠯᠴᠢᠯᠠᠯ ᠤᠨ ᠬᠥᠭᠵᠢᠯᠲᠡ ᠶᠢ ᠢᠳᠡᠪᠬᠢᠲᠡᠶ ᠲᠡᠳᠬᠦᠨ ᠳᠡᠮᠵᠢᠵᠤ᠂ ᠡᠵᠡᠩᠨᠡᠯᠲᠡ ᠶᠢᠨ ᠡᠷᠦᠬᠡ ᠶᠢᠨ ᠳᠡᠰ ᠢᠶᠠᠨ ᠳᠡᠪᠰᠢᠭᠦᠯᠵᠤ ᠦᠶᠯᠡᠴᠢᠯᠡᠭᠡᠨ ᠤ ᠪᠡᠯᠡᠳᠬᠡᠮᠵᠢ ᠪᠠ ᠦᠶᠯᠡᠴᠢᠯᠡᠭᠡᠨ ᠤ ᠬᠢᠷᠢ ᠬᠡᠮᠵᠢᠶ᠎ᠡ ᠪᠠᠨ ᠰᠠᠶᠢᠵᠢᠷᠠᠭᠤᠯᠬᠤ ᠶᠢ ᠵᠣᠷᠢᠭᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠣᠳᠣᠨ ᠳᠡᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠵᠣᠴᠢᠯᠠᠬᠤ ᠡᠷᠦᠬᠡ ᠶᠢ ᠡᠭᠦᠳᠦᠨ ᠪᠠᠶᠢᠭᠤᠯᠵᠠᠢ᠂ ᠣᠳᠣᠬᠠᠨ ᠳᠤ 31ᠣᠳᠣᠨ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠵᠣᠴᠢᠯᠠᠬᠤ ᠡᠷᠦᠬᠡ ᠶᠢᠨ ᠲᠡᠰ ᠳᠡᠪᠰᠢᠭᠦᠯᠬᠦ ᠠᠵᠢᠯ ᠢ ᠪᠦᠬᠦᠨ ᠢ ᠪᠡᠶᠡᠯᠡᠭᠦᠯᠦᠭᠰᠡᠨ ᠪᠠᠶᠢᠨ᠎ᠠ᠃ ᠲᠠᠪᠤ ᠳᠤ᠂ ᠪᠦᠭᠦ ᠬᠤᠳᠡ ᠶᠢᠨ ᠵᠢᠭᠤᠯᠴᠢᠯᠠᠯ ᠤᠨ ᠠᠵᠤ ᠠᠬᠤᠶᠢᠯᠠᠯ ᠤᠨ ᠶᠠᠳᠠᠭᠤ ᠶᠢ ᠲᠡᠳᠬᠦᠬᠦ ᠵᠣᠯᠭᠠᠯᠴᠠᠭ᠎ᠠ ᠶᠢᠨ ᠬᠤᠷᠠᠯ ᠬᠤᠷᠠᠯᠳᠤᠭᠤᠯᠵᠤ᠂ ᠪᠥᠬᠦ ᠬᠤᠲᠠ ᠶᠢᠨ 37 ᠭᠤᠣᠯᠳᠠᠯᠭ᠎ᠠ ᠲᠠᠢ ᠵᠢᠭᠤᠯᠴᠢᠯᠠᠯ ᠤᠨ ᠠᠵᠤ ᠠᠬᠤᠶᠢᠯᠠᠯ ᠪᠣᠯᠤᠨ 10 ᠶᠠᠳᠠᠭᠤ ᠬᠦᠴᠢᠷᠳᠡᠯᠲᠡᠢ ᠲᠣᠰᠬᠤᠨ ᠢ ᠤᠷᠢᠵᠤ ᠬᠤᠷᠠᠯ ᠳᠤ ᠣᠷᠤᠯᠴᠠᠭᠤᠯᠤᠭᠠᠳ ᠬᠠᠪᠰᠤᠷᠤᠨ ᠲᠡᠳᠬᠦᠬᠦ ᠶᠢ ᠵᠣᠯᠭᠠᠭᠤᠯᠵᠤ᠂ ᠵᠢᠭᠤᠯᠴᠢᠯᠠᠯ ᠤᠨ ᠠᠵᠤ ᠠᠬᠤᠶᠢᠯᠠᠯ ᠪᠣᠯᠤᠨ ᠶᠠᠳᠠᠭᠤ ᠬᠦᠴᠢᠷᠳᠡᠯᠲᠡᠶ ᠭᠠᠵᠠᠷ ᠣᠷᠣᠨ ᠳᠤ ᠬᠠᠪᠰᠤᠷᠤᠨ ᠲᠡᠳᠬᠦᠬᠦ ᠰᠣᠯᠢᠯᠴᠠᠭᠠᠨ ᠤ ᠲᠠᠪᠴᠠᠩ ᠢ ᠪᠠᠶᠢᠭᠤᠯᠵᠤ ᠥᠭᠴᠡᠢ᠃ ᠵᠢᠷᠭᠤᠭ᠎ᠠ ᠳᠤ᠂ ᠵᠢᠭᠤᠯᠴᠢᠯᠠᠯ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠰᠠᠭᠤᠷᠢᠨ ᠭᠠᠵᠠᠷ ᠤᠨ ᠮᠠᠭᠠᠳᠯᠠᠨ ᠲᠣᠭᠲᠠᠭᠠᠬᠤ ᠠᠵᠢᠯ ᠢ ᠪᠡᠶᠡᠯᠡᠭᠦᠯᠵᠦ᠂ ᠶᠠᠳᠠᠭᠤ ᠬᠦᠴᠢᠷᠳᠡᠯᠲᠡᠶ ᠡᠷᠦᠬᠡ ᠶᠢ ᠬᠠᠪᠰᠤᠷᠴᠤ ᠠᠵᠢᠯ ᠣᠯᠭᠤᠭᠰᠠᠨ᠂ ᠲᠠᠷᠢᠶᠠᠯᠠᠩ ᠤᠨ ᠳᠠᠭᠠᠯᠲᠠ ᠪᠦᠲᠦᠭᠡᠭᠳᠡᠬᠦᠨ ᠢ ᠪᠣᠷᠤᠯᠠᠭᠤᠯᠵᠤ ᠥᠭᠭᠦᠭᠰᠡᠨ᠂ ᠶᠠᠳᠠᠭᠤ ᠬᠦᠴᠢᠷᠳᠡᠯᠲᠡᠢ ᠲᠣᠰᠬᠤᠨ ᠳᠤ ᠲᠠᠷᠢᠶᠠᠴᠢᠨ ᠮᠠᠯᠴᠢᠨ ᠠᠶᠢᠯ ᠤᠨ ᠵᠤᠭᠠᠴᠠᠯ ᠤᠨ ᠭᠠᠵᠠᠷ ᠢ ᠪᠠᠶᠢᠭᠤᠯᠵᠤ ᠥᠭᠭᠦᠭᠰᠡᠨ 12 ᠵᠢᠭᠤᠯᠴᠢᠯᠠᠯ ᠤᠨ ᠠᠵᠤ ᠠᠬᠤᠶᠢᠯᠠᠯ ᠢ ᠵᠢᠭᠤᠯᠴᠢᠯᠠᠯ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠰᠠᠭᠤᠷᠢᠨ ᠭᠠᠵᠠᠷ ᠢᠶᠠᠷ ᠦᠨᠡᠯᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号