ᠨᠢᠭᠡ ᠳᠤ ︽ᠥᠪᠡᠷ ᠤᠨ ᠥᠷᠲᠡᠭ ᠢ ᠪᠠᠭᠤᠷᠠᠭᠤᠯᠬᠤ︾ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠠᠰᠢᠭ | ᠬᠤᠨᠵᠢᠪᠣᠷᠢ ᠶᠢᠨ ᠨᠤᠷᠮ᠎ᠠ ᠳᠡᠭᠡᠭᠰᠢᠯᠡᠪᠡ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠵᠡᠷᠭᠡ | ᠳᠠᠷᠤᠭᠠᠰᠤ ᠶᠢ ᠬᠥᠩᠭᠡᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠳᠠᠭᠠᠯᠳᠤᠨ᠂ ᠰᠢᠯᠢ ᠶᠢᠨ | ᠭᠤᠣᠯ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ︽ | ᠥᠪᠡᠷ ᠤᠨ ᠥᠷᠲᠡᠭ ᠢ ᠪᠠᠭᠤᠷᠠᠭᠤᠯᠬᠤ︾ ᠲᠠᠯ᠎ᠠ ᠪᠠᠷ ᠮᠡᠳᠡᠭᠳᠡᠬᠦ᠋ᠢᠴᠡ ᠠᠮᠵᠢᠯᠲᠠ ᠣᠯᠤᠭᠰᠠᠨ ᠪᠠᠶᠢᠨ᠎ᠠ᠃ 1 — | 10 ᠳ᠋ᠤᠭᠠᠷ ᠰᠠᠷ᠎ᠠ ᠳᠤ᠂ ᠰᠢᠯᠢ ᠶᠢᠨ ᠭᠤᠣᠯ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠵᠠᠭᠤᠨ ᠲᠥᠭᠦᠷᠢᠭ ᠪᠦᠷᠢ ᠶᠢᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ | ᠠᠵᠢᠯ ᠤᠨ ᠣᠷᠣᠯᠭ᠎ᠠ ᠳᠠᠬᠢ ᠭᠤᠷᠪᠠᠨ ᠵᠦᠢᠯ ᠤᠨ ᠵᠠᠷᠤᠳᠠᠯ ︵ᠬᠠᠮᠢᠶᠠᠷᠤᠯᠲᠠ ᠶᠢᠨ ᠵᠠᠷᠤᠳᠠᠯ᠂ ᠪᠣᠷᠣᠯᠠᠭᠤᠯᠬᠤ | ᠵᠠᠷᠤᠳᠠᠯ ᠪᠣᠯᠣᠨ ᠡᠳ᠋ ᠤᠨ ᠶᠠᠪᠤᠳᠠᠯ ᠤᠨ ᠵᠠᠷᠤᠳᠠᠯ︶11.53 ᠲᠥᠭᠦᠷᠢᠭ ᠪᠣᠯᠵᠤ᠂ ᠠᠳᠠᠯᠢ | ᠬᠤᠭᠤᠴᠠᠭᠠᠨ ᠤ ᠬᠢ ᠠᠴᠠ 3.35 ᠲᠥᠭᠦᠷᠢᠭ ᠬᠠᠰᠤᠭᠳᠠᠵᠤ᠂ ᠵᠠᠭᠤᠨ ᠲᠥᠭᠦᠷᠢᠭ ᠪᠦᠷᠢ ᠶᠢᠨ ᠭᠤᠤᠯ | ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠳᠠᠬᠢ ᠥᠪᠡᠷ ᠤᠨ ᠦᠷᠲᠡᠭ ᠨᠢ 70.87 ᠲᠥᠭᠦᠷᠢᠭ | ᠪᠣᠯᠵᠤ᠂ ᠠᠳᠠᠯᠢ ᠬᠤᠭᠤᠴᠠᠭᠠᠨ ᠤ ᠬᠢ ᠠᠴᠠ 2.50 ᠲᠦᠬᠦᠷᠢᠭ ᠬᠠᠰᠤᠭᠳᠠᠵᠤ᠂ ᠭᠤᠤᠯ ᠡᠵᠡᠩᠨᠡᠯᠲᠡ ᠶᠢᠨ | ᠲᠤᠬᠠᠶᠢᠯᠠᠭᠰᠠᠨ ᠠᠵᠢᠯ ᠤᠨ ᠠᠰᠢᠭ ᠬᠤᠨᠵᠢᠪᠣᠷᠢ ᠶᠢᠨ ᠨᠤᠷᠮ᠎ᠠ ᠨᠢ 10.9% ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 3.5 ᠵᠠᠭᠤᠨ ᠤ ᠴᠡᠭ ᠨᠡᠮᠡᠭᠳᠡᠭᠰᠡᠨ ᠪᠠᠶᠢᠨ᠎ᠠ᠃ | ᠬᠤᠶᠠᠷ ᠲᠤ ᠠᠵᠤ ᠠᠬᠤᠶᠢᠯᠠᠯ ᠤᠨ ︽ᠬᠥᠰᠢᠬᠦᠷᠭᠡ ᠶᠢ ᠦᠭᠡᠶᠢᠰᠬᠡᠬᠦ︾ ᠲᠠᠯ᠎ᠠ ᠪᠠᠷ ᠦᠷ᠎ᠡ ᠪᠦᠲᠦᠮᠵᠢ | ᠣᠯᠵᠤ᠂ ᠡᠵᠡᠩᠨᠡᠯᠲᠡ ᠶᠢᠨ ᠲᠦᠭᠰᠢᠭᠦᠷᠢ ᠪᠠᠭᠤᠷᠠᠪᠠ᠃ 1 — 10 ᠳ᠋ᠤᠭᠠᠷ ᠰᠠᠷ᠎ᠠ ᠳᠤ᠂ ᠰᠢᠯᠢ ᠶᠢᠨ ᠭᠤᠤᠯ | ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠳ᠋ ᠬᠦᠷᠦᠩᠭᠡ ᠶᠢᠨ | ᠥᠷᠢᠲᠦᠯ ᠤᠨ ᠨᠤᠷᠮ᠎ᠠ ᠨᠢ 75.6% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.0 ᠵᠠᠭᠤᠨ ᠤ ᠴᠡᠭ | ᠪᠠᠭᠤᠷᠠᠵᠠᠢ᠃ ᠡᠭᠦᠨ ᠳᠤ ᠤᠯᠤᠰ ᠤᠨ ᠥᠮᠴᠢᠯᠡᠯᠲᠦ ᠬᠤᠪᠢ ᠡᠵᠡᠮᠳᠡᠭᠰᠡᠨ ᠠᠵᠤ ᠠᠬᠤᠶᠢᠯᠠᠯ ᠤᠨ ᠡᠳ᠋ | ᠬᠦᠷᠦᠩᠭᠡ ᠶᠢᠨ ᠥᠷᠢᠲᠦᠯ ᠤᠨ ᠨᠤᠷᠮ᠎ᠠ ᠨᠢ 79.1% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.2 | ᠵᠠᠭᠤᠨ ᠤ ᠴᠡᠭ ᠪᠠᠭᠤᠷᠠᠪᠠ᠃ | ᠭᠤᠷᠪᠠ ᠳᠤ ︽ᠨᠥᠭᠡᠴᠡᠯᠡᠯ ᠢᠶᠠᠨ ᠪᠠᠭᠠᠰᠬᠠᠬᠤ︾ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ᠂ ᠵᠠᠬ᠎ᠠ | ᠳᠡᠯᠭᠡᠭᠦᠷ ᠢᠯᠡᠳᠲᠡ ᠰᠠᠶᠢᠵᠢᠷᠠᠪᠠ᠃ 1 — 10 ᠳ᠋ᠤᠭᠠᠷ ᠰᠠᠷ᠎ᠠ ᠳᠤ᠂ ᠰᠢᠯᠢ ᠶᠢᠨ ᠭᠤᠤᠯ ᠠᠶᠢᠮᠠᠭ ᠤᠨ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠭᠰᠡᠨ | ᠦᠢᠯᠡᠳᠬᠦᠨ ᠤ ᠡᠷᠭᠢᠯᠲᠡ ᠶᠢᠨ ᠬᠤᠭᠤᠴᠠᠭ᠎ᠠ ᠨᠢ 11.4 ᠡᠳᠦᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ | 2.6 ᠡᠳᠦᠷ ᠪᠣᠭᠤᠨᠢᠰᠪᠠ︔ ᠦᠢᠯᠡᠳᠪᠦᠷᠢᠯᠡᠭᠰᠡᠨ ᠦᠢᠯᠡᠳᠬᠦᠨ ᠤ ᠨᠥᠬᠡᠴᠡᠯᠡᠯ ᠨᠢ 23.40 ᠳ᠋ᠦᠩᠰᠢᠭᠤᠷ | ᠲᠥᠭᠦᠷᠢᠭ ᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 13.4% ᠪᠠᠭᠤᠷᠠᠪᠠ︔ ᠬᠤᠷᠢᠶᠠᠬᠤ ᠶᠣᠰᠣᠲᠠᠢ | ᠳᠠᠩᠰᠠᠨ ᠮᠥᠩᠭᠦ ᠨᠢ 97.52 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.6% | ᠪᠠᠭᠤᠷᠠᠪᠠ︔ ᠡᠭᠡᠭᠦᠯᠦᠨ ᠬᠤᠷᠢᠶᠠᠬᠤ ᠶᠤᠰᠤᠲᠠᠢ ᠳᠠᠩᠰᠠᠨ ᠮᠥᠩᠭᠦ ᠶᠢᠨ ᠳᠤᠮᠳᠠᠴᠢ ᠬᠤᠷᠢᠶᠠᠯᠲᠠ ᠶᠢᠨ ᠡᠳᠦᠷ ᠤᠨ | ᠲᠤᠭ᠎ᠠ ᠨᠢ 34.7 ᠡᠳᠦᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 3.9 ᠪᠣᠭᠤᠨᠢᠰᠴᠤ᠂ ᠪᠡᠯᠡ ᠮᠥᠩᠭᠦ ᠶᠢ | ᠡᠭᠡᠭᠦᠯᠦᠨ ᠬᠤᠷᠢᠶᠠᠬᠤ ᠪᠠᠶᠢᠳᠠᠯ ᠢᠯᠡᠳᠲᠡ ᠰᠠᠶᠢᠵᠢᠷᠠᠪᠠ᠃ |