ᠲᠠᠯᠠᠢ ᠠᠯᠤᠰᠯᠠᠬᠰᠠᠨ ᠮᠡᠰᠡ ᠵᠠᠰᠠᠯ — ᠠᠨᠠᠭᠠᠬᠤ ᠤᠬᠠᠭᠠᠨ ᠤ ᠰᠢᠨ᠎ᠡ ᠴᠠᠬ ᠦᠶ᠎ᠡ ᠶᠢ ᠨᠡᠭᠡᠭᠡᠪᠡ
ᠨᠡᠶᠢᠲᠡᠯᠡᠭᠰᠡᠨ ᠴᠠᠭ᠄
2018/11/30

       ᠡᠨᠡ ᠵᠢᠯ ᠤᠨ 9 ᠰᠠᠷ᠎ᠠ ᠶᠢᠨ 7 ᠤ ᠡᠳᠦᠷ᠂ ᠠᠮᠧᠷᠢᠺᠠ ᠶᠢᠨ ᠨᠢᠦ᠋ ᠶᠤᠷᠺ ᠶᠢᠨ ᠡᠮᠴᠢ ᠮᠠᠯᠧᠰᠺ 7000 ᠺᠢᠯᠤᠮᠧᠲᠷ ᠬᠤᠯᠠ ᠪᠠᠶᠢᠭ᠎ᠠ ᠹᠷᠠᠨᠼᠢ ᠶᠢᠨ ᠵᠡᠭᠦᠨ ᠬᠤᠶᠢᠳᠤ ᠭᠡᠰᠡᠭ ᠲᠠᠬᠢ ᠠᠶᠢᠰᠲ᠋ᠧᠯᠡᠰ ᠪᠢᠯᠭᠡ ᠭᠡᠭᠦ ᠭᠠᠵᠠᠷ ᠤᠨ 68 ᠨᠠᠰᠤᠳᠠᠢ ᠨᠢᠭᠡ ᠡᠮᠡᠭᠳᠡᠢ ᠡᠪᠡᠳᠴᠢᠳᠡᠨ ᠳᠤ ᠮᠡᠰᠡ ᠵᠠᠰᠠᠯ ᠬᠢᠵᠦ ᠦᠭᠪᠡ᠃ ᠡᠨᠡ ᠪᠤᠯ ᠮᠡᠰᠡ ᠵᠠᠰᠠᠯ ᠤᠨ ︽ᠭᠤᠷᠪᠠᠳᠤᠭᠠᠷ ᠤᠳᠠᠭ᠎ᠠ ᠶᠢᠨ ᠬᠤᠪᠢᠰᠬᠠᠯ︾ ᠮᠦᠨ ᠭᠡᠵᠦ ᠡᠨᠡ ᠡᠮᠴᠢ ᠭᠡᠯᠡᠵᠦ ᠪᠤᠢ᠃
       ᠲᠡᠭᠡᠳᠦ ᠭᠡᠮᠵᠢᠶᠡᠨ ᠤ ᠲᠤᠳᠤᠷᠠᠴᠠ ᠲᠠᠢ ᠲᠦᠷᠰᠦ ᠪᠠ ᠲᠠᠭᠤ ᠶᠢ ᠲᠦᠢᠯ ᠤᠨ ᠲᠦᠷᠭᠡᠨ ᠬᠤᠷᠳᠤᠴᠠ ᠪᠠᠷ ᠲᠠᠮᠵᠢᠭᠤᠯᠵᠤ ᠴᠢᠳᠠᠬᠰᠠᠨ ᠶᠠᠪᠤᠳᠠᠯ ᠨᠢ ᠡᠨᠡ ᠤᠳᠠᠭ᠎ᠠ ᠶᠢᠨ ᠮᠡᠰᠡ ᠵᠠᠰᠠᠯ ᠤᠨ ᠪᠠᠳᠤᠯᠠᠭ᠎ᠠ ᠪᠤᠯᠪᠠ᠃ ᠡᠨᠡ ᠬᠦ ᠮᠡᠷᠭᠡᠵᠢᠯ ᠢ ᠹᠷᠠᠨᠼᠢ ᠶᠢᠨ ᠴᠠᠬᠢᠯᠭᠠᠨ ᠬᠤᠯᠪᠤᠭᠠᠨ ᠤ ᠺᠤᠮᠫᠠᠨᠢ ᠪᠠ ᠠᠮᠧᠷᠢᠺᠠ ᠶᠢᠨ ᠺᠠᠯᠢᠹᠤᠷᠨᠢᠶ᠎ᠠ ᠶᠢᠨ ᠺᠤᠮᠫᠢᠦ᠋ᠲ᠋ᠧᠷ ᠲᠦᠷᠰᠦ ᠰᠢᠩᠭᠡᠭᠡᠯᠳᠡ ᠶᠢᠨ ᠺᠤᠮᠫᠠᠨᠢ ᠬᠠᠨᠭ᠍ᠭᠠᠵᠠᠢ᠃
       ᠲᠠᠯᠠᠢ ᠠᠯᠤᠰᠯᠠᠬᠰᠠᠨ ᠮᠡᠰᠡ ᠵᠠᠰᠠᠯ ᠳᠤ ᠵᠤᠬᠢᠶᠠᠮᠠᠯ ᠤᠶᠤᠨ ᠨᠢ ᠡᠮᠴᠢ ᠶᠢᠨ ᠡ᠊ᠨᠳᠡᠯ ᠦᠭᠡᠢ ᠤᠨᠤᠪᠴᠢᠳᠠᠢ ᠮᠡᠰᠡ ᠵᠠᠰᠠᠯ ᠬᠢᠭᠦ ᠳᠤ ᠠᠶᠤᠯᠭᠦᠢ ᠪᠠᠳᠤᠯᠠᠭ᠎ᠠ ᠬᠠᠨᠭ᠍ᠭᠠᠪᠠ᠃ ᠡᠨᠡ ᠤᠳᠠᠭ᠎ᠠ ᠶᠢᠨ ︽ᠭᠠᠳᠠᠷ ᠰᠠᠯᠠᠭ᠎ᠠ ᠶᠢᠨ ᠭᠠᠶᠢᠬᠠᠮᠰᠢᠬᠳᠤ ᠠᠵᠢᠯᠯᠠᠭ᠎ᠠ︾ ᠨᠢ ᠵᠢᠭᠠᠨ ᠰᠤᠷᠭᠠᠬᠤ ᠠᠵᠢᠯ ᠳᠤ ᠰᠠᠷᠠᠭᠤᠯ ᠢᠷᠡᠭᠡᠳᠦᠢ ᠶᠢ ᠨᠡᠭᠡᠭᠡᠵᠦ ᠦᠭᠴᠡᠢ᠃ ᠲᠡᠷᠡ ᠨᠢ ᠭᠤᠷᠪᠠᠳᠤᠭᠠᠷ ᠶᠢᠷᠳᠢᠨᠴᠦ ᠶᠢᠨ ᠤᠯᠤᠰ ᠤᠳ ᠤᠨ ᠠᠷᠠᠳ ᠲᠦᠮᠡᠨ ᠤ ᠡᠷᠡᠭᠦᠯ ᠮᠡᠨᠳᠦ ᠪᠠ ᠰᠤᠷᠭᠠᠨ ᠬᠦᠮᠦᠵᠢᠯ ᠤᠨ ᠪᠠᠶᠢᠳᠠᠯ ᠢ ᠰᠠᠶᠢᠵᠢᠷᠠᠭᠤᠯᠵᠤ ᠴᠢᠳᠠᠨ᠎ᠠ᠂ ᠡᠨᠡ ᠮᠡᠷᠭᠡᠵᠢᠯ ᠨᠢ ᠴᠡᠷᠢᠭ ᠤᠨ ᠶᠠᠪᠤᠳᠠᠯ ᠤᠨ ᠡᠳᠡᠭᠡᠳ ᠤᠨ ᠠᠩᠬᠠᠷᠤᠯ ᠢ ᠴᠤ ᠲᠠᠳᠠᠪᠠ᠃ 1992 ᠤᠨ ᠳᠤ ᠠᠮᠧᠷᠢᠺᠠ ᠶᠢᠨ ᠴᠡᠷᠢᠭ ᠠᠩᠬᠢ ᠪᠠᠰᠠ ᠡᠶᠢᠮᠦ ᠮᠡᠰᠡ ᠵᠠᠰᠠᠯ ᠢ ᠬᠢᠭᠦ ᠪᠠᠷ ᠤᠷᠤᠯᠳᠤᠬᠰᠠᠨ ᠪᠤᠯᠪᠠᠴᠤ ᠰᠤᠷᠠᠬ ᠲᠤᠬᠢᠶ᠎ᠠ ᠶᠢ ᠬᠠᠷᠢᠯᠴᠠᠨ ᠲᠠᠮᠵᠢᠭᠤᠯᠬᠤ ᠴᠠᠬ ᠤᠨ ᠵᠦᠷᠢᠶ᠎ᠡ ᠠᠴᠠ ᠪᠤᠯᠤᠭᠠᠳ ᠬᠢᠵᠦ ᠴᠢᠳᠠᠬᠰᠠᠨ ᠦᠭᠡᠢ ᠪᠠᠶᠢᠯ᠎ᠠ᠃ ᠡᠨᠡ ᠤᠳᠠᠭ᠎ᠠ ᠶᠢᠨ ᠭᠠᠶᠢᠬᠠᠮᠰᠢᠬᠳᠤ ᠮᠡᠰᠡ ᠵᠠᠰᠠᠯ ᠢ ᠪᠤᠯ ᠪᠢᠴᠢᠯ ᠮᠠᠰᠢᠨ ᠢ ᠮᠡᠰᠡ ᠵᠠᠰᠠᠯ ᠳᠤ ᠭᠡᠷᠡᠭᠯᠡᠭᠦ ᠤᠯᠠᠮᠵᠢᠯᠠᠯᠳᠤ ᠵᠠᠷᠴᠢᠮ ᠢᠶᠠᠷ ᠠᠵᠢᠬᠯᠠᠨ ᠰᠢᠨᠵᠢᠭᠦ ᠲᠤᠯᠢ ᠪᠠ ᠴᠢᠬᠤᠯᠠ ᠪᠦᠭᠦᠢ ᠪᠠᠭᠠᠵᠢ ᠭᠡᠷᠡᠭᠰᠡᠯ ᠢ ᠡᠪᠡᠳᠴᠢᠳᠡᠨ ᠤ ᠭᠡᠪᠡᠯᠢ ᠳᠤ ᠲᠤᠬᠢᠷᠠᠭᠤᠯᠵᠠᠢ᠃ ᠡᠮᠴᠢ ᠴᠡᠭᠡᠨ ᠬᠦᠰᠢᠭᠡ ᠲᠡᠭᠡᠷ᠎ᠡ ᠨᠢᠭᠡ ᠲᠠᠯ᠎ᠠ ᠪᠠᠷ ᠮᠧᠬᠠᠨᠢᠬ ᠭᠠᠷ ᠢ ᠵᠢᠯᠤᠭᠤᠳᠤᠨ ᠠᠵᠢᠯᠯᠠᠭᠤᠯᠵᠤ᠂ ᠨᠦᠭᠦᠭᠡ ᠲᠠᠯ᠎ᠠ ᠪᠠᠷ ᠬᠢᠵᠦ ᠪᠠᠶᠢᠭ᠎ᠠ ᠮᠡᠰᠡ ᠵᠠᠰᠠᠯ ᠢᠶᠠᠨ ᠤᠯᠵᠤ ᠬᠠᠷᠠᠳᠠᠬ᠃ ︽ᠵᠢᠯᠤᠭᠤᠳᠬᠤ︾ ᠪᠠ ︽ᠬᠠᠷᠠᠬᠤ︾ ᠬᠦᠳᠡᠯᠭᠡᠭᠡᠨ ᠨᠢ ᠪᠠᠷᠤᠬ ᠢᠵᠢᠯ ᠠᠯᠬᠤᠮ ᠳᠤ ᠶᠠᠪᠤᠬᠳᠠᠵᠠᠢ᠃ ᠡᠨᠡ ᠤᠳᠠᠭ᠎ᠠ ᠶᠢᠨ ᠠᠯᠤᠰᠵᠡᠮᠰᠢᠯ ᠤᠨ ᠮᠡᠰᠡ ᠵᠠᠰᠠᠯ ᠤᠨ ᠠᠮᠵᠢᠯᠳᠠ ᠤᠯᠤᠬᠰᠠᠨ ᠶᠠᠪᠤᠳᠠᠯ ᠨᠢ ᠠᠯᠤᠰ ᠭᠡᠳᠦ ᠶᠢᠨ ᠠᠴᠢ ᠬᠤᠯᠪᠤᠬᠳᠠᠯ ᠲᠠᠢ ᠶᠤᠮ᠃ ᠤᠴᠢᠷ ᠨᠢ ᠲᠡᠷᠡ ︽ᠭᠠᠵᠠᠷ ᠵᠦᠢ ᠶᠢᠨ ᠵᠠᠢ︾ ᠶᠢ ᠦᠭᠡᠢ ᠪᠤᠯᠭᠠᠪᠠ᠃
       ᠡᠨᠡ ᠤᠳᠠᠭ᠎ᠠ ᠶᠢᠨ ᠮᠡᠰᠡ ᠵᠠᠰᠠᠯ ᠤᠨ ᠠᠮᠵᠢᠯᠳᠠ ᠤᠯᠤᠬᠰᠠᠨ ᠨᠢ ᠬᠤᠶᠠᠷ ᠵᠢᠯ ᠰᠤᠳᠤᠯᠵᠤ᠂ ᠬᠤᠶᠠᠷ ᠵᠢᠯ ᠬᠠᠭᠠᠰ ᠪᠡᠯᠡᠳᠭᠡᠭᠰᠡᠨ ᠤ ᠦᠷ᠎ᠡ ᠳ᠋ᠦᠩ ᠪᠤᠯᠤᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ