ᠪᠦᠬᠦ ᠤᠷᠤᠨ ᠤ ᠰᠲ᠋ᠤᠺ ᠢᠶᠠᠨ ᠵᠠᠬ᠎ᠠ ᠳᠡᠯᠭᠡᠭᠦᠷ ᠲᠤ ᠭᠠᠷᠭᠠᠬᠰᠠᠨ ᠺᠤᠮᠫᠠᠨᠢ ᠪᠠ ᠠᠷᠠᠳ ᠤᠨ ᠡᠵᠡᠩᠨᠡᠯᠲᠡ ᠶᠢᠨ ᠠᠵᠤ ᠠᠬᠤᠢᠢᠯᠠᠯ ᠤᠨ ᠴᠢᠨᠠᠷ ᠰᠠᠶᠢᠲᠠᠢ ᠬᠦᠭᠵᠢᠯᠲᠡ ᠳᠤ ᠮᠦᠩᠭᠦᠨ ᠭᠦᠢᠯᠭᠡᠭᠡᠨ ᠤ ᠦᠢᠯᠡᠴᠢᠯᠡᠭᠡ ᠬᠠᠨᠭ᠍ᠭᠠᠬᠤ ᠠᠬᠢᠭᠤᠯᠤᠯᠲᠠ ᠶᠢᠨ ᠬᠤᠷᠠᠯ ᠬᠤᠷᠠᠯᠳᠤᠵᠠᠢ
ᠨᠡᠶᠢᠲᠡᠯᠡᠭᠰᠡᠨ ᠴᠠᠭ᠄
2018/11/5

     11 ᠳ᠋ᠦ᠋ᠭᠡᠷ ᠰᠠᠷ᠎ᠠ ᠶᠢᠨ 2 ᠤᠨ ᠡᠳᠦᠷ᠂ ᠪᠦᠬᠦ ᠤᠷᠤᠨ ᠤ ᠰᠲ᠋ᠤᠺ ᠢᠶᠠᠨ ᠵᠠᠬ᠎ᠠ ᠳᠡᠯᠭᠡᠭᠦᠷ ᠲᠤ ᠭᠠᠷᠭᠠᠬᠰᠠᠨ ᠺᠤᠮᠫᠠᠨᠢ ᠪᠠ ᠠᠷᠠᠳ ᠤᠨ ᠡᠵᠡᠩᠨᠡᠯᠲᠡ ᠶᠢᠨ ᠠᠵᠤ ᠠᠬᠤᠢᠢᠯᠠᠯ ᠤᠨ ᠴᠢᠨᠠᠷ ᠰᠠᠶᠢᠲᠠᠢ ᠬᠦᠭᠵᠢᠯᠲᠡ ᠳᠤ ᠮᠦᠩᠭᠦᠨ ᠭᠦᠢᠯᠭᠡᠭᠡᠨ ᠤ ᠦᠢᠯᠡᠴᠢᠯᠡᠭᠡ ᠬᠠᠨᠭ᠍ᠭᠠᠬᠤ ᠠᠬᠢᠭᠤᠯᠤᠯᠲᠠ ᠶᠢᠨ ᠬᠤᠷᠠᠯ ᠬᠤᠷᠠᠯᠳᠤᠵᠤ᠂ 10 ᠳ᠋ᠤᠭᠠᠷ ᠰᠠᠷ᠎ᠠ ᠶᠢᠨ 31 ᠤ ᠡᠳᠦᠷ ᠬᠤᠷᠠᠯᠳᠤᠭᠰᠠᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠶᠢᠨ ᠬᠤᠷᠠᠯ ᠪᠠ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠢᠢᠯᠠᠯ ᠤᠨ ᠶᠠᠷᠢᠯᠴᠠᠬᠤ ᠬᠤᠷᠠᠯ ᠳᠡᠭᠡᠷ᠎ᠡ ᠬᠡᠯᠡᠭᠰᠡᠨ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠰᠤᠷᠤᠯᠴᠠᠵᠤ᠂ ᠮᠦᠩᠭᠦᠨ ᠭᠦᠢᠯᠭᠡᠭᠡ ᠶᠢ ᠮᠠᠨ ᠤ ᠤᠷᠤᠨ ᠤ ᠰᠲ᠋ᠤᠺ ᠢᠶᠠᠨ ᠵᠠᠬ᠎ᠠ ᠳᠡᠯᠭᠡᠭᠦᠷ ᠲᠤ ᠭᠠᠷᠭᠠᠬᠰᠠᠨ ᠠᠵᠤ ᠠᠬᠤᠢᠢᠯᠠᠯ᠂ ᠠᠷᠠᠳ ᠤᠨ ᠡᠵᠡᠩᠨᠡᠯᠲᠡ ᠶᠢᠨ ᠠᠵᠤ ᠠᠬᠤᠢᠢᠯᠠᠯ ᠤᠨ ᠴᠢᠨᠠᠷ ᠰᠠᠶᠢᠲᠠᠢ ᠬᠦᠭᠵᠢᠯᠲᠡ ᠳᠤ ᠦᠢᠯᠡᠴᠢᠯᠡᠬᠦᠯᠬᠦ ᠲᠤᠬᠠᠢ ᠰᠤᠳᠤᠯᠤᠨ ᠪᠠᠶᠢᠷᠢᠯᠠᠭᠤᠯᠵᠠᠢ᠃
     ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠵᠠᠩ ᠱᠤᠤ ᠴᠦᠨ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃
     ᠵᠠᠩ ᠱᠤᠤ ᠴᠦᠨ ᠵᠢᠭᠠᠭᠰᠠᠨ ᠨᠢ᠂ ᠤᠢᠢᠷ᠎ᠠ ᠶᠢᠨ ᠬᠤᠭᠤᠴᠠᠭᠠᠨ᠎ᠠ ᠤᠯᠤᠰ ᠠᠴᠠ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠠᠯᠢ ᠤᠯᠠᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠪᠤᠯᠤᠨ ᠲᠦᠷᠤ ᠶᠢᠨ ᠪᠤᠳᠤᠯᠭ᠎ᠠ ᠠᠷᠭ᠎ᠠ ᠬᠡᠮᠵᠢᠶ᠎ᠠ ᠶᠢ ᠲᠤᠭᠳᠠᠭᠠᠵᠤ᠂ ᠨᠡᠶᠢᠳᠠ ᠶᠢᠨ ᠦᠮᠴᠢᠯᠠᠯ ᠤᠨ ᠪᠤᠰᠤ ᠠᠵᠤ ᠠᠬᠤᠢ ᠶᠢᠨ ᠬᠦᠭᠵᠢᠯᠳᠠ ᠳᠤ ᠨᠡᠩ ᠦᠷᠬᠡᠨ ᠲᠡᠯᠬᠡᠷ ᠤᠷᠤᠨ ᠵᠠᠢ ᠪᠤᠯᠤᠨ ᠨᠡᠩ ᠤᠯᠬᠤᠶ᠎ᠠ ᠪᠡᠷᠬᠡ ᠠᠵᠠ ᠲᠤᠬᠢᠶᠠᠯ ᠬᠠᠩᠭᠠᠬᠰᠠᠨ ᠪᠠᠶᠢᠨ᠎ᠠ᠂ ᠠᠷᠠᠳ ᠤᠨ ᠡᠵᠡᠩᠨᠡᠯᠳᠠ ᠶᠢᠨ ᠠᠵᠤ ᠠᠬᠤᠢᠢᠯᠠᠯ ᠨᠢ ᠢᠳᠡᠬᠡᠯ ᠵᠤᠷᠢᠬ ᠢᠶᠠᠨ ᠬᠦᠪᠴᠢᠯᠠᠵᠤ᠂ ᠴᠢᠳᠠᠪᠤᠷᠢ ᠪᠠᠨ ᠲᠡᠭᠡᠭᠰᠢᠯᠡᠬᠦᠯᠵᠤ᠂ ᠬᠦᠭᠵᠢᠯᠳᠠ ᠶᠢᠨ ᠰᠢᠨ᠎ᠠ ᠪᠠᠶᠢᠳᠠᠯ ᠢ ᠴᠢᠷᠮᠠᠶᠢᠨ ᠡᠬᠦᠳᠬᠦ ᠭᠡᠷᠡᠭᠳᠠᠢ᠃ ᠮᠦᠩᠬᠦᠨ ᠬᠦᠢᠯᠬᠡᠬᠡᠨ ᠤ ᠪᠠᠶᠢᠭᠤᠯᠤᠮᠵᠢ ᠨᠤᠭᠤᠳ ᠮᠦᠩᠬᠦᠨ ᠬᠦᠢᠯᠬᠡᠬᠡᠨ ᠤ ᠠᠶᠤᠯ ᠲᠦᠭᠰᠢᠬᠦᠷᠢ ᠶᠢ ᠰᠡᠷᠬᠡᠶᠢᠯᠡᠨ ᠰᠢᠢᠳᠪᠤᠷᠢᠯᠡᠬᠦ ᠪᠠ ᠪᠤᠳᠠᠳᠤ ᠠᠵᠤ ᠠᠬᠤᠢ ᠳᠤ ᠤᠢᠢᠯᠡᠴᠢᠯᠡᠬᠦ ᠶᠢ ᠤᠶᠠᠯᠳᠤᠭᠤᠯᠵᠤ᠂ ᠠᠵᠤ ᠠᠬᠤᠢᠢᠯᠠᠯ ᠤᠨ ᠴᠢᠨᠠᠷ ᠰᠠᠶᠢᠳᠠᠢ ᠬᠦᠭᠵᠢᠯᠳᠠ ᠳᠤ ᠪᠡᠯᠡ ᠮᠦᠩᠬᠦ ᠬᠤᠷᠠᠮᠳᠤᠭᠤᠯᠬᠤ ᠰᠠᠶᠢᠨ ᠰᠠᠶᠢᠬᠠᠨ ᠤᠷᠴᠢᠨ ᠲᠤᠭᠤᠷᠢᠨ ᠢ ᠪᠤᠢ ᠪᠤᠯᠭᠠᠨ ᠦᠭᠬᠦ ᠭᠡᠷᠡᠭᠳᠠᠢ᠃ ᠮᠦᠩᠬᠦᠨ ᠬᠦᠢᠯᠬᠡᠬᠡᠨ ᠤ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤᠭᠳᠠᠭᠤᠨ ᠢᠶᠠᠷ ᠨᠡᠮᠡᠭᠳᠡᠬᠦᠯᠬᠦ ᠪᠠ ᠴᠢᠩᠭ᠎ᠠ ᠬᠢᠨᠠᠨ ᠬᠠᠮᠢᠶᠠᠷᠬᠤ ᠶᠢᠨ ᠬᠤᠭᠤᠷᠤᠨᠳᠤᠬᠢ ᠬᠠᠷᠢᠴᠠᠭ᠎ᠠ ᠶᠢ ᠰᠠᠶᠢᠳᠤᠷ ᠰᠢᠢᠳᠪᠤᠷᠢᠯᠠᠵᠤ᠂ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢ ᠬᠦᠳᠤᠯᠤᠨ ᠵᠢᠯᠤᠭᠤᠳᠴᠤ ᠴᠢᠨᠠᠷ ᠰᠠᠶᠢᠳᠠᠢ ᠬᠦᠭᠵᠢᠯᠳᠠ ᠳᠤ ᠬᠦᠴᠤᠨ ᠪᠦᠬᠦᠢ ᠤᠢᠢᠯᠡᠴᠢᠯᠡᠭᠡ ᠬᠠᠩᠭᠠᠬᠤ ᠭᠡᠷᠡᠭᠳᠠᠢ᠃ ᠠᠵᠤ ᠠᠬᠤᠢᠢᠯᠠᠯ ᠳᠤ ᠬᠤᠳᠠᠯᠳᠤᠭ᠎ᠠ ᠡᠷᠬᠢᠯᠡᠬᠦ ᠰᠠᠶᠢᠨ ᠰᠠᠶᠢᠬᠠᠨ ᠤᠷᠴᠢᠨ ᠲᠤᠭᠤᠷᠢᠨ ᠢ ᠪᠤᠢ ᠪᠤᠯᠭᠠᠨ ᠦᠭᠴᠤ᠂ ᠤᠳᠤ ᠪᠠᠶᠢᠭ᠎ᠠ ᠨᠡᠶᠢᠳᠠ ᠶᠢᠨ ᠦᠮᠴᠢᠯᠠᠯ ᠤᠨ ᠪᠤᠰᠤ ᠠᠵᠤ ᠠᠬᠤᠢ ᠶᠢ ᠵᠤᠷᠢᠬᠵᠢᠭᠤᠯᠬᠤ ᠡᠯ᠎ᠠ ᠵᠦᠢᠯ ᠤᠨ ᠲᠦᠷᠤ ᠶᠢᠨ ᠪᠤᠳᠤᠯᠭ᠎ᠠ ᠶᠢ ᠦᠨᠡᠨ ᠬᠦ ᠨᠠᠷᠢᠯᠢᠬ ᠪᠤᠳᠠᠳᠠᠢ ᠨᠠᠶᠢᠳᠠᠪᠤᠷᠢᠵᠢᠭᠤᠯᠬᠤ ᠭᠡᠷᠡᠭᠳᠠᠢ᠃ ᠠᠵᠤ ᠠᠬᠤᠢᠢᠯᠠᠯ ᠤᠳ ᠴᠢᠨᠠᠬᠰᠢᠳᠠ ᠪᠠᠶ᠎ᠠ ᠪᠠᠨ ᠬᠦᠴᠦᠷᠭᠡᠭᠵᠢᠬᠦᠯᠵᠤ᠂ ᠳᠤᠳᠤᠭᠠᠳᠤ ᠴᠢᠳᠠᠪᠤᠷᠢ ᠪᠠᠨ ᠲᠡᠭᠡᠭᠰᠢᠯᠡᠬᠦᠯᠵᠤ᠂ ᠡᠵᠡᠩᠨᠠᠯᠳᠠ ᠶᠢᠨ ᠴᠢᠳᠠᠪᠤᠷᠢ ᠪᠤᠯᠤᠨ ᠬᠠᠮᠢᠶᠠᠷᠤᠯᠳᠠ ᠶᠢᠨ ᠲᠦᠪᠰᠢᠨ ᠢᠶᠠᠨ ᠲᠡᠭᠡᠭᠰᠢᠯᠡᠬᠦᠯᠬᠦ ᠭᠡᠷᠡᠭᠳᠠᠢ ᠬᠡᠪᠠ᠃

ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ