ᠤᠯᠠᠭᠠᠨᠴᠠᠪ ᠬᠤᠲᠠ ᠣᠨᠴᠠᠭᠠᠢ ᠰᠤᠷᠭᠠᠨ ᠬᠥᠮᠦᠵᠢᠯ ᠢ ᠪᠦᠷᠢᠨ ᠪᠦᠷᠬᠦᠭᠦᠯᠬᠦ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2018/11/6
     ᠤᠯᠠᠭᠠᠨᠴᠠᠪ ᠬᠤᠲᠠ ᠶᠢᠨ ᠣᠨᠴᠠᠭᠠᠢ ᠰᠤᠷᠭᠠᠨ ᠬᠥᠮᠦᠵᠢᠯ ᠪᠦᠬᠦᠨ ᠢ ᠬᠠᠮᠤᠷᠬᠤ ᠰᠤᠷᠭᠠᠨ ᠬᠥᠮᠦᠵᠢᠯ ᠢ ᠬᠡᠷᠡᠭᠵᠢᠭᠦᠯᠵᠦ᠂ ᠪᠥᠬᠦ ᠬᠤᠳᠠ ᠶᠢᠨ 11 ᠬᠤᠰᠢᠭᠤ ᠰᠢᠶᠠᠨ ᠬᠤᠲᠠ ᠲᠣᠭᠤᠷᠢᠭ ᠲᠤ ᠴᠥᠮ ᠡᠬᠢ ᠪᠠᠶᠠᠯᠢᠭ ᠤᠨ ᠬᠢᠴᠢᠶᠡᠯ ᠤᠨ ᠬᠡᠷ ᠲᠠᠢ ᠪᠣᠯᠵᠤ᠂ ᠪᠦᠬᠦᠨ ᠢ ᠵᠡᠮᠳᠡᠭ ᠬᠡᠤᠬᠡᠳ ᠤᠨ ᠡᠷᠡᠭᠦᠯᠵᠢᠯ ᠤᠨ ᠰᠤᠷᠭᠠᠭᠤᠯᠢᠯᠠᠯ ᠳᠤ ᠬᠡᠷᠡᠭᠯᠡᠬᠦ ᠪᠣᠯᠪᠠ᠃ ᠬᠥᠩᠭᠡᠪᠲᠦᠷ ᠵᠡᠮᠳᠡᠭ ᠰᠣᠷᠣᠭᠴᠢ ᠠᠩᠭᠢ ᠲᠠᠭᠠᠨ ᠰᠤᠷᠤᠯᠴᠠᠵᠤ᠂ ᠰᠤᠷᠭᠠᠭᠤᠯᠢ ᠳᠤ ᠬᠦᠷᠴᠦ ᠴᠢᠳᠠᠬᠤ ᠦᠭᠡᠢ ᠬᠦᠨᠳᠦ ᠵᠡᠮᠳᠡᠭ ᠰᠤᠷᠤᠭᠴᠢᠳ ᠲᠤ ᠰᠤᠷᠭᠠᠨ ᠬᠥᠮᠦᠵᠢᠯ ᠢ ᠬᠡᠷ ᠲᠤᠨᠢ ᠬᠦᠷᠭᠡᠬᠦ ᠦᠢᠯᠡᠴᠢᠯᠡᠭᠡ ᠬᠢᠵᠦ᠂ ᠣᠨᠴᠠᠭᠠᠢ ᠰᠤᠷᠭᠠᠨ ᠬᠥᠮᠦᠵᠢᠯ ᠢ ᠪᠦᠷᠢᠨ ᠪᠦᠷᠬᠦᠭᠦᠯᠬᠦ ᠶᠢ  ᠪᠡᠶᠡᠯᠡᠭᠦᠯᠪᠡ᠃  ︽ᠭᠤᠷᠪᠠ ᠵᠡᠮᠳᠡᠭ︾ ᠬᠡᠦᠬᠡᠳ ᠤᠨ ᠰᠤᠷᠭᠠᠭᠤᠯᠢ ᠳᠤ ᠣᠷᠣᠭᠰᠠᠨ ᠨᠤᠷᠮ᠎ᠠ ᠨᠢ 87.87% ᠪᠣᠯᠤᠭᠰᠠᠨ ᠪᠠᠶᠢᠨ᠎ᠠ᠃ ᠳᠠᠩᠰᠠ ᠪᠠ ᠺᠠᠷᠲ ᠲᠠᠢ ︽ᠭᠤᠷᠪᠠ ᠵᠡᠮᠳᠡᠭ︾ ᠬᠡᠦᠬᠡᠳ ᠲᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ᠨᠢ ᠠᠰᠠᠷᠠᠨ ᠬᠥᠮᠦᠵᠢᠭᠦᠯᠬᠦ ᠵᠠᠷᠤᠳᠠᠯ ᠢ ᠨᠢ ᠬᠡᠯᠲᠦᠷᠢᠭᠦᠯᠬᠦ᠂ ᠠᠮᠢᠳᠤᠷᠠᠯ ᠤᠨ ᠵᠠᠷᠤᠳᠠᠯ ᠤᠨ ᠨᠥᠬᠦᠪᠥᠷᠢ ᠥᠭᠬᠦ ᠵᠡᠷᠭᠡ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠠᠪᠴᠤ᠂ ︽ᠨᠢᠭᠡ ᠬᠥᠮᠦᠨ ᠳᠤ ᠨᠢᠭᠡ ᠳᠠᠩᠰᠠ ᠲᠠᠢ ᠪᠠᠶᠢᠯᠭᠠᠬᠤ︾ ᠲᠠᠩᠰᠠ ᠡᠪᠬᠡᠮᠡᠯ ᠤᠨ ᠬᠠᠮᠢᠶᠠᠷᠤᠯᠲᠠ ᠶᠢ ᠬᠡᠷᠡᠭᠵᠢᠭᠦᠯᠪᠡ᠂ ᠡᠭᠦᠨ ᠳᠤ 2016 ᠣᠨ ᠳᠤ 117 ᠬᠥᠮᠥᠨ ᠪᠠᠶᠢᠭᠰᠠᠨ ᠠᠴᠠ ᠪᠠᠨ 12 ᠬᠥᠮᠥᠨ ᠨᠢ ᠨᠢᠭᠡᠨᠲᠡ ᠶᠠᠳᠠᠭᠤ ᠠᠴᠠ ᠠᠩᠭᠢᠵᠢᠷᠠᠪᠠ᠃ 2017 ᠣᠨ ᠳᠤ 133 ᠬᠥᠮᠦᠨ ᠪᠠᠶᠢᠭᠰᠠᠨ ᠠᠴᠠ ᠪᠠᠨ 25 ᠬᠥᠮᠥᠨ ᠨᠢ ᠨᠢᠭᠡᠨᠲᠡ ᠶᠠᠳᠠᠭᠤ ᠠᠴᠠ ᠠᠩᠭᠢᠵᠢᠷᠠᠪᠠ᠃ 2018 ᠣᠨ ᠳᠤ 123 ᠬᠥᠮᠦᠨ ᠪᠠᠶᠢᠭᠰᠠᠨ ᠠᠴᠠ ᠪᠠᠨ 27 ᠬᠥᠮᠥᠨ ᠨᠢ ᠨᠢᠭᠡᠨᠲᠡ ᠶᠠᠳᠠᠭᠤ ᠠᠴᠠ ᠠᠩᠭᠢᠵᠢᠷᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号