ᠪᠦᠬᠦ ᠤᠷᠤᠨ ᠤ ᠠᠹᠷᠢᠺᠠ ᠲᠢᠪ ᠤᠨ ᠭᠠᠭ᠋ᠠᠢ ᠶᠢᠨ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/11/6

     11 ᠳ᠋ᠦ᠋ᠭᠡᠷ ᠰᠠᠷ᠎ᠠ ᠶᠢᠨ 3 ᠤ ᠡᠳᠦᠷ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠪᠦᠬᠦ ᠤᠷᠤᠨ ᠤ ᠠᠹᠷᠢᠺᠠ ᠲᠢᠪ ᠤᠨ ᠭᠠᠭ᠋ᠠᠢ ᠶᠢᠨ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠣᠣ ᠯᠢᠨ ᠬᠤᠷᠠᠯ ᠢ ᠡᠷᠬᠢᠯᠡᠵᠦ ᠶᠠᠷᠢᠶ᠎ᠠ ᠲᠠᠯᠪᠢᠪᠠ᠃
     ᠪᠦ᠋ ᠰᠢᠶᠣᠣ ᠯᠢᠨ ᠵᠢᠭᠠᠭᠰᠠᠨ ᠨᠢ᠂ ᠡᠯ᠎ᠠ ᠭᠠᠵᠠᠷ ᠤᠷᠤᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠤᠯᠤᠰ ᠲᠦᠷᠦ ᠶᠢᠨ ᠵᠤᠭᠰᠤᠴᠠ ᠪᠠᠨ ᠲᠡᠭᠡᠭᠰᠢᠯᠡᠭᠦᠯᠵᠤ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠦᠨᠵᠡᠭᠡᠢ ᠲᠤᠭᠤᠰᠢᠯᠠᠭᠤᠯᠵᠤ᠂ ᠡᠯ᠎ᠠ ᠵᠦᠢᠯ ᠤᠨ ᠰᠡᠷᠭᠡᠶᠢᠯᠡᠨ ᠬᠤᠷᠢᠭᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠹᠷᠢᠺᠠ ᠲᠢᠪ ᠤᠨ ᠭᠠᠭ᠋ᠠᠢ ᠶᠢᠨ ᠬᠢᠵᠢᠭ ᠢ ᠰᠡᠷᠭᠡᠶᠢᠯᠡᠨ ᠬᠤᠷᠢᠭᠯᠠᠬᠤ ᠰᠦᠨᠦᠭᠡᠬᠦ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠬᠤ ᠬᠡᠷᠡᠭᠲᠡᠢ ᠭᠡᠵᠡᠢ᠃
     ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠ ᠰᠠᠯᠠᠭ᠎ᠠ ᠮᠦᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠦᠨᠡᠨ ᠬᠦ ᠨᠠᠶᠢᠳᠠᠪᠤᠷᠢᠵᠢᠭᠤᠯᠵᠤ᠂ ᠠᠯᠮᠠᠶᠢᠷᠠᠨ ᠬᠠᠭᠤᠳᠠᠮ ᠢᠶᠠᠷ ᠬᠠᠨᠳᠤᠬᠤ ᠪᠠ ᠠᠵᠠ ᠬᠠᠷᠠᠵᠤ ᠦᠩᠭᠡᠷᠡᠬᠦ ᠪᠤᠳᠤᠯ ᠤᠷᠤᠬᠤ ᠶᠢ ᠡᠷᠡᠰ ᠲᠡᠪᠴᠢᠬᠦ ᠬᠡᠷᠡᠭᠲᠡᠢ᠃ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠬᠤᠷᠢᠭᠯᠠᠬᠤ ᠲᠤᠭᠲᠠᠴᠠ ᠪᠠᠨ ᠴᠢᠩᠭᠠᠷᠠᠭᠤᠯᠵᠤ᠂ ᠪᠦᠬᠦ ᠲᠠᠯ᠎ᠠ ᠪᠠᠷ ᠬᠢᠨᠠᠨ ᠰᠢᠯᠭᠠᠵᠤ ᠰᠠᠶᠢᠲᠤᠷ ᠪᠠᠶᠢᠴᠠᠭᠠᠵᠤ᠂ ᠭᠠᠭ᠋ᠠᠢ ᠵᠢᠴᠢ ᠲᠡᠭᠦᠨ ᠤ ᠪᠦᠳᠦᠭᠡᠭᠳᠡᠭᠦᠨ ᠢ ᠰᠢᠯᠵᠢᠭᠦᠯᠦᠨ ᠲᠡᠭᠡᠭᠡᠪᠦᠷᠢᠯᠡᠭᠦ ᠬᠠᠮᠢᠶᠠᠷᠤᠯᠳᠠ ᠶᠢ ᠴᠢᠩᠳᠠᠯᠠᠵᠤ᠂ ᠬᠢᠵᠢᠭ ᠢ ᠪᠠᠶᠢᠴᠠᠭᠠᠬᠤ ᠬᠢᠨᠠᠨ ᠰᠢᠯᠭᠠᠬᠤ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ᠲᠠᠷᠬᠠᠬᠤ ᠪᠠ ᠳᠡᠯᠭᠡᠷᠡᠬᠦ  ᠶᠢ ᠡᠷᠡᠰ ᠬᠤᠷᠢᠬᠯᠠᠵᠤ᠂ ᠠᠹᠷᠢᠺᠠ ᠲᠢᠪ ᠤᠨ ᠭᠠᠭ᠋ᠠᠢ ᠶᠢᠨ ᠬᠢᠵᠢᠭ ᠢ ᠦᠨᠳᠦᠰᠦᠨ ᠠᠴᠠ ᠨᠢ ᠡᠷᠡᠰ ᠠᠷᠢᠯᠭᠠᠬᠤ ᠬᠡᠷᠡᠭᠲᠡᠢ᠃ ᠤᠳᠤᠷᠢᠳᠬᠤ ᠲᠠᠯ᠎ᠠ ᠪᠠᠷ ᠬᠦᠷᠦᠯᠴᠡᠭᠰᠡᠨ ᠦᠭᠡᠢ᠂ ᠬᠠᠷᠢᠭᠤᠴᠠᠯᠭ᠎ᠠ ᠪᠠᠨ ᠬᠦᠢᠴᠡᠳᠭᠡᠭᠰᠡᠨ ᠲᠠᠯ᠎ᠠ ᠪᠠᠷ ᠬᠦᠷᠦᠯᠴᠡᠭᠰᠡᠨ ᠦᠭᠡᠢ᠂ ᠠᠵᠢᠯ ᠤᠨ ᠠᠷᠭ᠎ᠠ ᠬᠢᠳᠡᠯ ᠠᠪᠤᠬᠰᠠᠨ ᠲᠠᠯ᠎ᠠ ᠪᠠᠷ ᠬᠦᠷᠦᠯᠴᠡᠭᠰᠡᠨ ᠦᠭᠡᠢ ᠬᠦᠮᠦᠰ ᠠᠴᠠ ᠴᠢᠩᠭ᠎ᠠ ᠬᠠᠷᠢᠭᠤᠴᠠᠯᠭ᠎ᠠ ᠨᠡᠭᠡᠮᠵᠢᠯᠡᠵᠤ ᠬᠠᠷᠢᠭᠤᠴᠠᠯᠭ᠎ᠠ ᠲᠤᠯᠭᠠᠬᠤ ᠬᠡᠷᠡᠭᠳᠡᠢ᠃ ᠭᠠᠭ᠋ᠠᠢ ᠲᠡᠵᠢᠭᠡᠬᠦ ᠦᠢᠯᠡᠰ ᠤᠨ ᠡᠷᠡᠭᠦᠯ ᠢᠶᠠᠷ ᠬᠦᠭᠵᠢᠭᠦ ᠶᠢ ᠠᠬᠢᠭᠤᠯᠵᠤ᠂ ᠭᠠᠭ᠋ᠠᠢ ᠶᠢᠨ ᠦᠢᠯᠡᠳᠪᠦᠷᠢᠯᠡᠯ ᠬᠠᠩᠭᠠᠯᠭ᠎ᠠ ᠶᠢᠨ ᠪᠠᠲᠤᠯᠠᠭ᠎ᠠ ᠶᠢ ᠰᠠᠶᠢᠲᠤᠷ ᠬᠢᠵᠦ᠂ ᠬᠠᠩᠭᠠᠯᠭ᠎ᠠ ᠨᠢ ᠬᠦᠢᠴᠡᠳ᠂ ᠦᠨ᠎ᠠ ᠨᠢ ᠲᠤᠬᠳᠠᠪᠤᠷᠢ ᠲᠠᠢ᠂ ᠶᠠᠰᠤ ᠴᠢᠨᠠᠷ ᠨᠢ ᠠᠮᠤᠷ ᠲᠦᠪᠰᠢᠨ ᠪᠠᠶᠢᠬᠤ ᠶᠢ ᠪᠠᠳᠤᠯᠠᠵᠤ᠂ ᠬᠡᠷᠡᠭᠯᠡᠭᠴᠢᠳ ᠢ ᠰᠠᠨᠠᠭ᠎ᠠ ᠠᠮᠤᠷ ᠪᠠᠶᠢᠯᠭᠠᠬᠤ ᠬᠡᠷᠡᠭᠲᠡᠢ ᠭᠡᠵᠡᠢ᠃
     ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠯᠢ ᠪᠢᠩ ᠷᠦᠩ ᠠᠴᠠ ᠠᠹᠷᠢᠺᠠ ᠲᠢᠪ ᠤᠨ ᠭᠠᠭ᠋ᠠᠢ ᠶᠢᠨ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠢ ᠴᠢᠨᠠᠬᠰᠢᠳᠠ ᠰᠠᠶᠢᠲᠤᠷ ᠬᠢᠭᠦ ᠲᠤᠬᠠᠢ ᠪᠤᠳᠠᠳᠠᠢ ᠪᠠᠶᠢᠷᠢᠯᠠᠭᠤᠯᠤᠯᠲᠠ ᠬᠢᠵᠠᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ