ᠲᠥᠷᠥᠭᠦᠦ ᠭᠤᠷᠪᠠᠨ ᠤᠯᠠᠷᠢᠯ ᠳᠤ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠠᠳᠠᠯᠢ ᠬᠤᠭᠤᠴᠠᠭᠠᠨ ᠤ ᠬᠢ ᠠᠴᠠ 1.8% ᠥᠰᠪᠡ
ᠨᠡᠶᠢᠲᠡᠯᠡᠭᠰᠡᠨ ᠴᠠᠭ᠄
2018/11/7
     ᠡᠨᠡ ᠵᠢᠯ ᠤᠨ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠠᠳᠠᠯᠢ ᠬᠤᠭᠤᠴᠠᠭᠠᠨ ᠤ ᠬᠢ ᠠᠴᠠ 1.8%᠎ ᠪᠠᠷ ᠥᠰᠴᠦ᠂ ᠥᠰᠥᠯᠲᠡ ᠨᠢ ᠳᠡᠭᠡᠷ᠎ᠡ ᠬᠠᠭᠠᠰ ᠵᠢᠯ ᠤᠨ ᠬᠢ ᠲᠠᠢ ᠲᠡᠩᠴᠡᠪᠡ᠃ ᠡᠭᠦᠨ ᠳᠤ᠂ ᠬᠤᠲᠠ ᠶᠢᠨ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ 1.7% ᠥᠰᠴᠦ᠂ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ 1.9% ᠥᠰᠴᠦ᠂ ᠴᠥᠮ ᠳᠡᠭᠡᠷ᠎ᠡ ᠬᠠᠭᠠᠰ ᠵᠢᠯ ᠤᠨ ᠬᠢ ᠲᠠᠢ ᠲᠡᠩᠴᠡᠵᠡᠢ᠃ ᠲᠦᠷᠦᠯ ᠬᠤᠪᠢᠶᠠᠨ ᠦᠵᠡᠪᠡᠯ᠂ ᠨᠠᠢᠮᠠᠨ ᠶᠡᠭᠡ ᠬᠡᠷᠡᠭᠯᠡᠭᠡᠨ ᠤ ᠦᠨ᠎ᠡ ᠬᠠᠩᠰᠢ ᠴᠥᠮ  ᠠᠳᠠᠯᠢ ᠬᠤᠭᠤᠴᠠᠭᠠᠨ ᠠᠴᠠ ᠥᠰᠪᠡ᠃ ᠡᠭᠦᠨ ᠳᠤ᠂ ᠡᠮ ᠡᠮᠨᠡᠯᠭᠡ ᠡᠷᠡᠭᠦᠯ ᠮᠡᠡᠳᠦ ᠶᠢᠨ ᠲᠥᠷᠥᠯ ᠤᠨ ᠬᠡᠷᠡᠭᠯᠡᠭᠡᠨ ᠤ ᠦᠨ᠎ᠡ ᠬᠠᠩᠰᠢ 3.2%᠎ ᠢᠶᠠᠷ ᠥᠰᠴᠦ᠂ ᠣᠷᠣᠨ ᠰᠠᠭᠤᠴᠠ ᠶᠢᠨ ᠲᠦᠷᠦᠯ ᠤᠨ ᠬᠡᠷᠡᠭᠯᠡᠭᠡᠨ ᠤ ᠦᠨ᠎ᠡ ᠬᠠᠩᠰᠢ 2.2%᠎ ᠢᠶᠠᠷ ᠥᠰᠴᠦ᠂ ᠬᠤᠪᠴᠠᠰᠤ ᠬᠤᠨᠠᠷ ᠤᠨ ᠲᠦᠷᠦᠯ ᠤᠨ ᠬᠡᠷᠡᠭᠯᠡᠭᠡᠨ ᠤ ᠦᠨ᠎ᠡ ᠬᠠᠩᠰᠢ 1.8%᠎ ᠪᠠᠷ ᠥᠰᠴᠡᠶ᠂ ᠢᠳᠡᠭᠡᠨ ᠪᠠ ᠠᠷᠢᠬᠢ ᠲᠠᠮᠠᠬᠢᠨ ᠤ ᠵᠦᠢᠯ ᠤᠨ ᠬᠡᠷᠡᠭᠯᠡᠭᠡᠨ ᠤ ᠦᠨ᠎ᠡ ᠬᠠᠩᠰᠢ 1.8%᠎ ᠪᠠᠷ ᠥᠰᠴᠦ᠂ ᠵᠠᠮ ᠬᠠᠷᠢᠯᠴᠠᠭ᠎ᠠ ᠪᠣᠯᠣᠨ ᠮᠡᠳᠡᠭᠡ ᠬᠠᠷᠢᠯᠴᠠᠭ᠎ᠠ ᠶᠢᠨ ᠲᠦᠷᠦᠯ ᠤᠨ ᠬᠡᠷᠡᠭᠯᠡᠭᠡᠨ ᠤ ᠦᠨ᠎ᠡ ᠬᠠᠩᠰᠢ1.4%᠎ ᠪᠠᠷ ᠥᠰᠴᠦ᠂ ᠠᠮᠢᠳᠤᠷᠠᠯ ᠤᠨ ᠬᠡᠷᠡᠭᠰᠡᠯ ᠪᠣᠯᠤᠨ ᠦᠢᠯᠡᠴᠢᠯᠡᠭᠡᠨ ᠤ ᠲᠦᠷᠦᠯ ᠤᠨ ᠬᠡᠷᠡᠭᠯᠡᠭᠡᠨ ᠤ ᠦᠨ᠎ᠡ ᠬᠠᠩᠰᠢ 1.1%᠎ ᠪᠠᠷ ᠥᠰᠴᠦ᠂ ᠰᠤᠷᠭᠠᠨ ᠬᠥᠮᠦᠵᠢᠯ ᠰᠣᠶᠣᠯ ᠪᠣᠯᠣᠨ ᠵᠤᠭ᠎ᠠ ᠴᠡᠩᠭᠡᠯ ᠤᠨ ᠲᠥᠷᠥᠯ ᠤᠨ ᠬᠡᠷᠡᠭᠯᠡᠭᠡᠨ ᠤ ᠦᠨ᠎ᠡ ᠬᠠᠩᠰᠢ 0.8%᠎ ᠪᠠᠷ  ᠥᠰᠴᠦ᠂ ᠪᠤᠰᠤᠳ ᠡᠳ᠋ᠯᠡᠯ ᠬᠡᠷᠡᠭᠰᠡᠯ ᠪᠣᠯᠣᠨ ᠦᠢᠯᠡᠴᠢᠯᠡᠭᠡᠨ ᠤ ᠲᠦᠷᠦᠯ ᠤᠨ ᠬᠡᠷᠡᠭᠯᠡᠭᠡᠨ ᠤ ᠦᠨ᠎ᠡ ᠬᠠᠩᠰᠢ 0.5%᠎ ᠪᠠᠷ ᠥᠰᠪᠡ᠃ ᠡᠭᠦᠨ ᠤ ᠬᠠᠮᠲᠤ᠂ ᠲᠦᠷᠦᠭᠦᠦ ᠭᠤᠷᠪᠠᠨ ᠤᠯᠠᠷᠢᠯ ᠳᠤ᠂ ᠪᠦᠬᠦ ᠣᠷᠣᠨ ᠤ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠦᠢᠯᠡᠳᠪᠦᠷᠢ ᠠᠴᠠ ᠭᠠᠷᠭᠠᠬᠤ ᠦᠨ᠎ᠡ ᠬᠠᠩᠰᠢ ᠠᠳᠠᠯᠢ ᠬᠤᠭᠤᠴᠠᠭᠠᠨ ᠤ ᠬᠢ ᠠᠴᠠ 3.9%᠎ ᠪᠠᠷ ᠥᠰᠴᠦ᠂ ᠥᠰᠥᠯᠲᠡ ᠨᠢ ᠳᠡᠭᠡᠷ᠎ᠡ ᠬᠠᠭᠠᠰ ᠵᠢᠯ ᠤᠨ ᠬᠢ ᠠᠴᠠ 0.1 ᠵᠠᠭᠤᠨ ᠤ ᠴᠡᠭ ᠪᠠᠭᠤᠷᠠᠪᠠ ; ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠬᠤᠳᠠᠯᠳᠤᠨ ᠠᠪᠬᠤ ᠦᠨ᠎ᠡ ᠬᠠᠩᠰᠢ ᠠᠳᠠᠯᠢ ᠬᠤᠭᠤᠴᠠᠭᠠᠨ ᠠᠴᠠ 2.7%᠎ ᠪᠠᠷ ᠥᠰᠴᠦ᠂ ᠥᠰᠥᠯᠲᠡ ᠨᠢ ᠳᠡᠭᠡᠷ᠎ᠡ ᠬᠠᠭᠠᠰ ᠵᠢᠯ ᠤᠨ ᠬᠢ ᠠᠴᠠ 0.3 ᠵᠠᠭᠤᠨ ᠤ ᠴᠡᠭ ᠪᠠᠭᠤᠷᠠᠵᠠᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号