ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠣᠷᠴᠢᠮᠬᠠᠨ ᠨᠢᠭᠡ ᠬᠤᠪᠢ | ᠤᠯᠠᠮᠵᠢᠯᠠᠯᠲᠤ ᠡᠮ ᠡᠮᠨᠡᠯᠭᠡ ᠶᠢᠨ ᠬᠥᠭᠵᠢᠯᠲᠡ ᠶᠢ ᠤᠯᠠᠮ ᠨᠢᠭᠡ ᠠᠯᠬᠤᠮ ᠳᠡᠮᠵᠢᠬᠦ ᠲᠤᠬᠠᠶ ᠪᠢᠴᠢᠭ ᠮᠠᠲ᠋ᠧᠷᠢᠶᠠᠯ ᠢ | ᠨᠡᠶᠢᠲᠡᠯᠡᠵᠦ᠂ ᠮᠣᠩᠭᠤᠯ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢᠨ ᠡᠯ᠎ᠡ ᠵᠦᠢᠯ ᠤᠨ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠪᠤᠲᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠨ ᠠᠬᠢᠭᠤᠯᠪᠠ᠃ ᠡᠭᠦᠨ ᠠᠴᠠ | ᠡᠮᠦᠨ᠎ᠡ᠂ ᠥᠪᠥᠷ ᠮᠣᠩᠭᠤᠯ ᠨᠢᠭᠡᠨᠲᠡ ᠮᠣᠩᠭᠤᠯ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠬᠤᠯᠪᠤᠭᠳᠠᠯ | ᠪᠦᠬᠦᠢ ᠲᠦᠷᠢᠮ ᠪᠠ ᠲᠥᠯᠥᠪᠵᠢᠭᠦᠯᠭᠡ ᠶᠢ 5 ᠬᠤᠪᠢ ᠨᠡᠶᠢᠲᠡᠯᠡᠵᠦ᠂ ᠮᠣᠩᠭᠤᠯ ᠡᠮ ᠡᠮᠨᠡᠯᠭᠡ ᠶᠢᠨ ᠬᠥᠭᠵᠢᠯᠲᠡ ᠶᠢ | ᠠᠬᠢᠭᠤᠯᠬᠤ ᠠᠯᠢ ᠣᠯᠠᠨ ᠠᠰᠢᠭᠲᠠᠢ ᠲᠥᠷᠥ ᠶᠢᠨ ᠪᠣᠳᠣᠯᠭ᠎ᠠ ᠶᠢ ᠳᠤᠷᠠᠳᠪᠠ᠃ ᠤᠷᠴᠢᠮᠬᠠᠨ᠂ ᠪᠠᠰᠠ ︽ᠮᠣᠩᠭᠤᠯ | ᠬᠢᠲᠠᠳ ᠡᠮᠨᠡᠯᠭᠡ ᠶᠢᠨ ᠬᠤᠷᠢᠶ᠎ᠠ ᠳᠤ ᠬᠠᠷᠠᠭᠠᠯᠵᠠᠯ ᠦᠵᠡᠭᠦᠯᠬᠦ ᠲᠦᠷᠦ ᠶᠢᠨ ᠪᠤᠳᠤᠯᠭ᠎ᠠ ᠶᠢ ᠲᠦᠯᠬᠢᠨ ᠠᠬᠢᠭᠤᠯᠵᠤ | ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾ ᠨᠡᠶᠢᠲᠡᠯᠡᠵᠦ᠂ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠳᠤ | ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠠᠲᠤᠯᠠᠵᠤ ᠪᠠᠶᠢᠨ᠎ᠠ᠃ | ᠮᠡᠳᠡᠭᠳᠡᠯ ᠳᠤ ᠬᠡᠯᠡᠭᠰᠡᠨ ᠨᠢ᠂ ᠮᠣᠩᠭᠤᠯ ᠡᠮᠴᠢᠯᠡᠭᠡᠨ ᠤ ᠪᠠᠶᠢᠭᠤᠯᠤᠮᠵᠢ ᠳᠤ ᠡᠮᠴᠢᠯᠡᠭᠦᠯᠬᠦ ᠵᠠᠷᠤᠳᠠᠯ ᠤᠨ | ᠲᠡᠩᠰᠠ ᠲᠠᠶᠢᠯᠬᠤ ᠡᠬᠢᠯᠡᠯᠲᠡ ᠶᠢᠨ ᠱᠤᠭᠤᠮ ᠢ 20% ᠠᠴᠠ 50% ᠪᠠᠭᠤᠷᠠᠭᠤᠯᠵᠤ᠂ ᠲᠠᠩᠰᠠ ᠲᠠᠶᠢᠯᠬᠤ | ᠬᠠᠷᠢᠴᠠᠯ ᠢ ᠤᠤᠯ ᠤᠨ ᠰᠠᠭᠤᠷᠢ ᠳᠡᠭᠡᠷ᠎ᠡ 15% ᠠᠴᠠ 20% ᠪᠠᠷ ᠳᠡᠭᠡᠭᠰᠢᠯᠡᠭᠦᠯᠦᠨ᠂ ᠬᠠᠮᠤᠭ ᠤᠨ | ᠦᠨᠳᠦᠷ ᠲᠤ ᠪᠠᠨ 95% ᠢ ᠳᠠᠪᠠᠭᠤᠯᠬᠤ ᠦᠭᠡᠢ᠃ ᠵᠡᠭᠦᠦ ᠲᠥᠭᠡᠨᠡᠯᠭᠡ᠂ ᠶᠠᠰᠤ ᠪᠠᠷᠢᠬᠤ᠂ ᠡᠮᠲᠦ ᠤᠬᠢᠶᠠᠯ᠂ | ᠴᠢᠰᠤ ᠲᠠᠯᠪᠢᠬᠤ ᠵᠡᠷᠭᠡ ᠮᠣᠩᠭᠤᠯ ᠡᠮᠨᠡᠯᠭᠡ ᠶᠢᠨ ᠣᠨᠴᠠᠯᠢᠠᠠᠳᠦ ᠣᠨᠣᠰᠢᠯᠠᠨ ᠡᠮᠨᠡᠬᠦ ᠮᠡᠷᠭᠡᠵᠢᠯ᠂ ᠮᠣᠩᠭᠤᠯ ᠡᠮ ᠤᠨ | ᠪᠡᠯᠡᠨ ᠡᠮ ᠪᠠ ᠮᠣᠩᠭᠤᠯ ᠡᠮᠨᠡᠯᠭᠡ ᠶᠢᠨ ᠬᠤᠷᠢᠶ᠎ᠠ ᠶᠢᠨ ᠳᠣᠲᠣᠷᠠᠬᠢ ᠨᠠᠶᠢᠷᠠᠯᠲᠠ ᠶᠢ ᠴᠥᠮ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠬᠦᠷᠢᠶ᠎ᠡ ᠬᠡᠪᠴᠢᠶ᠎ᠡ ᠳᠤ ᠣᠷᠣᠭᠤᠯᠵᠤ᠂ ᠪᠠᠶᠢᠩᠭᠤ ᠲᠣᠬᠢᠶᠠᠯᠳᠤᠳᠠᠭ | ᠡᠪᠡᠳᠴᠢᠨ᠂ ᠤᠯᠠᠨ ᠡᠭᠦᠰᠬᠦ ᠡᠪᠡᠳᠴᠢᠨ᠂ ᠤᠵᠢᠭ ᠴᠢᠨᠠᠷᠲᠠᠢ ᠡᠪᠡᠳᠴᠢᠨ ᠢ ᠤᠯᠠᠮᠵᠢᠯᠠᠯᠲᠤ ᠠᠷᠭ᠎ᠠ ᠪᠠᠷ ᠡᠮᠨᠡᠬᠦ ᠶᠢ | ᠵᠤᠷᠢᠭᠵᠢᠭᠤᠯᠤᠨ᠎ᠠ ᠭᠡᠵᠡᠢ᠃ | ᠣᠶᠢᠯᠠᠭᠠᠭᠰᠠᠨ ᠢᠶᠠᠷ᠂ ᠣᠳᠣᠬᠠᠨ ᠳᠤ ᠬᠤᠶᠠᠷ ᠵᠦᠢᠯ ᠤᠨ ᠮᠣᠩᠭᠤᠯ ᠡᠮ ᠨᠢ ᠰᠢᠨ᠎ᠡ ᠬᠡᠪ ᠤᠨ ᠤᠯᠤᠰ ᠤᠨ | ᠦᠨᠳᠦᠰᠦᠨ ᠡᠮ ᠤᠨ ᠵᠦᠢᠯ ᠤᠨ ᠭᠠᠷᠴᠠᠭ ᠲᠤ ᠤᠷᠤᠭᠰᠠᠨ ᠪᠠᠶᠢᠨ᠎ᠠ᠃ ᠥᠪᠥᠷ ᠮᠣᠩᠭᠤᠯ ᠳᠤ᠂ ᠪᠦᠬᠦ ᠮᠣᠩᠭᠤᠯ | ᠡᠮ ᠢ ᠴᠦᠮ ᠦᠨᠳᠦᠰᠦᠨ ᠡᠮ ᠢᠶᠠᠷ ᠬᠡᠷᠡᠭᠯᠡᠵᠦ ᠪᠤᠯᠤᠨ᠎ᠠ᠃ | ᠮᠡᠳᠡᠭᠳᠡᠯ ᠳᠤ ᠬᠡᠯᠡᠭᠰᠡᠨ ᠨᠢ᠂ ᠥᠪᠥᠷ ᠮᠣᠩᠭᠤᠯ ᠮᠣᠩᠭᠤᠯ ᠬᠢᠲᠠᠳ ᠡᠮ ᠡᠮᠨᠡᠯᠭᠡ ᠶᠢᠨ ᠴᠢᠳᠠᠪᠤᠷᠢᠲᠠᠨ ᠢ | ᠣᠷᠣᠭᠤᠯᠵᠤ ᠠᠪᠴᠢᠷᠠᠬᠤ ᠰᠠᠭᠠᠳ ᠦᠭᠡᠢ ᠨᠡᠪᠲᠡᠷᠡᠬᠦ ᠵᠠᠮ ᠢ ᠪᠠᠶᠢᠭᠤᠯᠵᠤ᠂ ᠡᠯᠰᠡᠨ ᠰᠢᠯᠭᠠᠬᠤ ᠦᠶ᠎ᠡ ᠳᠤ ᠨᠡᠷ᠎ᠡ | ᠮᠡᠳᠡᠭᠦᠯᠬᠦ ᠬᠠᠷᠢᠴᠠᠯ ᠤᠨ ᠬᠢᠵᠠᠭᠠᠷᠯᠠᠯ ᠢ ᠬᠦᠴᠦᠨ ᠦᠭᠡᠢ ᠪᠣᠯᠭᠠᠵᠤ᠂ ᠰᠤᠷᠤᠯᠭ᠎ᠠ ᠶᠢᠨ ᠨᠠᠮᠲᠠᠷ᠂ ᠨᠠᠰᠤ ᠵᠢᠯ ᠵᠡᠷᠭᠡ | ᠤᠷᠢᠵᠤ ᠡᠯᠰᠡᠬᠦ ᠨᠦᠭᠦᠴᠡᠯ ᠢ ᠠᠭᠤᠵᠢᠭᠤ ᠲᠠᠯᠪᠢᠬᠤ ᠬᠡᠷᠡᠭᠲᠡᠢ᠃ ᠡᠭᠦᠨ ᠤ ᠬᠠᠮᠲᠤ᠂ ᠦᠨᠳᠦᠰᠦᠨ ᠱᠠᠲᠤᠨ ᠤ | ᠮᠣᠩᠭᠤᠯ ᠡᠮ ᠡᠮᠨᠡᠯᠭᠡ ᠶᠢᠨ ᠠᠵᠢᠯᠲᠠᠨ ᠢ ᠠᠩᠬ᠎ᠠ ᠤᠷᠢᠬᠤ ᠳᠤ ᠥᠨᠳᠥᠷ ᠴᠠᠯᠢᠩ ᠬᠦᠯᠦᠰᠦ ᠶᠢᠨ ᠲᠦᠷᠦ ᠶᠢᠨ | ᠪᠤᠳᠤᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ᠮᠣᠩᠭᠤᠯ ᠡᠮ ᠡᠮᠨᠡᠯᠭᠡ ᠶᠢᠨ ᠴᠢᠳᠠᠪᠤᠷᠢᠲᠠᠨ ᠤ ᠡᠩᠨᠡᠭᠡ ᠶᠢ | ᠲᠤᠭᠲᠠᠪᠤᠷᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠶ ᠭᠡᠵᠡᠢ᠃ | ᠮᠣᠩᠭᠤᠯ ᠡᠮ ᠡᠮᠨᠡᠯᠭᠡ ᠪᠣᠯ ᠮᠣᠩᠭᠤᠯ ᠦᠨᠳᠦᠰᠦᠲᠡᠨ ᠤ ᠡᠷᠬᠢᠮ ᠨᠠᠨᠳᠢᠨ ᠰᠣᠶᠣᠯ ᠤᠨ ᠥᠪ ᠮᠥᠨ᠂ ᠪᠠᠰᠠ | ᠴᠤ ᠮᠠᠨ ᠤ ᠤᠯᠤᠰ ᠤᠨ ᠤᠯᠠᠮᠵᠢᠯᠠᠯᠲᠤ ᠠᠨᠠᠭᠠᠬᠤ ᠤᠬᠠᠭᠠᠨ ᠤ ᠴᠢᠬᠤᠯᠠ ᠪᠦᠷᠢᠯᠳᠦᠬᠦᠨ ᠬᠡᠰᠡᠭ ᠮᠥᠨ᠃ ᠮᠣᠩᠭᠤᠯ | ᠡᠮ ᠡᠮᠨᠡᠯᠭᠡ ᠨᠢ ᠬᠦᠢᠲᠡᠨ ᠭᠡᠮ᠂ ᠶᠠᠰᠤ ᠭᠡᠮᠲᠦᠬᠦ᠂ ᠵᠢᠷᠦᠬᠡ ᠲᠠᠷᠢᠬᠢ ᠴᠢᠰᠤᠨ ᠰᠤᠳᠠᠯ ᠤᠨ ᠡᠪᠡᠳᠴᠢᠨ ᠵᠡᠷᠭᠡ ᠶᠢ | ᠡᠮᠴᠢᠯᠡᠬᠦ ᠲᠠᠯ᠎ᠠ ᠪᠠᠷ ᠥᠪᠡᠷᠮᠢᠴᠡ ᠦᠢᠯᠡᠳᠦᠯ ᠲᠠᠢ ᠪᠠᠶᠢᠳᠠᠭ᠃ |