ᠪᠦ᠋ ᠰᠢᠶᠤᠤ ᠯᠢᠨ ᠤᠯᠠᠭᠠᠨᠬᠠᠳᠠ ᠬᠤᠳᠠ ᠳᠤ ᠪᠠᠶᠢᠴᠠᠭᠠᠨ ᠰᠤᠳᠤᠯᠬᠤ ᠳᠤ ᠪᠠᠨ ᠴᠢᠬᠤᠯᠠᠴᠢᠯᠠᠬᠰᠠᠨ ᠨᠢ ᠶᠠᠳᠠᠭᠤ ᠬᠦᠴᠢᠷᠳᠡᠯᠳᠡᠢ ᠤᠯᠠᠨ ᠲᠦᠮᠡᠨ ᠤ ᠲᠤᠳᠤᠭᠠᠳᠤ ᠬᠦᠳᠡᠯᠭᠡᠬᠦ ᠬᠦᠴᠦᠨ ᠢ ᠬᠦᠭᠵᠢᠭᠡᠵᠤ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠬᠦᠭᠵᠢᠯᠳᠡ ᠶᠢ ᠴᠢᠩ ᠰᠡᠳᠬᠢᠯ ᠠᠴᠠ ᠪᠠᠨ ᠲᠡᠮᠵᠢᠭᠦ ᠬᠡᠷᠡᠭᠳᠡᠢ ᠭᠡᠵᠡᠢ
ᠨᠡᠶᠢᠲᠡᠯᠡᠭᠰᠡᠨ ᠴᠠᠭ᠄
2018/12/10
     12 ᠳ᠋ᠤᠭᠠᠷ ᠰᠠᠷ᠎ᠠ ᠶᠢᠨ 8᠎ ᠠᠴᠠ 9᠎ ᠤ ᠡᠳᠦᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠤᠯᠠᠭᠠᠨᠬᠠᠳᠠ ᠬᠤᠳᠠ ᠶᠢᠨ ᠠᠤᠬᠠᠨ ᠬᠤᠰᠢᠭᠤ᠂ ᠶᠤᠸᠠᠨ ᠪᠤᠤ ᠱᠠᠨ ᠲᠤᠭᠤᠷᠢᠭ᠂ ᠬᠤᠩᠱᠠᠨ ᠲᠤᠭᠤᠷᠢᠭ ᠪᠠ ᠰᠦᠩᠱᠠᠨ ᠲᠤᠭᠤᠷᠢᠭ ᠢᠶᠠᠷ ᠬᠦᠨᠵᠡᠭᠡᠶᠢᠷᠡᠵᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠪᠠ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠬᠦᠭᠵᠢᠯᠳᠡ ᠶᠢᠨ ᠲᠤᠭᠤᠷᠢᠨ ᠳᠤ ᠪᠠᠶᠢᠴᠠᠭᠠᠨ ᠰᠤᠳᠤᠯᠤᠯᠳᠠ ᠬᠢᠵᠠᠢ᠃      ᠠᠤᠬᠠᠨ ᠬᠤᠰᠢᠭᠤ ᠪᠤᠯ ᠤᠯᠤᠰ ᠤᠨ ᠲᠡᠰ ᠤᠨ ᠶᠠᠳᠠᠭᠤ ᠬᠦᠴᠢᠷᠳᠡᠯᠳᠡᠢ ᠰᠢᠶᠠᠨ ᠪᠤᠯᠤᠨ᠎ᠠ᠂ ᠶᠠᠳᠠᠭᠤ ᠬᠦᠴᠢᠷᠳᠡᠯᠳᠡᠢ ᠬᠦᠮᠦᠨ ᠠᠮᠠ ᠤᠯᠠᠨ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠡᠭᠦᠷᠭᠡ ᠨᠡᠯᠢᠶᠡᠳ ᠬᠦᠨᠳᠦ ᠶᠤᠮ᠃ ᠪᠦ᠋ ᠰᠢᠶᠤᠤ ᠯᠢᠨ ᠪᠦᠬᠦ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠲᠠᠨᠢᠯᠴᠠᠭᠤᠯᠭ᠎ᠠ ᠶᠢ ᠰᠣᠨᠤᠰᠤᠭᠰᠠᠨ ᠤ ᠬᠠᠮᠳᠤ ᠰᠢᠨ ᠬᠤᠢ ᠪᠠᠯᠭᠠᠰᠦᠨ ᠤ ᠬᠤᠩ ᠨᠢᠶᠠᠩ ᠭᠸᠤ ᠲᠤᠰᠬᠤᠨ ᠤ ᠶᠠᠳᠠᠭᠤ ᠬᠦᠴᠢᠷᠳᠡᠯᠳᠡᠢ ᠡᠷᠦᠭᠡ ᠹᠠᠩ ᠶᠦᠩ ᠬᠤᠢ ᠶᠢᠨ ᠬᠡᠷ ᠢᠶᠠᠷ ᠬᠦᠷᠴᠤ᠂ ᠲᠡᠳᠡᠨ ᠤ ᠶᠠᠳᠠᠭᠤᠷᠠᠬᠰᠠᠨ ᠰᠢᠯᠳᠠᠭᠠᠨ᠂ ᠡᠮ ᠡᠮᠨᠡᠯᠭᠡ ᠶᠢᠨ ᠪᠠᠳᠤᠯᠠᠭ᠎ᠠ᠂ ᠦᠢᠯᠡᠳᠪᠦᠷᠢᠯᠠᠯ ᠠᠮᠢᠳᠤᠷᠠᠯ ᠵᠢᠴᠢ ᠲᠤᠬᠠᠢ ᠶᠢᠨ ᠭᠠᠵᠠᠷ ᠤᠨ ᠶᠠᠳᠠᠭᠤ ᠶᠢ ᠲᠡᠳᠭᠦᠵᠤ ᠪᠦᠬᠦᠢ ᠠᠷᠭ᠎ᠠ ᠬᠡᠮᠵᠢᠶ᠎ᠠ ᠵᠡᠷᠭᠡ ᠪᠠᠶᠢᠳᠠᠯ ᠢ ᠤᠶᠢᠯᠠᠭᠠᠵᠠᠢ᠃ ᠲᠡᠷᠡ ᠰᠧ ᠳ᠋ᠤᠤ ᠸᠠᠨ ᠽᠢ ᠪᠠᠯᠭᠠᠰᠦᠨ ᠤ ᠳ᠋ᠦᠩ ᠠ ᠾᠸᠢ ᠡᠯᠵᠢᠭᠡ ᠮᠠᠯᠵᠢᠬᠤ ᠬᠢᠵᠠᠭᠠᠷᠳᠤ ᠺᠤᠮᠫᠠᠨᠢ ᠳᠤ᠂ ᠠᠵᠤ ᠠᠬᠤᠶᠢᠯᠠᠯ ᠠᠴᠠ ᠲᠡᠵᠢᠭᠡᠪᠦᠷᠢ ᠶᠢᠨ ᠦᠢᠯᠡᠰ ᠡᠷᠬᠢᠯᠡᠵᠤ ᠪᠠᠶᠢᠭ᠎ᠠ ᠡᠷᠦᠭᠡ ᠶᠢ ᠲᠠᠶᠢᠴᠢᠯᠠᠨ ᠤᠷᠤᠯᠭ᠎ᠠ ᠶᠢ ᠨᠢ ᠨᠡᠮᠡᠭᠳᠡᠭᠦᠯᠵᠦ ᠪᠦᠬᠦᠢ ᠪᠠᠶᠢᠳᠠᠯ ᠢ ᠨᠠᠷᠢᠯᠢᠭ ᠠᠰᠠᠭᠤᠨ ᠯᠠᠪᠯᠠᠵᠤ᠂ ᠲᠤᠰ ᠠᠵᠤ ᠠᠬᠤᠶᠢᠯᠠᠯ ᠤᠨ ᠲᠡᠵᠢᠭᠡᠪᠦᠷᠢ ᠶᠢᠨ ᠦᠢᠯᠡᠰ ᠡᠷᠬᠢᠯᠡᠵᠤ ᠪᠠᠶᠢᠭ᠎ᠠ ᠡᠷᠦᠭᠡ ᠶᠢᠨ ᠤᠷᠤᠯᠭ᠎ᠠ ᠬᠢᠭᠡᠳ ᠺᠤᠮᠫᠠᠨᠢ ᠶᠢᠨ ᠠᠰᠢᠭ ᠲᠤᠰᠠ ᠶᠢ ᠪᠦᠳᠦᠮᠵᠢᠳᠡᠢ ᠵᠤᠯᠭᠠᠭᠤᠯᠵᠤ᠂ ᠲᠤᠶᠢᠯ ᠤᠨ ᠣᠨᠤᠪᠴᠢᠲᠠᠢ ᠪᠠᠷ ᠶᠠᠳᠠᠭᠤ ᠶᠢ ᠲᠡᠳᠭᠦᠭᠦ ᠶᠢ ᠬᠡᠷᠡᠭᠵᠢᠭᠦᠯᠵᠤ ᠪᠠᠶᠢᠭ᠎ᠠ ᠠᠷᠭ᠎ᠠ ᠬᠢᠳᠡᠯ ᠢ ᠨᠢ ᠬᠦᠢᠴᠡᠳ ᠨᠤᠳᠠᠯᠠᠪᠠ᠃ ᠪᠦ᠋ ᠰᠢᠶᠤᠤ ᠯᠢᠨ ᠴᠢᠬᠤᠯᠠᠴᠢᠯᠠᠬᠰᠠᠨ ᠨᠢ᠂ ᠲᠤᠶᠢᠯ ᠤᠨ ᠣᠨᠤᠪᠴᠢᠲᠠᠢ ᠪᠠᠷ ᠶᠠᠳᠠᠭᠤ ᠶᠢ ᠲᠡᠳᠭᠦᠵᠦ ᠲᠤᠶᠢᠯ ᠤᠨ ᠣᠨᠤᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠰ ᠢᠶᠠᠷ ᠶᠠᠳᠠᠭᠤ ᠶᠢ ᠲᠡᠳᠭᠦᠭᠦ ᠶᠢ ᠲᠤᠬᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠴᠢᠬᠤᠯᠠ ᠠᠷᠭ᠎ᠠ ᠵᠠᠮ ᠪᠤᠯᠤᠨ ᠤᠷᠳᠤ ᠬᠤᠭᠤᠴᠠᠭᠠᠨ ᠤ ᠠᠷᠭ᠎ᠠ ᠪᠤᠳᠤᠯᠭ᠎ᠠ ᠪᠤᠯᠭᠠᠵᠤ᠂ ᠤᠨᠴᠠ ᠶᠠᠳᠠᠭᠤ ᠬᠦᠴᠢᠷᠳᠡᠯᠳᠡᠢ ᠭᠠᠵᠠᠷ ᠤᠷᠤᠨ ᠎ ᠤ ᠶᠠᠳᠠᠭᠤ ᠠᠴᠠ ᠠᠩᠬᠢᠵᠢᠷᠠᠭᠤᠯᠬᠤ ᠠᠵᠢᠯ ᠢ ᠴᠢᠩᠭᠠᠳᠬᠠᠵᠤ᠂ ᠤᠨᠴᠠ ᠶᠠᠳᠠᠭᠤ ᠬᠦᠴᠢᠷᠳᠡᠯᠳᠡᠢ ᠬᠦᠮᠦᠨ ᠠᠮᠠ ᠳᠤ ᠴᠢᠭᠯᠡᠭᠦᠯᠦᠨ ᠨᠡᠩ ᠬᠦᠴᠦᠨ ᠪᠦᠬᠦᠢ ᠶᠠᠳᠠᠭᠤ ᠶᠢ ᠲᠡᠳᠭᠦᠭᠦ ᠠᠷᠭ᠎ᠠ ᠬᠡᠮᠵᠢᠶ᠎ᠠ ᠶᠢ ᠬᠡᠷᠡᠭᠵᠢᠭᠦᠯᠭᠦ ᠬᠡᠷᠡᠭᠳᠡᠢ᠃ ︽ᠬᠦᠯᠢᠶᠡᠵᠤ ᠲᠡᠶᠢᠯᠬᠦ ᠦᠭᠡᠢ︾ ᠲᠤᠯᠭᠠᠮ ᠰᠡᠳᠬᠢᠯᠭᠡ ᠪᠤᠯᠤᠨ ︽ᠬᠦᠯᠢᠶᠡᠵᠤ ᠪᠤᠯᠬᠤ ᠦᠭᠡᠢ︾ ᠬᠠᠷᠢᠭᠤᠴᠠᠯᠭᠠᠳᠦ ᠰᠡᠳᠬᠢᠯᠭᠡ ᠪᠠᠷ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠨᠡᠶᠢᠳᠡᠪᠦᠷᠢᠵᠢᠭᠤᠯᠤᠯᠳᠠ ᠶᠢ ᠰᠠᠶᠢᠳᠤᠷ ᠠᠳᠬᠤᠵᠤ᠂ ᠶᠠᠳᠠᠭᠤ ᠬᠦᠴᠢᠷᠳᠡᠯᠳᠡᠢ ᠭᠠᠵᠠᠷ ᠤᠷᠤᠨ ᠪᠠ ᠶᠠᠳᠠᠭᠤ ᠬᠦᠴᠢᠷᠳᠡᠯᠳᠡᠢ ᠤᠯᠠᠨ ᠲᠦᠮᠡᠨ ᠤ ᠦᠪᠡᠷ ᠢ ᠪᠠᠨ ᠬᠦᠭᠵᠢᠭᠦᠯᠭᠦ ᠲᠤᠳᠤᠭᠠᠳᠤ ᠬᠦᠳᠡᠯᠭᠡᠬᠦ ᠬᠦᠴᠦᠨ ᠪᠤᠯᠤᠨ ᠲᠡᠮᠡᠴᠡᠭᠦ ᠵᠤᠷᠢᠭ ᠰᠠᠨᠠᠭ᠎ᠠ ᠶᠢ ᠨᠢ ᠬᠦᠭᠵᠢᠭᠡᠵᠤ᠂ ᠲᠤᠬᠳᠠᠭᠰᠠᠨ ᠴᠠᠭ ᠲᠤ ᠪᠠᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠲᠠᠶᠢᠯᠠᠯᠳᠤᠭᠠᠨ ᠎ ᠤ ᠢᠯᠠᠯᠳᠠ ᠶᠢ ᠤᠯᠬᠤ ᠬᠡᠷᠡᠭᠳᠡᠢ ᠬᠡᠵᠠᠢ᠃      ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠬᠦᠭᠵᠢᠯᠳᠡ ᠶᠢᠨ ᠪᠠᠶᠢᠳᠠᠯ ᠢ ᠤᠶᠢᠯᠠᠭᠠᠬᠤ ᠨᠢ ᠪᠦ᠋ ᠰᠢᠶᠤᠤ ᠯᠢᠨ ᠤ ᠡᠨᠡ ᠤᠳᠠᠭᠠᠨ ᠤ ᠪᠠᠶᠢᠴᠠᠭᠠᠨ ᠰᠤᠳᠤᠯᠤᠯᠳᠠ ᠶᠢᠨ ᠨᠢᠭᠡ ᠭᠤᠤᠯᠳᠠᠯᠭ᠎ᠠ ᠪᠤᠯᠤᠨ᠎ᠠ᠃ ᠪᠦ᠋ ᠰᠢᠶᠤᠤ ᠯᠢᠨ ᠤᠷᠢᠳ ᠬᠤᠵᠢᠳ ᠢᠫᠢᠨ ᠠᠮᠢᠳᠤ ᠪᠤᠳᠠᠰ ᠤᠨ ᠰᠢᠨᠵᠢᠯᠡᠭᠦ ᠤᠬᠠᠭᠠᠨ ᠮᠡᠷᠭᠡᠵᠢᠯ ᠤᠨ ᠺᠤᠮᠫᠠᠨᠢ᠂ ᠫᠦᠶ᠋ᠢᠨ ᠡᠮ ᠡᠮᠨᠡᠯᠭᠡ ᠶᠢᠨ ᠰᠢᠨᠵᠢᠯᠡᠭᠦ ᠤᠠᠬᠭᠠᠨ ᠮᠡᠷᠭᠡᠵᠢᠯ ᠤᠨ ᠺᠤᠮᠫᠠᠨᠢ᠂ ᠲᠠᠢ ᠯᠢᠩ ᠬᠠᠢ ᠴᠤᠸᠠᠩ ᠠᠮᠢᠳᠤ ᠪᠤᠳᠠᠰ ᠤᠨ ᠰᠢᠨᠵᠢᠯᠡᠭᠦ ᠤᠬᠠᠭᠠᠨ ᠮᠡᠷᠭᠡᠵᠢᠯ ᠤᠨ ᠬᠦᠷᠢᠶᠡᠯᠡᠩ᠂ ᠲᠦᠸᠧ ᠵᠢᠶᠠ ᠡᠯᠧᠺᠲᠷᠤᠨ ᠦᠢᠯᠡᠳᠭᠦᠨ ᠤ ᠬᠦᠷᠢᠶᠡᠯᠡᠩ ᠢᠶᠠᠷ ᠬᠦᠷᠴᠤ᠂ ᠠᠵᠤ ᠠᠬᠤᠶᠢᠯᠠᠯ ᠤᠨ ᠲᠦᠯᠦᠪᠵᠢᠭᠦᠯᠭᠡ ᠪᠦᠳᠦᠭᠡᠨ ᠪᠠᠶᠢᠭᠤᠯᠤᠯᠳᠠ᠂ ᠰᠢᠨᠵᠢᠯᠡᠭᠦ ᠤᠬᠠᠭᠠᠨ ᠮᠡᠷᠭᠡᠵᠢᠯ ᠎ ᠤᠨ ᠰᠢᠨ᠎ᠠ ᠡᠭᠦᠳᠦᠯᠳᠡ᠂ ᠦᠢᠯᠡᠳᠭᠦᠨ ᠤ ᠪᠤᠷᠤᠯᠠᠭᠤᠯᠭ᠎ᠠ ᠵᠢᠴᠢ ᠬᠦᠭᠵᠢᠯᠳᠡ ᠶᠢᠨ ᠲᠤᠮᠳᠠ ᠲᠤᠯᠭᠠᠷᠠᠵᠤ ᠪᠦᠬᠦᠢ ᠬᠦᠴᠢᠷᠳᠡᠯ ᠢ ᠨᠢ ᠬᠦᠨᠵᠡᠭᠡᠢ ᠤᠶᠢᠯᠠᠭᠠᠵᠤ᠂ ᠡᠳᠡᠭᠡᠷ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠪᠡᠯᠡ ᠤᠷᠤᠭᠤᠯᠤᠯᠳᠠ ᠶᠢᠨ ᠲᠦᠷᠦᠯ ᠵᠦᠢᠯ ᠨᠢ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠬᠰᠠᠨ ᠠᠵᠤ ᠦᠢᠯᠡᠰ ᠲᠤ ᠰᠠᠭᠤᠷᠢᠯᠠᠵᠤ᠂ ᠤᠯᠤᠰ ᠤᠨ ᠲᠤᠳᠤᠭᠠᠳᠤ ᠭᠠᠳᠠᠭᠠᠳᠦ ᠶᠢᠨ ᠲᠡᠷᠢᠭᠦᠨ ᠤ ᠮᠡᠷᠭᠡᠵᠢᠯ ᠢ ᠠᠰᠢᠬᠯᠠᠨ᠂ ᠦᠢᠯᠡᠳᠭᠦᠨ ᠤ ᠨᠡᠮᠡᠯᠳᠡ ᠦᠷᠳᠡᠭ ᠢ ᠲᠡᠭᠡᠭᠰᠢᠯᠡᠭᠦᠯᠵᠤ ᠪᠠᠶᠢᠬᠤ ᠶᠢ ᠤᠶᠢᠯᠠᠭᠠᠵᠤ ᠮᠡᠳᠡᠭᠡᠳ ᠲᠡᠷᠡ ᠲᠦᠢᠯ ᠢᠶᠠᠷ ᠪᠠᠶᠠᠷᠯᠠᠵᠦ᠂ ᠠᠵᠤ ᠠᠬᠤᠶᠢᠯᠠᠯ ᠤᠨ ᠬᠢᠨ ᠢ ᠰᠢᠨ᠎ᠠ ᠬᠦᠭᠵᠢᠯᠳᠡ ᠶᠢᠨ ᠤᠶᠢᠯᠠᠭᠠᠬᠳᠠᠬᠤᠨ ᠢ ᠪᠤᠢ ᠪᠤᠯᠭᠠᠨ᠂ ᠴᠢᠨᠠᠷ ᠰᠠᠶᠢᠳᠠᠢ ᠬᠦᠭᠵᠢᠯᠳᠡ ᠶᠢᠨ ᠬᠠᠷᠠᠯᠳᠠ ᠶᠢ ᠤᠨᠢᠯᠠᠵᠤ᠂ ᠠᠵᠤ ᠠᠬᠤᠶᠢᠯᠠᠯ ᠤᠨ ᠦᠷᠢᠰᠦᠯᠳᠦᠭᠦ ᠬᠦᠴᠦᠨ ᠢ ᠲᠠᠰᠤᠷᠠᠯᠳᠠ ᠦᠭᠡᠢ ᠲᠡᠭᠡᠭᠰᠢᠯᠡᠭᠦᠯᠬᠦ ᠬᠡᠷᠡᠭᠳᠠᠢ ᠬᠡᠵᠤ ᠵᠤᠷᠢᠬᠵᠢᠭᠤᠯᠵᠠᠢ᠃      ᠪᠦ᠋ ᠰᠢᠶᠤᠤ ᠯᠢᠨ ᠵᠢᠭᠠᠵᠤ ᠭᠠᠷᠭᠠᠭᠰᠠᠨ ᠨᠢ᠂ ᠡᠯ᠎ᠠ ᠭᠠᠵᠠᠷ ᠤᠷᠤᠨ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠶᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷ᠎ᠡ ᠬᠡᠯᠡᠭᠰᠡᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠠᠶᠢᠳᠤᠷ ᠨᠡᠶᠢᠳᠡᠪᠦᠷᠢᠵᠢᠭᠤᠯᠵᠤ᠂ ᠤᠯᠤᠰ ᠲᠦᠷᠦ ᠶᠢᠨ ᠵᠤᠬᠰᠤᠴᠠ ᠪᠠᠨ ᠲᠡᠭᠡᠭᠰᠢᠯᠡᠭᠦᠯᠦᠨ᠂ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠬᠦᠭᠵᠢᠯᠳᠡ ᠶᠢ ᠲᠡᠮᠵᠢᠭᠦ ᠡᠯ᠎ᠠ ᠵᠦᠢᠯ ᠤᠨ ᠠᠵᠢᠯ ᠢ ᠦᠨᠡᠨ ᠬᠦ ᠴᠢᠩ ᠰᠡᠳᠭᠢᠯ ᠠᠴᠠ ᠪᠠᠨ ᠰᠠᠶᠢᠳᠤᠷ ᠬᠢᠭᠦ ᠬᠡᠷᠡᠭᠳᠡᠢ᠃ ᠦᠢᠯᠡᠴᠢᠯᠡᠭᠡᠨ ᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠤᠶᠢᠯᠠᠭᠠᠵᠤ᠂ ᠠᠵᠤ ᠠᠬᠤᠶᠢᠯᠠᠯ ᠪᠤᠯᠤᠨ ᠠᠵᠤ ᠠᠬᠤᠶᠢᠯᠠᠯᠳᠠᠨ ᠤ ᠬᠠᠤᠯᠢ ᠶᠤᠰᠤᠨ ᠤ ᠡᠷᠭᠡ ᠠᠰᠢᠭ ᠢ ᠬᠠᠤᠯᠢ ᠪᠠᠷ ᠬᠠᠮᠠᠭᠠᠯᠠᠵᠤ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠢ ᠬᠠᠪᠰᠤᠷᠴᠤ ᠬᠦᠭᠵᠢᠯᠳᠡ ᠶᠢᠨ ᠲᠤᠮᠳᠠ ᠲᠤᠯᠭᠠᠷᠠᠵᠤ ᠪᠦᠬᠦᠢ ᠬᠦᠴᠢᠷᠳᠡᠯ ᠪᠤᠯᠤᠨ ᠠᠰᠠᠭᠤᠳᠠᠯ ᠢ ᠨᠢ ᠰᠢᠢᠳᠪᠦᠷᠢᠯᠡᠨ ᠦᠭᠴᠤ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠳᠤ ᠰᠠᠶᠢᠨ ᠰᠠᠶᠢᠬᠠᠨ ᠤᠷᠴᠢᠨ ᠨᠦᠬᠦᠴᠡᠯ ᠢ ᠲᠠᠰᠤᠷᠠᠯᠳᠠ ᠦᠭᠡᠢ ᠪᠤᠢ ᠪᠤᠯᠭᠠᠵᠤ ᠦᠭᠭᠦ ᠬᠡᠷᠡᠭᠳᠡᠢ ᠬᠡᠪᠠ᠃      ᠪᠦ᠋ ᠰᠢᠶᠤᠤ ᠯᠢᠨ ᠪᠠᠰᠠ ᠬᠢᠳᠡᠨ ᠤ ᠯᠢᠶᠤᠤ ᠤᠯᠤᠰ ᠤᠨ ᠮᠦᠽᠸᠢ ᠶᠢᠨ ᠢᠨᠵᠧᠨᠧᠷᠢᠩ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠪᠠᠶᠢᠳᠠᠯ ᠢ ᠪᠤᠳᠠᠳᠠᠢ ᠭᠠᠵᠠᠷ ᠲᠤ ᠨᠢ ᠪᠠᠶᠢᠴᠠᠭᠠᠨ ᠦᠵᠡᠵᠠᠢ᠃ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ᠂ ᠤᠯᠠᠭᠠᠨᠬᠠᠳᠠ ᠬᠤᠳᠠ ᠶᠢᠨ ᠨᠠᠮ ᠤᠨ ᠬᠤᠷᠢᠶᠠᠨ ᠤ ᠱᠦᠵᠢ ᠳ᠋ᠤᠸᠠᠨ ᡁᠢ ᠴᠢᠶᠠᠩ ᠵᠢᠴᠢ ᠦᠪᠡᠷᠳᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠪᠠᠶᠢᠴᠠᠭᠠᠨ ᠰᠤᠳᠤᠯᠬᠤ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号