ᠮᠠᠨ ᠤ ᠣᠷᠣᠨ ᠵᠡᠮᠳᠡᠭ ᠬᠡᠦᠬᠡᠳ ᠤᠨ ᠡᠷᠡᠭᠦᠯᠵᠢᠭᠦᠯᠦᠯ ᠤᠨ ᠠᠪᠤᠷᠠᠨ ᠲᠤᠰᠠᠯᠠᠬᠤ ᠳᠦᠷᠢᠮ ᠪᠠᠶᠢᠭᠤᠯᠵᠤ ᠠᠪᠤᠷᠠᠨ ᠲᠤᠰᠠᠯᠠᠬᠤ ᠮᠥᠩᠭᠦ ᠨᠢ ᠬᠠᠮᠤᠭ ᠥᠨᠳᠥᠷ ᠲᠤ ᠪᠠᠨ 8.85 ᠲᠦᠮᠡᠨ ᠲᠥᠭᠦᠷᠢᠭ ᠲᠤ ᠬᠦᠷᠪᠡ
ᠨᠡᠶᠢᠲᠡᠯᠡᠭᠰᠡᠨ ᠴᠠᠭ᠄
2018/12/11
     ᠵᠡᠮᠳᠡᠭ ᠬᠡᠤᠬᠡᠳ ᠲᠤ ᠦᠨᠳᠦᠰᠦᠨ ᠡᠷᠡᠭᠦᠯᠵᠢᠯ ᠤᠨ ᠦᠢᠯᠡᠴᠢᠯᠡᠭᠡ ᠬᠦᠷᠲᠡᠭᠡᠬᠦ ᠶᠢ ᠪᠠᠲᠤᠯᠠᠬᠤ ᠶᠢᠨ ᠲᠤᠰᠠᠳᠠ᠂ ᠦᠢᠷ᠎ᠠ ᠶᠢᠨ ᠡᠳᠦᠷ᠂ ᠮᠠᠨ ᠤ ᠣᠷᠣᠨ ︽ᠵᠡᠮᠳᠡᠭ ᠬᠡᠦᠬᠡᠳ ᠤᠨ ᠡᠷᠡᠭᠦᠯᠵᠢᠭᠦᠯᠦᠯ ᠤᠨ ᠠᠪᠤᠷᠠᠨ ᠲᠤᠰᠠᠯᠠᠬᠤ ᠳᠦᠷᠢᠮ ᠢ ᠪᠠᠶᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾᠎ ᠢ ᠨᠡᠶᠢᠲᠡᠯᠡᠵᠦ᠂ ᠵᠡᠮᠳᠡᠭ ᠬᠡᠦᠬᠡᠳ ᠤᠨ ᠡᠷᠡᠭᠦᠯᠵᠢᠭᠦᠯᠦᠯ ᠤᠨ ᠠᠪᠤᠷᠠᠨ ᠲᠤᠰᠠᠯᠠᠬᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠶᠢ ᠳᠤᠷᠠᠳᠤᠨ᠂ 2018 ᠣᠨ ᠤ 10 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠬᠦ 0— 7 ᠨᠠᠰᠤᠨ ᠤ ᠬᠠᠷᠠᠭ᠎ᠠ᠂ ᠰᠣᠨᠣᠷ᠂ ᠬᠡᠯᠡᠬᠦᠶ᠂ ᠭᠠᠷ ᠬᠥᠯ᠂ ᠤᠶᠤᠨ ᠤ ᠴᠢᠳᠠᠪᠤᠷᠢ ᠵᠡᠷᠭᠡ ᠨᠢ ᠵᠡᠮᠳᠡᠭ ᠬᠡᠦᠬᠡᠳ ᠪᠣᠯᠤᠨ ᠦᠨᠦᠴᠢᠷᠡᠮᠡᠯ ᠬᠡᠮ ᠲᠠᠢ ᠬᠡᠦᠬᠡᠳ ᠢ ᠠᠪᠤᠷᠠᠨ ᠲᠤᠰᠠᠯᠠᠵᠠᠢ᠂ ᠡᠭᠦᠨ ᠳᠤ ᠬᠢᠮᠡᠯ ᠴᠢᠬᠢᠨ ᠤ ᠳᠣᠩ ᠬᠢᠯᠭᠡᠬᠦ ᠲᠤᠰᠠᠯᠠᠮᠵᠢ ᠶᠢᠨ ᠪᠠᠷᠢᠮᠵᠢᠶ᠎ᠠ ᠨᠢ 8.85 ᠲᠦᠮᠡᠨ ᠲᠥᠭᠦᠷᠢᠭ ᠲᠤ ᠬᠦᠷᠴᠡᠶ᠃      ᠠᠪᠤᠷᠠᠨ ᠲᠤᠰᠠᠯᠠᠭᠤᠯᠤᠭᠴᠢᠳ ᠲᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠭᠡᠷ ᠪᠦᠯᠢ ᠶᠢᠨ ᠵᠡᠮᠳᠡᠭ ᠬᠡᠦᠬᠡᠳ᠂ ᠲᠠᠩᠰᠠ ᠪᠠ ᠺᠠᠷᠲ ᠲᠠᠢ ᠶᠠᠳᠠᠭᠤ ᠬᠦᠴᠢᠷᠲᠡᠶ ᠭᠡᠷ ᠪᠦᠯᠢ ᠶᠢᠨ ᠵᠡᠮᠳᠡᠭ ᠬᠡᠦᠬᠡᠳ᠂ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠦᠯᠡᠳᠡᠭᠡᠨ ᠠᠪᠴᠤ ᠠᠰᠠᠷᠠᠨ ᠲᠡᠵᠢᠭᠡᠵᠦ ᠪᠠᠶᠢᠭ᠎ᠠ ᠵᠡᠮᠳᠡᠭ ᠬᠡᠦᠬᠡᠳ᠂ ᠵᠡᠮᠳᠡᠭ ᠥᠨᠥᠴᠢᠨ ᠬᠡᠦᠬᠡᠳ᠂ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠬᠦᠷᠢᠶ᠎ᠡ ᠬᠡᠪᠴᠢᠶᠡᠨ ᠳᠤ ᠣᠷᠣᠭᠤᠯᠤᠭᠰᠠᠨ ᠵᠡᠮᠳᠡᠭ ᠬᠡᠦᠬᠡᠳ ᠪᠣᠯᠤᠨ ᠪᠣᠰᠣᠳ ᠠᠵᠤ ᠠᠮᠢᠳᠤᠷᠠᠯ ᠨᠢ ᠬᠦᠴᠢᠷᠳᠡᠯᠲᠡᠢ ᠭᠡᠷ ᠪᠦᠯᠢ ᠶᠢᠨ ᠵᠡᠮᠳᠡᠭ ᠬᠡᠦᠬᠡᠳ ᠪᠠᠭᠲᠠᠨ᠎ᠠ᠃ ᠵᠡᠮᠳᠡᠭ ᠬᠡᠦᠬᠡᠳ ᠤᠨ ᠡᠷᠡᠭᠦᠯᠵᠢᠭᠦᠯᠦᠯ ᠤᠨ ᠠᠪᠤᠷᠠᠨ ᠲᠤᠰᠠᠯᠠᠬᠤ ᠦᠨᠳᠦᠰᠦᠨ ᠦᠢᠯᠡᠴᠢᠯᠡᠭᠡᠨ ᠤ ᠠᠭᠤᠯᠭ᠎ᠠ ᠳᠤ ᠴᠢᠳᠠᠮᠵᠢ ᠶᠢᠨ ᠬᠠᠷᠰᠢ ᠰᠠᠭᠠᠳ ᠢ ᠬᠥᠩᠭᠡᠷᠡᠭᠦᠯᠬᠦ᠂ ᠴᠢᠳᠠᠮᠵᠢ ᠶᠢᠨ ᠪᠠᠶᠢᠳᠠᠯ ᠢ ᠰᠠᠶᠢᠵᠢᠷᠠᠭᠤᠯᠬᠤ᠂ ᠠᠮᠢᠳᠤᠷᠠᠯ ᠢᠶᠠᠨ ᠥᠪᠡᠰᠦᠪᠡᠨ ᠠᠷᠭᠠᠴᠠᠭᠠᠬᠤ ᠪᠠ ᠨᠡᠶᠢᠭᠡᠮ ᠳᠤ ᠣᠷᠣᠯᠴᠠᠬᠤ ᠴᠢᠳᠠᠪᠤᠷᠢ ᠶᠢ ᠨᠢ ᠨᠡᠮᠡᠭᠳᠡᠭᠦᠯᠬᠦ ᠪᠠᠷ ᠭᠤᠣᠯ ᠵᠣᠷᠢᠯᠭ᠎ᠠ ᠪᠣᠯᠭᠠᠭᠰᠠᠨ ᠮᠡᠰᠡ ᠵᠠᠰᠠᠯ ᠬᠢᠬᠦ᠂ ᠲᠤᠰᠠᠯᠠᠮᠵᠢ ᠶᠢᠨ ᠪᠠᠭᠠᠵᠢ ᠬᠡᠷᠡᠭᠰᠡᠯ ᠲᠠᠭᠠᠷᠠᠭᠤᠯᠵᠤ ᠥᠭᠬᠦ ᠪᠠ ᠡᠷᠡᠭᠦᠯᠵᠢᠭᠦᠯᠦᠯ ᠪᠣᠯᠪᠠᠰᠤᠷᠠᠯ ᠬᠢᠯᠭᠡᠬᠦ ᠵᠡᠷᠭᠡ ᠪᠠᠭᠲᠠᠨ᠎ᠠ᠃      ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠬᠦ ᠵᠡᠮᠳᠡᠭ ᠬᠡᠤᠬᠡᠳ ᠤᠨ ᠬᠢᠨᠠᠨ ᠬᠠᠮᠠᠭᠠᠯᠠᠭᠴᠢ ᠨᠢ ᠵᠡᠮᠳᠡᠭ ᠬᠡᠦᠬᠡᠳ ᠤᠨ ᠡᠷᠦᠬᠡ ᠠᠮᠠ ᠪᠠᠶᠢᠭ᠎ᠠ ᠭᠠᠵᠠᠷ ︵ᠣᠷᠣᠰᠢᠨ ᠰᠠᠭᠤᠬᠤ ᠦᠨᠡᠮᠯᠡᠯ ᠣᠯᠭᠤᠭᠰᠠᠨ ᠭᠠᠵᠠᠷ︶᠎ ᠤᠨ ᠬᠤᠰᠢᠭᠤ ᠰᠢᠶᠠᠨ ᠤ ᠱᠠᠲᠤᠨ ᠤ ᠵᠡᠮᠳᠡᠭᠴᠦᠳ ᠤᠨ ᠬᠤᠯᠪᠣᠭᠠᠨ ᠤ ᠵᠣᠬᠢᠶᠠᠨ ᠪᠠᠶᠢᠭᠤᠯᠤᠯᠲᠠ ᠳᠤ ᠭᠤᠶᠤᠴᠢᠯᠠᠯ ᠳᠡᠪᠰᠢᠭᠦᠯᠵᠦ᠂ ᠪᠠᠰᠠ ᠪᠤᠰᠤᠳ ᠬᠥᠮᠦᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠪᠤᠷᠠᠨ ᠲᠤᠰᠠᠯᠠᠯᠲᠠ ᠶᠢ ᠭᠠᠷᠲᠠᠨ ᠭᠦᠶᠴᠡᠳᠬᠡᠬᠦ ᠪᠠᠶᠢᠭᠤᠯᠤᠮᠵᠢ ᠵᠡᠷᠭᠡ ᠳᠤ ᠨᠠᠶᠢᠳᠠᠵᠤ ᠣᠷᠣᠯᠠᠨ ᠭᠤᠶᠤᠴᠢᠯᠠᠭᠤᠯᠵᠤ ᠪᠣᠯᠤᠨ᠎ᠠ᠃ ᠬᠢᠨᠠᠨ ᠬᠠᠷᠭᠤᠭᠤᠯᠤᠭᠠᠳ ᠨᠥᠬᠦᠴᠡᠯ ᠳᠤ ᠨᠡᠶᠢᠴᠡᠭᠰᠡᠨ ᠪᠣᠯ᠂ ᠵᠡᠮᠳᠡᠭ ᠬᠡᠦᠬᠡᠳ ᠤᠨ ᠬᠢᠨᠠᠨ ᠬᠠᠮᠠᠭᠠᠯᠠᠭᠴᠢ ᠨᠢ ᠲᠣᠭᠲᠠᠭᠰᠠᠨ ᠴᠡᠭ ᠤᠨ ᠡᠷᠡᠭᠦᠯᠵᠢᠯ ᠤᠨ ᠪᠠᠶᠢᠭᠤᠯᠤᠮᠵᠢ ᠶᠢ ᠡᠵᠡᠨ ᠮᠡᠳᠡᠨ ᠰᠣᠩᠭᠤᠵᠦ ᠡᠷᠡᠭᠦᠯᠵᠢᠭᠦᠯᠦᠯ ᠤᠨ ᠦᠶᠯᠡᠴᠢᠯᠡᠭᠡ ᠬᠦᠷᠲᠡᠵᠦ ᠪᠣᠯᠣᠨ᠎ᠠ᠂ ᠵᠠᠷᠤᠳᠠᠯ ᠢ ᠨᠢ ᠬᠤᠰᠢᠭᠤ ᠰᠢᠶᠠᠨ ᠤ ᠱᠠᠲᠤᠨ ᠤ ᠵᠡᠮᠳᠡᠭᠴᠦᠳ ᠤᠨ ᠬᠤᠯᠪᠣᠭᠠᠨ ᠤ ᠵᠣᠬᠢᠶᠠᠨ ᠪᠠᠶᠢᠭᠤᠯᠤᠯᠲᠠ ᠠᠴᠠ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠲᠣᠭᠲᠠᠭᠰᠠᠨ ᠴᠡᠭ ᠤᠨ ᠡᠷᠡᠭᠦᠯᠵᠢᠯ ᠤᠨ ᠪᠠᠶᠢᠭᠤᠯᠤᠮᠵᠢ ᠎ ᠯᠦᠭᠡ ᠰᠢᠭᠤᠳ ᠲᠡᠰᠦᠯᠦᠨ ᠪᠣᠳᠣᠵᠣ ᠥᠭᠭᠦᠨ᠎ᠡ᠂ ᠬᠤᠰᠢᠭᠤ ᠰᠢᠶᠠᠨ ᠤ ᠱᠠᠲᠤᠨ ᠤ ᠵᠡᠮᠳᠡᠭᠴᠦᠳ ᠤᠨ ᠬᠤᠯᠪᠣᠭᠠᠨ ᠤ ᠵᠣᠬᠢᠶᠠᠨ ᠪᠠᠶᠢᠭᠤᠯᠤᠯᠲᠠ ᠠᠴᠠ ᠬᠢᠨᠠᠨ ᠬᠠᠷᠭᠤᠭᠤᠯᠵᠤ ᠵᠥᠪᠰᠢᠶᠡᠷᠡᠭᠰᠡᠨ ᠲᠣᠭᠲᠠᠮᠠᠯ ᠪᠤᠰᠤ ᠡᠷᠡᠭᠦᠯᠵᠢᠭᠦᠯᠦᠯ ᠤᠨ ᠪᠠᠶᠢᠭᠤᠯᠤᠮᠵᠢ ᠳᠤ ᠡᠷᠡᠭᠦᠯᠵᠢᠭᠦᠯᠦᠯ ᠤᠨ ᠦᠢᠯᠡᠴᠢᠯᠡᠭᠡ ᠬᠦᠷᠲᠡᠬᠦ ᠳᠤ ᠵᠠᠷᠤᠴᠠᠭᠤᠯᠤᠭᠰᠠᠨ ᠵᠠᠷᠤᠳᠠᠯ ᠢ ᠨᠢ ᠬᠤᠰᠢᠭᠤ ᠰᠢᠶᠠᠨ ᠤ ᠱᠠᠲᠤᠨ ᠤ ᠵᠡᠮᠳᠡᠭᠴᠦᠳ ᠤᠨ ᠬᠤᠯᠪᠣᠭᠠᠨ ᠤ ᠵᠣᠬᠢᠶᠠᠨ ᠪᠠᠶᠢᠭᠤᠯᠤᠯᠲᠠ ᠨᠢ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠯᠦᠭᠡ ᠵᠥᠪᠳᠡᠯᠴᠡᠵᠦ ᠪᠠᠶᠢᠭᠠᠳ ᠳ᠋ᠦᠩᠨᠡᠨ ᠪᠤᠳᠤᠬᠤ ᠠᠷᠭ᠎ᠠ ᠪᠠᠨ ᠲᠣᠳᠣᠷᠬᠠᠶᠢᠯᠠᠨ᠎ᠠ᠃      ᠬᠡᠷᠡᠭᠵᠢᠭᠦᠯᠬᠦ ᠰᠠᠨᠠᠯ ᠳᠤ ᠱᠠᠭᠠᠷᠳᠠᠭᠰᠠᠨ ᠨᠢ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠠᠷᠠᠳ ᠤᠨ ᠵᠠᠰᠠᠭ ᠤᠨ ᠣᠷᠳᠣᠨ ᠨᠤᠭᠤᠳ ᠵᠡᠮᠳᠡᠭ ᠬᠡᠦᠬᠡᠳ ᠤᠨ ᠡᠷᠡᠭᠦᠯᠵᠢᠭᠦᠯᠦᠯ ᠤᠨ ᠠᠪᠤᠷᠠᠨ ᠲᠤᠰᠠᠯᠠᠬᠤ ᠪᠡᠯᠡ ᠮᠥᠩᠭᠦ ᠶᠢ ᠵᠠᠰᠠᠭ ᠤᠨ ᠣᠷᠳᠣᠨ ᠤ ᠲᠥᠰᠦᠪ ᠲᠤ ᠪᠠᠨ ᠣᠷᠤᠭᠤᠯᠬᠤ ᠬᠡᠷᠡᠭᠲᠡᠢ᠂ ᠨᠥᠬᠦᠴᠡᠯ ᠲᠠᠢ ᠭᠠᠵᠠᠷ ᠣᠷᠣᠨ ᠤᠳ᠂ ᠵᠡᠮᠳᠡᠭ ᠬᠡᠦᠬᠡᠳ ᠤᠨ ᠡᠷᠡᠭᠦᠯᠵᠢᠭᠦᠯᠦᠯ ᠤᠨ ᠠᠪᠤᠷᠠᠨ ᠲᠤᠰᠠᠯᠠᠬᠤ ᠨᠠᠰᠤ ᠵᠢᠯ ᠤᠨ ᠬᠡᠪᠴᠢᠶ᠎ᠡ ᠶᠢ ᠵᠣᠬᠢᠬᠤ ᠬᠡᠮᠵᠢᠶ᠎ᠡ ᠪᠠᠷ ᠥᠷᠭᠡᠳᠬᠡᠵᠦ᠂ ᠵᠡᠮᠳᠡᠭ ᠬᠡᠦᠬᠡᠳ ᠤᠨ ᠭᠡᠷ ᠪᠦᠯᠢ ᠶᠢᠨ ᠠᠵᠤ ᠠᠮᠢᠳᠤᠷᠠᠯ ᠤᠨ ᠨᠥᠬᠦᠴᠡᠯ ᠤᠨ ᠬᠢᠵᠠᠭᠠᠷ ᠢ ᠠᠭᠤᠵᠢᠭᠤ ᠲᠠᠯᠪᠢᠵᠤ ᠪᠣᠯᠣᠨ᠎ᠠ᠃ 2019 ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠲᠥᠪ ᠤᠨ ᠡᠳ᠋ ᠤᠨ ᠵᠠᠰᠠᠭ ᠤᠨ ᠲᠤᠰᠠᠯᠠᠮᠵᠢ ᠶᠢᠨ ᠰᠠᠭᠤᠷᠢᠨ ᠳᠡᠭᠡᠷ᠎ᠡ᠂ ᠤᠳᠤ ᠪᠠᠶᠢᠭ᠎ᠠ ᠶᠠᠳᠠᠭᠤ ᠬᠦᠴᠢᠷᠳᠡᠯᠲᠡᠢ ᠵᠡᠮᠳᠡᠭ ᠬᠡᠦᠬᠡᠳ ᠢ ᠵᠠᠪᠳᠤᠨ ᠠᠪᠤᠷᠠᠬᠤ ᠴᠢᠨᠠᠷᠲᠠᠶ ᠨᠥᠬᠦᠪᠥᠷᠢ ᠪᠡᠯᠡ ᠮᠥᠩᠭᠦ᠂ ᠥᠪᠡᠷᠲᠡᠭᠡᠨ ᠵᠠᠰᠠᠬᠤ ᠣᠷᠣᠨ ᠤ ︽ᠬᠢᠮᠡᠯ ᠴᠢᠬᠢᠨ ᠤ ᠲᠣᠩ︾᠎ ᠤᠨ ᠲᠦᠷᠦᠯ ᠵᠦᠢᠯ ᠤᠨ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠨ᠂ ᠲᠥᠷᠥᠯ ᠲᠡᠰ ᠬᠤᠪᠢᠶᠠᠨ ᠡᠯ᠎ᠡ ᠭᠠᠵᠠᠷ ᠣᠷᠣᠨ ᠳᠤ ᠵᠣᠬᠢᠬᠤ ᠬᠡᠮᠵᠢᠶᠡᠨ ᠤ ᠨᠥᠬᠦᠪᠥᠷᠢ ᠮᠥᠩᠭᠦ ᠥᠭᠬᠦ ᠬᠡᠷᠡᠭᠲᠡᠶ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号