ᠯᠢ ᠵᠢᠢ ᠾᠧᠩ ᠬᠦᠶᠠᠩ ᠰᠢᠶᠠᠨ ᠳᠤ ᠴᠢᠬᠤᠯᠠᠴᠢᠯᠠᠬᠰᠠᠨ ᠨᠢ ︽ᠲᠤᠮᠳᠠᠳᠤ ᠤᠯᠤᠰ ᠤᠨ ᠡᠪ ᠬᠠᠮᠳᠤ ᠨᠠᠮ ᠎ ᠤᠨ ᠡᠭᠦᠷ ᠤᠨ ᠠᠵᠢᠯ ᠤᠨ ᠲᠦᠷᠢᠮ ︵ᠲᠤᠷᠰᠢᠨ ᠬᠡᠷᠡᠭᠵᠢᠭᠦᠯᠭᠦ︶︾᠎ ᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ ᠨᠠᠮ ᠤᠨ ᠡᠭᠦᠷ ᠨᠢᠭᠡᠪᠦᠷᠢ ᠶᠢ ᠪᠠᠳᠤ ᠴᠢᠩᠭ᠎ᠠ ᠳᠠᠶᠢᠴᠢᠨ ᠪᠠᠬᠢᠯᠡᠯᠳᠡ ᠪᠤᠯᠭᠠᠨ ᠪᠠᠶᠢᠭᠤᠯᠬᠤ ᠬᠡᠷᠡᠭᠳᠡᠢ ᠭᠡᠵᠡᠢ
ᠨᠡᠶᠢᠲᠡᠯᠡᠭᠰᠡᠨ ᠴᠠᠭ᠄
2018/12/11
     12 ᠳ᠋ᠤᠭᠠᠷ ᠰᠠᠷ᠎ᠠ ᠶᠢᠨ 10᠎ ᠤ ᠡᠳᠦᠷ᠂ ᠦᠪᠡᠷᠳᠡᠭᠡᠨ ᠵᠠᠰᠬᠠᠤ ᠤᠷᠤᠨ ᠤ ᠨᠠᠮ ᠤᠨ  ᠬᠤᠷᠢᠶᠠᠨ  ᠎ ᠤ  ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠪᠤᠭᠤᠲᠦ ᠬᠤᠳᠠ ᠶᠢᠨ ᠬᠦᠶᠠᠩ ᠰᠢᠶᠠᠨ ᠳᠤ ᠭᠦᠨᠵᠡᠭᠡᠶᠢᠷᠡᠵᠦ᠂ ᠭᠠᠮᠰᠢᠭ ᠤᠨ ᠲᠠᠷᠠᠭᠠᠬᠢ ᠲᠠᠬᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠤ᠂ ᠭᠠᠮᠰᠢᠬᠳᠠᠬᠰᠠᠨ ᠤᠯᠠᠨ ᠲᠦᠮᠡᠨ ᠢ ᠲᠤᠬᠤᠨᠢᠭᠤᠯᠦᠨ᠂ ᠬᠦᠳᠡᠭᠡ ᠲᠤᠰᠬᠤᠨ ᠤ ᠨᠠᠮ ᠤᠨ ᠡᠭᠦᠷ ᠤᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠠᠢ᠃      ᠡᠨᠡ ᠵᠤᠨ᠂ ᠬᠦᠶᠡᠩ ᠰᠢᠶᠠᠨ ᠳᠤ ᠬᠦᠨᠳᠦ ᠨᠤᠴᠢᠳᠠᠢ ᠦᠶᠡᠷ ᠤᠰᠤᠳᠤᠯ ᠤᠨ ᠭᠠᠮᠰᠢᠭ ᠪᠤᠯᠪᠠ᠃ ᠬᠠᠬᠢᠷ ᠬᠦᠢᠳᠡᠨ ᠤᠯᠠᠷᠢᠯ ᠬᠦᠷᠴᠦ ᠢᠷᠡᠭᠰᠡᠨ ᠴᠠᠭ ᠲᠤ᠂ ᠭᠠᠮᠰᠢᠬᠳᠠᠬᠰᠠᠨ ᠤᠯᠠᠨ‌‍ᠲ᠋ᠦ᠋ᠮᠡᠨ ᠠᠮᠤᠷ ᠲᠦᠪᠰᠢᠨ ᠬᠠᠯᠠᠭᠤᠨ ᠲᠤᠯᠠᠭᠠᠨ ᠡᠪᠦᠯᠵᠢᠵᠤ ᠪᠠᠶᠢᠨ᠎ᠠ ᠤᠤ ᠦᠭᠡᠢ ᠤᠤ᠂ ᠰᠠᠨᠠᠭ᠎ᠠ ᠠᠮᠤᠷ ᠪᠠᠶᠠᠷ ᠬᠦᠷ ᠲᠠᠢ ᠰᠠᠷ᠎ᠠ ᠰᠢᠨ᠎ᠠ ᠪᠠᠨ ᠦᠩᠭᠡᠷᠡᠭᠦᠯᠵᠦ ᠳᠡᠶᠢᠯᠦᠨ᠎ᠡ ᠤᠤ ᠦᠭᠡᠢ ᠤᠤ ᠭᠡᠳᠡᠭ ᠲᠤ ᠯᠢ ᠵᠢᠢ ᠾᠧᠩ ᠲᠦᠢᠯ ᠢᠶᠠᠷ ᠰᠠᠨᠠᠭᠠᠰᠢᠷᠠᠵᠤ ᠪᠠᠶᠢᠯ᠎ᠠ᠃ ᠲᠡᠷᠡ ᠤᠷᠢᠳ ᠬᠤᠵᠢᠳ ᠰᠢᠶᠤᠤ ᠶᠢᠩᠽᠢ ᠰᠢᠨ᠎ᠠ ᠲᠤᠰᠬᠤᠨ᠂ ᠵᠠᠩ ᠹᠠ ᠳ᠋ᠢ ᠲᠤᠰᠬᠤᠨ ᠪᠠ ᠰᠢᠶᠧ ᠾᠧ ᠢ ᠲᠤᠰᠬᠤᠨ ᠳᠤ ᠬᠦᠷᠴᠤ᠂ ᠭᠠᠮᠰᠢᠭ ᠤᠨ ᠲᠠᠷᠠᠭᠠᠬᠢ ᠲᠠᠬᠢᠨ ᠪᠦᠳᠦᠭᠡᠨ ᠪᠠᠶᠢᠭᠤᠯᠤᠯᠲᠠ ᠪᠠ ᠲᠤᠰᠬᠤᠨ ᠤ ᠨᠠᠮ ᠤᠨ ᠡᠭᠦᠷ ᠤᠨ ᠪᠠᠶᠢᠭᠤᠯᠤᠯᠲᠠ ᠶᠢᠨ ᠪᠠᠶᠢᠳᠠᠯ ᠢ ᠪᠤᠳᠠᠳᠠᠢ ᠭᠠᠵᠠᠷ ᠲᠤ ᠨᠢ ᠤᠶᠢᠯᠠᠭᠠᠵᠤ᠂ ᠭᠠᠮᠰᠢᠬᠳᠠᠬᠰᠠᠨ ᠡᠷᠦᠭᠡ ᠸᠠᠩ ᠮᠢᠩ ᠯᠢᠶᠠᠩ᠂ ᠴᠠᠩ ᠮᠢᠩ ᠪᠤᠯᠤᠨ ᠶᠠᠳᠠᠭᠤ ᠬᠦᠴᠢᠷᠳᠡᠯᠳᠡᠢ ᠡᠷᠦᠭᠡ ᠬᠤᠤ ᠴᠢᠤᠸᠠᠨ ᠤ ᠬᠢᠨ ᠳᠤ ᠬᠦᠷᠪᠡ᠃ ᠭᠠᠮᠰᠢᠭ ᠤᠨ ᠲᠠᠷᠠᠭ᠎ᠠ ᠰᠢᠨ᠎ᠠ ᠪᠠᠷ ᠪᠠᠶᠢᠭᠤᠯᠤᠭᠰᠠᠨ ᠮᠦᠷ ᠮᠦᠷ ᠵᠢᠭᠳᠡᠷᠡᠭᠰᠡᠨ ᠤᠷᠤᠨ ᠰᠠᠭᠤᠴᠠ ᠶᠢ ᠬᠠᠷᠠᠵᠤ᠂ ᠤᠯᠠᠨ ᠲᠦᠮᠡᠨ ᠤ ᠴᠢᠩ ᠰᠡᠳᠬᠢᠯ ᠤᠨ ᠮᠠᠬᠳᠠᠭᠠᠯ ᠰᠠᠶᠢᠰᠢᠶᠠᠯ ᠢ ᠰᠤᠨᠤᠰᠤᠭᠠᠳ ᠯᠢ ᠵᠢᠢ ᠾᠧᠩ᠂ ᠲᠠ ᠨᠠᠷ ᠰᠠᠶᠢᠨ ᠢ ᠢᠳᠡᠵᠤ ᠰᠠᠶᠢᠬᠠᠨ ᠡᠪᠦᠯᠵᠢᠵᠤ᠂ ᠦᠢᠯᠡᠳᠪᠦᠷᠢᠯᠠᠯ ᠠᠮᠢᠳᠤᠷᠠᠯ ᠴᠢᠨᠢ ᠪᠠᠳᠤᠯᠠᠭ᠎ᠠ ᠲᠠᠢ ᠪᠤᠯᠤᠬᠰᠠᠨ ᠢ ᠬᠠᠷᠠᠭᠠᠳ ᠪᠢ ᠰᠠᠨᠠᠭ᠎ᠠ ᠠᠮᠠᠷᠠᠯ᠎ᠠ ᠬᠡᠪᠡ᠃ ᠲᠡᠷᠡ ᠲᠤᠬᠠᠢ ᠶᠢᠨ ᠭᠠᠵᠠᠷ ᠤᠨ ᠨᠠᠮ ᠤᠨ ᠬᠡᠰᠢᠭᠦᠨ ᠺᠠᠳ᠋ᠷᠴᠤᠳ ᠲᠤ᠂ ᠭᠠᠮᠰᠢᠭ ᠤᠨ ᠲᠠᠷᠠᠭ᠎ᠠ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠲᠠ ᠪᠤᠯᠤᠨ ᠦᠷᠭᠡᠨ ᠤᠯᠠᠨ ᠨᠠᠮ ᠤᠨ ᠬᠡᠰᠢᠭᠦᠨ ᠺᠠᠳ᠋ᠷ ᠪᠤᠳᠠᠳᠤ ᠠᠵᠢᠯᠯᠠᠭ᠎ᠠ ᠪᠠᠷ ᠢᠶᠠᠨ ᠮᠠᠨ ᠤ ᠨᠠᠮ ᠤᠨ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠲᠠᠶᠢᠯᠪᠤᠷᠢᠯᠠᠵᠤ᠂ ᠦᠷᠭᠦᠯᠵᠢᠯᠡᠨ ᠬᠠᠶᠢᠷ᠎ᠠ ᠰᠡᠳᠬᠢᠯᠭᠡ ᠪᠠ ᠬᠠᠷᠢᠭᠤᠴᠠᠯᠭ᠎ᠠ ᠲᠠᠢ ᠪᠠᠷ ᠡᠯ᠎ᠠ ᠵᠦᠢᠯ ᠤᠨ ᠠᠵᠢᠯ ᠢ ᠪᠤᠳᠠᠳᠠᠢ ᠨᠠᠷᠢᠯᠢᠭ ᠰᠠᠶᠢᠲᠤᠷ ᠬᠢᠭᠦ ᠬᠡᠷᠡᠭᠳᠡᠢ ᠬᠡᠵᠠᠢ᠃      ᠲᠤᠰ ᠡᠳᠦᠷ ᠤᠨ ᠦᠳᠡ ᠶᠢᠨ ᠬᠤᠶᠢᠨ᠎ᠠ᠂ ᠯᠢ ᠵᠢᠢ ᠾᠧᠩ ᠰᠢᠶᠧ ᠾᠧ ᠢ ᠲᠤᠰᠬᠤᠨ ᠤ ᠵᠦᠪᠯᠡᠯ ᠳᠤ ᠲᠤᠰᠬᠤᠨ ᠤ ᠨᠠᠮ ᠤᠨ ᠡᠭᠦᠷ ᠤᠨ ᠱᠦᠵᠢ ᠶᠢᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠡᠭᠦᠷ ᠤᠨ ᠠᠵᠢᠯ ᠤᠨ ᠲᠦᠷᠢᠮ ︵ᠲᠤᠷᠰᠢᠨ ᠬᠡᠷᠡᠭᠵᠢᠭᠦᠯᠭᠦ︶︾᠎ ᠢ ᠰᠤᠷᠤᠯᠴᠠᠨ ᠲᠤᠭᠤᠰᠢᠯᠠᠭᠤᠯᠬᠤ ᠪᠠ ᠰᠢᠨ᠎ᠠ ᠴᠠᠭ ᠦᠶ᠎ᠠ ᠶᠢᠨ ᠨᠠᠮ ᠤᠨ ᠡᠭᠦᠷ ᠤᠨ ᠪᠠᠶᠢᠭᠤᠯᠤᠯᠲᠠ ᠶᠢ ᠴᠢᠩᠭᠠᠳᠬᠠᠬᠤ ᠲᠤᠭᠤᠷᠢᠨ ᠳᠤ ᠤᠯᠠᠨ ᠲᠠᠢ ᠰᠠᠨᠠᠯ ᠢᠶᠠᠨ ᠰᠤᠯᠢᠯᠴᠠᠵᠠᠢ᠃ ᠤᠯᠠᠨ ᠤ ᠶᠠᠷᠢᠬᠰᠠᠨ ᠢ ᠨᠠᠷᠢᠨ ᠬᠢᠨᠠᠮᠠᠭᠠᠢ ᠰᠤᠨᠤᠰᠤᠬᠰᠠᠨ ᠎ ᠤ ᠲᠠᠷᠠᠭ᠎ᠠ ᠯᠢ ᠵᠢᠢ ᠾᠧᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠨᠠᠮ ᠤᠨ ᠡᠭᠦᠷ ᠤᠨ ᠪᠠᠶᠢᠭᠤᠯᠤᠯᠲᠠ ᠶᠢ ᠲᠡᠭᠡᠳᠦ ᠬᠡᠮᠵᠢᠶ᠎ᠠ ᠪᠠᠷ ᠬᠦᠨᠳᠦᠳᠭᠡᠵᠤ᠂ ᠪᠦᠬᠦ ᠨᠠᠮ ᠳᠤ ᠦᠨᠳᠦᠰᠦᠨ ᠱᠠᠳᠤ ᠶᠢ ᠶᠡᠭᠡ ᠪᠠᠷ ᠠᠳᠬᠤᠬᠤ᠂ ᠨᠠᠮ ᠤᠨ ᠡᠭᠦᠷ ᠢ ᠶᠡᠭᠡ ᠪᠠᠷ ᠠᠳᠬᠤᠬᠤ ᠰᠠᠶᠢᠨ ᠰᠠᠶᠢᠬᠠᠨ ᠬᠠᠨᠳᠤᠰᠢ ᠪᠠᠶᠢᠳᠠᠯ ᠪᠦᠷᠢᠯᠳᠦᠭᠦ ᠶᠢ ᠠᠬᠢᠭᠤᠯᠵᠠᠢ᠃ ᠲᠦᠷᠦᠭᠦᠭᠡᠨ ᠨᠡᠶᠢᠲᠡᠯᠡᠭᠰᠡᠨ ︽ᠲᠦᠷᠢᠮ︾᠎ ᠨᠢ ᠰᠢᠨ᠎ᠠ ᠴᠠᠭ ᠦᠶ᠎ᠠ ᠶᠢᠨ ᠨᠠᠮ ᠤᠨ ᠡᠭᠦᠷ ᠤᠨ ᠪᠠᠶᠢᠭᠤᠯᠤᠯᠲᠠ ᠳᠤ ᠦᠨᠳᠦᠰᠦᠨ ᠵᠢᠷᠤᠮᠯᠠᠯ ᠬᠠᠩᠭᠠᠪᠠ᠂ ᠡᠯ᠎ᠠ ᠱᠠᠳᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ︽ᠲᠦᠷᠢᠮ︾᠎ ᠢ ᠰᠤᠷᠤᠯᠴᠠᠨ ᠤᠬᠠᠭᠤᠯᠵᠦ ᠲᠤᠭᠤᠰᠢᠯᠠᠭᠤᠯᠬᠤ ᠠᠵᠢᠯ ᠢ ᠦᠨᠡᠨ ᠬᠦ ᠰᠠᠶᠢᠲᠤᠷ ᠠᠳᠬᠤᠵᠤ᠂ ᠦᠨᠳᠦᠰᠦᠨ ᠱᠠᠳᠤ ᠶᠢ ᠠᠳᠬᠤᠬᠤ᠂ ᠰᠠᠭᠤᠷᠢ ᠶᠢ ᠪᠠᠭᠢᠵᠢᠭᠦᠯᠭᠦ᠂ ᠨᠠᠮ ᠤᠨ ᠡᠭᠦᠷ ᠢ ᠬᠦᠴᠦᠷᠭᠡᠭᠵᠢᠭᠦᠯᠭᠦ ᠡᠯ᠎ᠠ ᠵᠦᠢᠯ ᠤᠨ ᠠᠵᠢᠯ ᠢ ᠯᠠᠪᠳᠠᠭᠤᠨ ᠪᠠᠳᠤᠳᠠᠢ ᠰᠠᠶᠢᠲᠤᠷ ᠬᠢᠵᠤ᠂ ᠨᠠᠮ ᠤᠨ ᠡᠭᠦᠷ ᠨᠢᠭᠡᠪᠦᠷᠢ ᠶᠢ ᠪᠠᠳᠤ ᠴᠢᠩᠭ᠎ᠠ ᠳᠠᠶᠢᠴᠢᠨ ᠪᠠᠬᠢᠯᠡᠯᠳᠡ ᠪᠤᠯᠭᠠᠨ ᠪᠠᠶᠢᠭᠤᠯᠬᠤ ᠬᠡᠷᠡᠭᠳᠡᠢ ᠬᠡᠵᠤ ᠵᠢᠭᠠᠵᠤ ᠭᠠᠷᠭᠠᠪᠠ᠃      ᠯᠢ ᠵᠢᠢ ᠾᠧᠩ ᠴᠢᠬᠤᠯᠠᠴᠢᠯᠠᠭᠰᠠᠨ ᠨᠢ᠂ ᠨᠠᠮ ᠤᠨ ᠡᠭᠦᠷ ᠤᠨ ᠪᠠᠶᠢᠭᠤᠯᠤᠯᠲᠠ ᠶᠢ ᠠᠬᠢᠭᠤᠯᠬᠤ ᠳᠤ᠂ ᠨᠠᠮ ᠎ ᠤᠨ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ︽ᠲᠦᠷᠪᠡᠨ ᠤᠬᠠᠮᠰᠠᠷ︾᠎ ᠢ ᠪᠠᠳᠤ ᠪᠤᠢ ᠪᠤᠯᠭᠠᠨ᠂ ︽ᠲᠦᠷᠪᠡᠨ ᠢᠳᠡᠭᠡᠯ︾᠎ ᠢᠶᠠᠨ ᠪᠠᠳᠤᠳᠬᠠᠵᠤ᠂ ︽ᠲᠦᠷᠪᠡ ᠶᠢ ᠲᠠᠭᠠᠵᠤ︾᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠦᠪ ᠬᠤᠷᠢᠶᠠᠨ ᠤ ᠭᠤᠤᠯᠯᠠᠬᠴᠢ᠂ ᠪᠦᠬᠦ ᠨᠠᠮ ᠤᠨ ᠭᠤᠤᠯᠯᠠᠬᠴᠢ ᠪᠤᠯᠬᠤ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠦᠪ ᠬᠤᠷᠢᠶᠠᠨ ᠤ ᠡᠷᠭᠡ ᠰᠦᠷ ᠪᠤᠯᠤᠨ ᠲᠦᠪᠯᠡᠷᠡᠩᠭᠦᠢ ᠨᠢᠭᠡᠳᠦᠯᠳᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠬᠡᠷᠡᠭᠳᠡᠢ᠃ ᠰᠢᠭᠤᠳ ᠨᠠᠮ ᠤᠨ ᠬᠡᠰᠢᠭᠦᠨ ᠢ ᠬᠦᠮᠦᠵᠢᠭᠦᠯᠭᠦ᠂ ᠨᠠᠮ ᠤᠨ ᠬᠡᠰᠢᠭᠦᠨ ᠢ ᠬᠠᠮᠢᠶᠠᠷᠬᠤ᠂ ᠨᠠᠮ ᠤᠨ ᠬᠡᠰᠢᠭᠦᠨ ᠳᠤ ᠬᠢᠨᠠᠯᠳᠠ ᠲᠠᠯᠪᠢᠬᠤ ᠪᠠ ᠤᠯᠠᠨ ᠲᠦᠮᠡᠨ ᠢ ᠵᠤᠬᠢᠶᠠᠨ ᠪᠠᠶᠢᠭᠤᠯᠬᠤ᠂ ᠤᠯᠠᠨ ᠲᠦᠮᠡᠨ ᠳᠤ ᠤᠬᠠᠭᠤᠯᠬᠤ᠂ ᠤᠯᠠᠨ ᠲᠦᠮᠡᠨ ᠢ ᠨᠢᠬᠳᠠᠷᠠᠭᠤᠯᠬᠤ᠂ ᠤᠯᠡᠨ ᠲᠦᠮᠡᠨ ᠳᠤ ᠦᠢᠯᠡᠴᠢᠯᠡᠭᠦ ᠴᠢᠬᠤᠯᠠ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠡᠭᠦᠷᠭᠡᠯᠡᠵᠤ᠂ ᠦᠷᠭᠡᠨ ᠤᠯᠠᠨ ᠺᠠᠳ᠋ᠷ ᠤᠯᠠᠨ ᠲᠦᠮᠡᠨ ᠤ ᠴᠢᠩ ᠰᠡᠳᠬᠢᠯ ᠠᠴᠠ ᠪᠠᠨ ᠨᠠᠮ ᠳᠤ ᠲᠠᠯᠠᠷᠬᠠᠬᠤ᠂ ᠪᠠᠳᠤ ᠴᠢᠩᠭ᠎ᠠ ᠤᠬᠠᠮᠰᠠᠷ ᠠᠴᠠ ᠪᠠᠨ ᠨᠠᠮ ᠎ ᠤᠨ ᠦᠭᠡ ᠶᠢ ᠰᠤᠨᠤᠰᠬᠤ᠂ ᠪᠦᠬᠦ ᠰᠡᠳᠬᠢᠯ ᠪᠦᠬᠦ ᠵᠤᠷᠢᠭ ᠢᠶᠠᠷ ᠢᠶᠠᠨ ᠨᠠᠮ ᠢ ᠲᠠᠭᠠᠬᠤ ᠪᠤᠯᠭᠠᠬᠤ ᠪᠠᠷ ᠬᠦᠮᠦᠵᠢᠭᠦᠯᠦᠨ ᠵᠢᠯᠤᠭᠤᠳᠬᠤ ᠬᠡᠷᠡᠭᠳᠡᠢ ᠭᠡᠵᠡᠢ᠃      ᠯᠢ ᠵᠢᠢ ᠾᠧᠩ ᠱᠠᠭᠠᠷᠳᠠᠭᠰᠠᠨ ᠨᠢ᠂ ᠭᠠᠴᠠᠭ᠎ᠠ ᠲᠤᠰᠬᠤᠨ ᠤ ᠨᠠᠮ ᠤᠨ ᠡᠭᠦᠷ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠵᠡᠷᠭᠡ ᠠᠵᠢᠯ ᠢ ᠠᠬᠢᠭᠤᠯᠬᠤ ᠲᠤᠮᠳᠠ ᠭᠤᠤᠯ ᠲᠦᠷᠢ ᠶᠢ ᠲᠤᠬᠯᠠᠨ᠂ ᠭᠤᠤᠯ ᠡᠭᠦᠷᠭᠡ ᠶᠢ ᠡᠭᠦᠷᠭᠡᠯᠡᠵᠦ᠂ ᠬᠤᠰᠢᠭᠤᠴᠢ ᠮᠠᠩᠯᠠᠢ ᠪᠤᠯᠵᠤ᠂ ᠨᠠᠮ ᠤᠨ ᠰᠠᠶᠢᠨ ᠲᠦᠷᠦ ᠶᠢᠨ ᠪᠤᠳᠤᠯᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠤᠨ ᠪᠤᠳᠠᠳᠤ ᠦᠷ᠎ᠠ ᠪᠦᠳᠦᠮᠵᠢ ᠤᠯᠬᠤ ᠶᠢ ᠠᠬᠢᠭᠤᠯᠬᠤ ᠬᠡᠷᠡᠭᠳᠡᠢ᠃ ᠭᠠᠴᠠᠭ᠎ᠠ ᠲᠤᠰᠬᠤᠨ ᠤ ᠨᠠᠮ ᠤᠨ ᠡᠭᠦᠷ ᠤᠨ ᠱᠦᠵᠢ ᠨᠠᠷ ᠤᠯᠤᠰ ᠲᠦᠷᠦ ᠪᠠᠳᠤ ᠴᠢᠩᠭ᠎ᠠ ᠪᠠᠶᠢᠬᠤ ᠮᠡᠷᠭᠡᠨ ᠬᠦᠮᠦᠨ᠂ ᠶᠠᠳᠠᠭᠤ ᠠᠴᠠ ᠠᠩᠬᠢᠵᠢᠷᠠᠭᠤᠯᠤᠨ ᠴᠢᠨᠡᠭᠡᠯᠢᠭᠵᠢᠭᠦᠯᠭᠦ ᠵᠠᠮᠴᠢᠯᠠᠬᠴᠢ᠂ ᠤᠯᠠᠨ ᠲᠦᠮᠡᠨ ᠳᠤ ᠦᠢᠯᠡᠴᠢᠯᠡᠭᠦ ᠲᠤᠳᠤᠨᠤ ᠬᠦᠮᠦᠨ᠂ ᠲᠦᠪ ᠭᠤᠤᠯᠴᠢ ᠪᠠᠷ ᠶᠠᠪᠤᠳᠠᠯ ᠤᠴᠢᠷ ᠢ ᠬᠦᠢᠴᠡᠳᠭᠡᠭᠦ ᠴᠢᠭᠡᠴᠢ ᠬᠦᠮᠦᠨ᠂ ᠬᠠᠤᠯᠢ ᠶᠢ ᠮᠡᠳᠡᠵᠤ ᠴᠢᠳᠠᠮᠠᠭᠠᠢ ᠵᠠᠰᠠᠬᠤ ᠡᠵᠡᠨ ᠬᠦᠮᠦᠨ᠂ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠠᠷᠢᠭᠤᠴᠠᠯᠭ᠎ᠠ ᠲᠠᠢ ᠬᠦᠮᠦᠨ ᠪᠤᠯᠵᠤ᠂ ᠤᠯᠠᠨ ᠲᠦᠮᠡᠨ ᠢ ᠪᠦᠯᠬᠦᠮᠳᠡᠭᠦᠯᠦᠨ ᠲᠠᠭᠠᠭᠤᠯᠵᠤ ᠬᠠᠮᠳᠤ ᠪᠠᠷ ᠬᠦᠳᠡᠭᠡ ᠲᠤᠰᠬᠤᠨ ᠮᠠᠯᠵᠢᠬᠤ ᠤᠷᠤᠨ ᠤ ᠡᠯ᠎ᠠ ᠵᠦᠢᠯ ᠤᠨ ᠠᠵᠢᠯ ᠢ ᠰᠠᠶᠢᠲᠤᠷ ᠬᠢᠭᠦ ᠬᠡᠷᠡᠭᠳᠡᠢ ᠭᠡᠵᠡᠢ᠃      ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠪᠤᠭᠤᠳᠤ ᠬᠤᠳᠠ ᠶᠢᠨ ᠨᠠᠮ ᠤᠨ ᠬᠤᠷᠢᠶᠠᠨ ᠤ ᠱᠦᠵᠢ ᠵᠠᠩ ᠶᠤᠸᠠᠨ ᠵᠦᠩ ᠵᠢᠴᠢ ᠦᠪᠡᠷᠳᠡᠭᠡᠨ ᠵᠠᠰᠬᠠᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠪᠠᠶᠢᠴᠠᠭᠠᠨ ᠰᠤᠳᠤᠯᠬᠤ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号