ᠥᠪᠦᠷ ᠮᠣᠩᠭᠤᠯ ᠤᠨ ᠬᠠᠮᠤᠭ ᠤᠨ ᠲᠣᠮᠤ ᠲᠦᠪᠯᠡᠷᠡᠨ ᠵᠠᠯᠭᠠᠯᠳᠤᠭᠰᠠᠨ ᠭᠡᠷᠡᠯ ᠸᠤᠯᠲ ᠤᠨ ᠰᠠᠭᠤᠷᠢᠨ ᠭᠠᠵᠠᠷ ᠪᠦᠷᠢᠨ ᠪᠠᠭᠲᠠᠭᠠᠮᠵᠢ ᠪᠠᠷ ᠢᠶᠠᠨ ᠲᠣᠣᠷ ᠲᠤ ᠨᠡᠶᠢᠯᠡᠨ ᠴᠠᠬᠢᠯᠭᠠᠨ ᠭᠠᠷᠭᠠᠵᠠᠢ
ᠨᠡᠶᠢᠲᠡᠯᠡᠭᠰᠡᠨ ᠴᠠᠭ᠄
2018/12/11
     12 ᠳ᠋ᠤᠭᠠᠷ ᠰᠠᠷ᠎ᠠ ᠶᠢᠨ 10᠎ ᠤ ᠡᠳᠦᠷ᠂ ᠥᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠲᠣᠮᠤ ᠲᠦᠪᠯᠡᠷᠡᠨ ᠵᠠᠯᠭᠠᠯᠳᠤᠭᠰᠠᠨ ᠭᠡᠷᠡᠯ ᠸᠣᠯᠲ ᠤᠨ ᠰᠠᠭᠤᠷᠢᠨ ᠭᠠᠵᠠᠷ᠂ ᠮᠠᠨ ᠤ ᠣᠷᠣᠨ ᠳᠤ ᠪᠠᠶᠢᠭ᠎ᠠ ᠴᠣᠷ ᠤᠨ ᠭᠠᠭᠴᠠ ᠪᠥᠬᠦ ᠤᠯᠤᠰ ᠤᠨ ᠭᠤᠷᠪᠠᠳᠤᠭᠠᠷ ᠪᠦᠯᠦᠭ ᠭᠡᠷᠡᠯ ᠸᠤᠯᠲ ᠢᠶᠠᠷ ᠴᠠᠬᠢᠯᠭᠠᠨ ᠭᠠᠷᠭᠠᠵᠤ ᠬᠡᠷᠡᠭᠯᠡᠬᠦ ᠲᠠᠭᠠᠭᠤᠯᠤᠭᠴᠢ ᠰᠠᠭᠤᠷᠢᠨ ᠭᠠᠵᠠᠷ — ᠲᠡᠯᠡᠦᠠ ᠤᠨ ᠭᠡᠷᠡᠯ ᠸᠤᠯᠲ ᠢᠶᠠᠷ ᠴᠠᠬᠢᠯᠭᠠᠨ ᠭᠠᠷᠭᠠᠵᠤ ᠬᠡᠷᠡᠭᠯᠡᠬᠦ ᠲᠠᠭᠠᠭᠤᠯᠤᠭᠴᠢ ᠰᠠᠭᠤᠷᠢᠨ ᠭᠠᠵᠠᠷ ᠤᠨ ᠠᠩᠬᠠᠳᠤᠭᠠᠷ ᠬᠤᠭᠤᠴᠠᠭᠠᠨ ᠤ 500 ᠰᠠᠶ᠎ᠠ ᠸᠠᠲ ᠤᠨ ᠲᠥᠷᠦᠯ ᠵᠦᠢᠯ ᠨᠢ ᠨᠢᠭᠡ ᠯᠡ ᠤᠳᠠᠭ᠎ᠠ ᠳᠤ ᠪᠦᠷᠢᠨ ᠪᠠᠭᠲᠠᠭᠠᠮᠵᠢ ᠪᠠᠷ ᠢᠶᠠᠨ ᠲᠣᠣᠷ ᠲᠤ ᠨᠡᠶᠢᠯᠡᠨ ᠴᠠᠬᠢᠯᠭᠠᠨ ᠭᠠᠷᠭᠠᠵᠠᠢ᠃      ᠲᠡᠯᠡᠦᠠ ᠤᠨ ᠭᠡᠷᠡᠯ ᠸᠤᠯᠲ ᠢᠶᠠᠷ ᠴᠠᠬᠢᠯᠭᠠᠨ ᠭᠠᠷᠭᠠᠵᠤ ᠬᠡᠷᠡᠭᠯᠡᠬᠦ ᠲᠠᠭᠠᠭᠤᠯᠤᠭᠴᠢ ᠰᠠᠭᠤᠷᠢᠨ ᠭᠠᠵᠠᠷ ᠨᠢ ᠬᠥᠪᠴᠢ ᠶᠢᠨ ᠡᠯᠡᠰᠦᠨ ᠴᠦᠯ ᠤᠨ ᠬᠡᠪᠡᠯᠢ ᠳᠤ ᠪᠠᠶᠢᠷᠢᠯᠠᠵᠤ᠂ 2017 ᠣᠨ ᠤ 11 ᠳ᠋ᠦ᠋ᠭᠡᠷ ᠰᠠᠷ᠎ᠠ ᠶᠢᠨ 30᠎ ᠤ ᠡᠳᠤᠷ ᠤᠯᠤᠰ ᠤᠨ ᠡ᠊ᠨᠧᠷᠭᠢ ᠶᠢᠨ ᠲᠣᠪᠴᠢᠶ᠎ᠠ ᠶᠢᠨ ᠵᠥᠪᠰᠢᠶᠡᠷᠡᠯ ᠢᠶᠠᠷ ᠪᠠᠶᠢᠭᠤᠯᠤᠭᠰᠠᠨ ᠪᠠᠶᠢᠨ᠎ᠠ᠃ ᠰᠠᠭᠤᠷᠢᠨ ᠭᠠᠵᠠᠷ ᠤᠨ ᠶᠡᠷᠦᠩᠬᠡᠶ ᠲᠥᠯᠥᠪᠵᠢᠭᠦᠯᠭᠡ ᠨᠢ 200 ᠲᠦᠮᠡᠨ ᠺᠢᠯᠣᠸᠠᠲ ᠪᠠᠶᠢᠵᠤ᠂ 10 ᠲᠦᠮᠡᠨ ᠮᠥ ᠭᠠᠵᠠᠷ ᠡᠵᠡᠯᠡᠵᠤ᠂ ᠨᠡᠶᠢᠲᠡ 150 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠵᠠᠢ᠃ ᠡᠭᠦᠨ ᠳᠤ᠂ ᠠᠩᠬᠠᠳᠠᠭᠴᠢ ᠬᠤᠭᠤᠴᠠᠭᠠᠨ ᠤ 50 ᠲᠦᠮᠡᠨ ᠺᠢᠯᠣᠸᠠᠲ ᠤᠨ ᠲᠦᠷᠦᠯ ᠵᠦᠢᠯ ᠳᠤ 37.5 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠵᠤ᠂ ᠡᠨᠡ ᠵᠢᠯ ᠤᠨ 3 ᠳ᠋ᠤᠭᠠᠷ ᠰᠠᠷ᠎ᠠ ᠶᠢᠨ 28᠎ ᠤ ᠡᠳᠤᠷ ᠳᠦᠷᠦᠯ ᠵᠦᠢᠯ ᠢ ᠳᠠᠭᠠᠭᠠᠴᠢᠯᠠᠬᠤ ᠠᠵᠤ ᠠᠬᠤᠶᠢᠯᠠᠯ ᠢ ᠰᠢᠯᠢᠨ ᠰᠣᠩᠭᠤᠬᠤ ᠠᠵᠢᠯ ᠢ ᠪᠡᠶᠡᠯᠡᠭᠦᠯᠵᠦ᠂ 5 ᠳ᠋ᠤᠭᠠᠷ ᠰᠠᠷ᠎ᠠ ᠶᠢᠨ 29᠎ ᠤ ᠡᠳᠦᠷ ᠳᠦᠷᠦᠯ ᠵᠦᠢᠯ ᠤᠨ ᠪᠦᠳᠦᠭᠡᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠵᠠᠢ᠃      ᠣᠶᠢᠯᠠᠭᠠᠭᠰᠠᠨ ᠢᠶᠠᠷ᠂ ᠲᠤᠰ ᠰᠠᠭᠤᠷᠢᠨ ᠭᠠᠵᠠᠷ ᠪᠣᠯ ᠣᠷᠳᠣᠰ ᠬᠤᠲᠠ ᠶᠢᠨ ᠳᠠᠯᠠᠳ ᠬᠤᠰᠢᠭᠤ ᠶᠢᠨ ᠪᠠᠶᠢᠭᠤᠯᠬᠤ ︽ᠰᠢᠷᠭᠠᠯ ᠡᠯᠡᠰᠦ᠂ ᠴᠡᠩᠬᠡᠷ ᠳᠠᠯᠠᠢ᠂ ᠪᠠᠶᠠᠨ ᠪᠦᠷᠢᠳᠦ︾ ᠬᠡᠮᠡᠬᠦ ᠬᠥᠪᠴᠢ ᠡᠯᠡᠰᠦᠨ ᠴᠦᠯ ᠤᠨ ᠠᠵᠤ ᠠᠬᠤᠢ ᠶᠢᠨ ᠬᠤᠰᠢᠭᠤᠴᠢ ᠣᠷᠣᠨ ᠤ ᠴᠢᠬᠤᠯᠠ ᠪᠦᠷᠢᠯᠳᠦᠬᠦᠨ ᠬᠡᠰᠡᠭ ᠮᠥᠨ᠃ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠨᠢ ︽ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠳᠣᠯ ᠦᠭᠡᠢ᠂ ᠨᠡᠭᠡᠭᠡᠯᠲᠡ ᠲᠠᠢ᠂ ᠬᠠᠮᠲᠤ ᠪᠠᠷ ᠬᠦᠷᠲᠡᠬᠦ︾ ᠲᠠᠪᠤᠨ ᠶᠡᠭᠡ ᠬᠥᠭᠵᠢᠯᠲᠡ ᠶᠢᠨ ᠣᠨᠤᠯᠵᠢᠬᠤᠨ ᠢ ᠪᠠᠷᠢᠮᠲᠠᠯᠠᠵᠤ᠂ ᠣᠷᠣᠨ ᠪᠦᠰᠡ ᠶᠢᠨ ᠳᠣᠲᠤᠷᠠᠬᠢ ᠪᠠᠶᠢᠭᠠᠯᠢ ᠶᠢᠨ ᠡᠬᠢ ᠪᠠᠶᠠᠯᠢᠭ᠂ ᠰᠤᠶᠤᠯ ᠢᠷᠭᠡᠨᠰᠢᠯ ᠭᠠᠵᠠᠷ ᠵᠦᠢ᠂ ᠠᠮᠢ ᠠᠬᠤᠶ ᠣᠷᠴᠢᠨ ᠲᠣᠭᠤᠷᠢᠨ᠂ ᠠᠵᠤ ᠦᠢᠯᠡᠰ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠬᠦᠴᠦᠨ ᠵᠦᠢᠯ ᠢ ᠡᠮᠬᠢᠯᠡᠨ ᠨᠡᠶᠢᠯᠡᠭᠦᠯᠵᠦ᠂ ︽ᠬᠡᠷᠡᠯ ᠸᠤᠯᠲ᠂ ᠠᠮᠢ ᠠᠬᠤᠶ᠂ ᠲᠠᠷᠢᠶᠠᠯᠠᠩ ᠣᠢ ᠰᠢᠭᠤᠶ᠂ ᠠᠶᠠᠯᠠᠯ ᠵᠢᠭᠤᠯᠴᠢᠯᠠᠯ︾ ᠵᠡᠷᠭᠡ ᠣᠯᠠᠨ ᠡᠵᠡᠩᠨᠡᠯᠲᠡ ᠶᠢ ᠠᠭᠤᠰᠣᠯᠴᠠᠭᠤᠯᠥᠨ ᠬᠥᠭᠵᠢᠭᠦᠯᠬᠦ ᠬᠡᠪ ᠵᠠᠭᠪᠤᠷ ᠢ ᠶᠡᠷᠦᠩᠬᠡᠢ ᠪᠠᠶᠢᠷᠢᠰᠢᠭᠤᠯᠵᠦ᠂ ᠪᠦᠬᠦ ᠤᠯᠤᠰ ᠲᠤ ᠬᠡᠪᠴᠢᠶ᠎ᠡ ᠪᠠᠷ ᠬᠠᠮᠤᠭ ᠤᠨ ᠶᠡᠭᠡ᠂ ᠦᠷ᠎ᠡ ᠠᠰᠢᠭ ᠢᠶᠠᠷ ᠬᠠᠮᠤᠭ ᠤᠨ ᠰᠠᠶᠢᠨ᠂ ᠮᠡᠷᠭᠡᠵᠢᠯ ᠢᠶᠠᠷ ᠣᠷᠤᠶᠢᠯᠠᠭᠰᠠᠨ ᠴᠡᠪᠡᠷ ᠡᠨᠧᠷᠭᠢ ᠭᠠᠷᠭᠠᠬᠤ ᠰᠠᠭᠤᠷᠢᠨ ᠭᠠᠵᠠᠷ ᠪᠣᠯᠤᠨ ᠪᠦᠬᠦ ᠤᠯᠤᠰ ᠲᠤ ᠠᠯᠳᠠᠷᠰᠢᠭᠰᠠᠨ ᠵᠢᠭᠤᠯᠴᠢᠯᠠᠯ ᠤᠨ ᠦᠵᠡᠮᠵᠢᠲᠦ ᠣᠷᠣᠨ ᠢ ᠬᠦᠴᠦᠯᠡᠨ ᠪᠠᠶᠢᠭᠤᠯᠵᠤ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠬᠠᠷᠢᠯᠴᠠᠨ ᠨᠥᠬᠦᠪᠦᠷᠢᠯᠡᠵᠦ ᠳᠡᠭᠡᠭᠰᠢᠯᠡᠭᠦᠯᠬᠦ ᠰᠢᠨ᠎ᠡ ᠮᠠᠶ᠋ᠢᠭ ᠤᠨ ᠠᠵᠤ ᠠᠬᠤᠶ ᠶᠢᠨ ᠨᠡᠮᠡᠭᠳᠡᠯ ᠤᠨ ᠬᠡᠪ ᠵᠠᠭᠪᠤᠷ ᠢ ᠪᠤᠢ ᠪᠣᠯᠭᠠᠵᠠᠢ᠃ ᠰᠠᠭᠤᠷᠢᠨ ᠭᠠᠵᠠᠷ ᠢ ᠪᠠᠶᠢᠭᠤᠯᠵᠤ ᠳᠠᠭᠤᠰᠪᠠᠯ᠂ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ 40 ᠳ᠋ᠦᠩᠰᠢᠭᠤᠷ ᠭᠷᠠᠳᠦ᠋ᠰ ᠲᠤ ᠬᠦᠷᠴᠦ᠂ 15 ᠳ᠋ᠦᠩᠰᠢᠭᠤᠷ ᠲᠥᠭᠦᠷᠢᠭ ᠤᠨ ᠦᠶᠯᠡᠳᠬᠦᠨ ᠤ ᠥᠷᠲᠡᠭ ᠢ ᠪᠡᠶᠡᠯᠡᠭᠦᠯᠬᠦ ᠶᠢᠨ ᠬᠠᠮᠲᠤ 20 ᠲᠦᠮᠡᠨ ᠮᠥ ᠡᠯᠡᠰᠦ ᠶᠢ ᠪᠦᠲᠦᠮᠵᠢᠲᠡᠶ ᠰᠡᠷᠭᠡᠶᠢᠯᠡᠨ ᠵᠠᠰᠠᠵᠤ᠂ ᠵᠢᠯ ᠳᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠪᠣᠬᠢᠷᠲᠤᠯ ᠢ 320 ᠲᠦᠮᠡᠨ ᠲᠣᠨ ᠪᠠᠭᠠᠰᠬᠠᠵᠤ᠂ ᠲᠣᠭᠤᠰᠣ ᠶᠢ 70 ᠲᠦᠮᠡᠨ ᠲᠣᠨ ᠪᠠᠭᠠᠰᠬᠠᠬᠤ ᠪᠣᠯᠤᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号