ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ 14 ᠳ᠋ᠤᠭᠡᠷ ᠤᠳᠠᠭ᠎ᠠ ᠶᠢᠨ ᠲᠡᠷᠢᠬᠦᠯᠡᠭᠴᠢᠳ ᠤᠨ ᠬᠤᠷᠠᠯ ᠬᠢᠵᠡᠢ  ᠯᠢ ᠵᠢᠶᠠ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2018/12/11
     12 ᠳ᠋ᠤᠭᠠᠷ ᠰᠠᠷ᠎ᠠ ᠶᠢᠨ 10᠎ ᠤ ᠡᠳᠦᠷ ᠤᠨ ᠦᠳᠡ ᠶᠢᠨ ᠬᠤᠶᠢᠨ᠎ᠠ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ 14 ᠳ᠋ᠤᠭᠡᠷ ᠤᠳᠠᠭ᠎ᠠ ᠶᠢᠨ ᠲᠡᠷᠢᠬᠦᠯᠡᠭᠴᠢᠳ ᠤᠨ ᠬᠤᠷᠠᠯ ᠬᠢᠵᠡᠢ᠃      ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠨᠠᠮ ᠤᠨ ᠤᠳᠤᠷᠢᠳᠬᠤ ᠳᠤᠭᠤᠢᠢᠯᠠᠩ ᠎ ᠤᠨ ᠱᠦᠵᠢ᠂ ᠲᠡᠷᠢᠬᠦᠯᠡᠭᠴᠢ ᠯᠢ ᠵᠢᠶᠠ ᠬᠤᠷᠠᠯ ᠢ ᠡᠷᠬᠢᠯᠡᠭᠰᠡᠨ ᠪᠦᠭᠡᠳ ᠶᠡᠷᠢᠶ᠎ᠡ ᠲᠠᠯᠪᠢᠵᠦ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠳᠡᠳ᠋ ᠲᠡᠷᠢᠬᠦᠯᠡᠭᠴᠢ ᠸᠠᠩ ᠵᠦᠩ ᠡᠾᠧ᠂ ᠳ᠋ᠥᠩ ᠡᠾᠧᠩ ᠢᠥᠢ᠂ ᠵᠧᠩ ᠹᠦ᠋ ᠲᠢᠶᠠᠨ᠂ ᠴᠠᠩ ᠵᠢᠶᠦ᠋ᠨ ᠵᠧᠩ᠂ ᠴᠡᠴᠡᠭ ᠵᠢᠴᠢ ᠨᠠᠷᠢᠨ ᠪᠢᠴᠢᠭ ᠤᠨ ᠳᠠᠷᠤᠭ᠎ᠠ ᠸᠧᠢ ᠵᠢᠶᠦ᠋ᠨ ᠬᠤᠷᠠᠯ ᠳᠤ ᠤᠷᠤᠯᠴᠠᠵᠠᠢ᠃      ᠬᠤᠷᠠᠯ ᠠᠴᠠ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠲᠦᠷᠪᠡᠳᠦᠬᠡᠷ ᠤᠳᠠᠭ᠎ᠠ ᠶᠢᠨ ᠬᠤᠷᠠᠯ ᠤᠨ ᠵᠦᠪᠯᠡᠬᠦ ᠲᠠᠷᠠᠭᠠᠯᠠᠯ ︵ᠲᠦᠰᠦᠯ︶ ᠪᠤᠯᠤᠨ ᠡᠳᠦᠷ ᠤᠨ ᠳᠠᠷᠠᠭᠠᠯᠠᠯ ᠵᠢᠴᠢ ᠬᠦᠮᠦᠨ ᠠᠮᠠ ᠡᠬᠢ ᠪᠠᠶᠠᠯᠢᠭ ᠤᠷᠴᠢᠨ ᠲᠤᠭᠤᠷᠢᠨ ᠎ ᠤ ᠵᠦᠪᠯᠡᠯ ᠤᠨ ︽ᠦᠪᠦᠷ ᠮᠤᠩᠭᠤᠯ ᠢ ᠤᠯᠤᠰ ᠤᠨ ᠴᠡᠴᠡᠷᠯᠢᠭ ᠤᠨ ᠪᠠᠶᠢᠭᠤᠯᠤᠮᠵᠢ ᠶᠢᠨ ᠪᠠᠶᠢᠭᠤᠯᠤᠯᠲᠠ ᠳᠤ ᠤᠷᠤᠭᠤᠯᠬᠤ ᠶᠢ ᠠᠬᠢᠭᠤᠯᠬᠤ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠬᠦᠯᠦᠯᠲᠡ︾᠎ ᠶᠢ ᠬᠢᠨᠠᠨ ᠵᠦᠪᠯᠡᠨ ᠪᠠᠲᠤᠯᠠᠵᠦ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠤᠶᠤᠨ ᠤ ᠬᠦᠮᠦᠷᠭᠡ ᠶᠢᠨ ᠪᠦᠷᠢᠯᠳᠦᠬᠦᠨ ᠤ ᠨᠡᠷᠡᠰ ᠢ ᠰᠤᠳᠤᠯᠤᠨ ᠲᠤᠬᠲᠠᠭᠠᠵᠦ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ 8 ᠵᠦᠢᠯ ᠤᠨ ᠲᠦᠷᠢᠮ ᠲᠤᠬᠲᠠᠭᠠᠯ ᠳᠤ ᠵᠠᠰᠠᠪᠤᠷᠢ ᠤᠷᠤᠭᠤᠯᠬᠤ ᠲᠦᠰᠦᠯ ᠢ ᠰᠤᠳᠤᠯᠤᠨ ᠪᠠᠲᠤᠯᠠᠵᠠᠢ᠃      ᠯᠢ ᠵᠢᠶᠠ ᠵᠢᠭᠠᠵᠤ ᠭᠠᠷᠭᠠᠭᠰᠠᠨ ᠨᠢ᠂ ︽ᠦᠪᠦᠷ ᠮᠤᠩᠭᠤᠯ ᠢ ᠤᠯᠤᠰ ᠤᠨ ᠴᠡᠴᠡᠷᠯᠢᠭ ᠤᠨ ᠪᠠᠶᠢᠭᠤᠯᠤᠮᠵᠢ ᠎ ᠶᠢᠨ ᠪᠠᠶᠢᠭᠤᠯᠤᠯᠲᠠ ᠳᠤ ᠤᠷᠤᠭᠤᠯᠬᠤ ᠶᠢ ᠠᠬᠢᠭᠤᠯᠬᠤ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠬᠦᠯᠦᠯᠲᠡ︾᠎ ᠨᠢ ᠤᠯᠤᠰ ᠤᠨ ᠴᠡᠴᠡᠷᠯᠢᠭ ᠤᠨ ᠪᠠᠶᠢᠭᠤᠯᠤᠮᠵᠢ ᠶᠢᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠪᠦᠬᠦ ᠲᠠᠯ᠎ᠠ ᠪᠠᠷ ᠲᠤᠰᠬᠠᠵᠦ᠂ ᠮᠠᠨ ᠤ ᠤᠷᠤᠨ ᠤ ᠳᠠᠪᠠᠭᠤᠯᠢᠭ ᠪᠤᠯᠤᠨ ᠲᠤᠯᠭᠠᠷᠠᠵᠦ ᠪᠠᠶᠢᠭ᠎ᠠ ᠦᠷᠢᠰᠦᠯᠳᠦᠭᠡᠨ ᠳᠤ ᠬᠦᠨᠵᠡᠬᠡᠢ ᠵᠠᠳᠠᠯᠤᠯᠳᠠ ᠬᠢᠵᠤ᠂ ᠮᠠᠨ ᠤ ᠤᠷᠤᠨ ᠤ ᠠᠵᠢᠯ ᠤᠨ ᠠᠷᠭ᠎ᠠ ᠵᠠᠮ ᠪᠤᠯᠤᠨ ᠠᠷᠭ᠎ᠠ ᠪᠠᠷᠢᠯ ᠢ ᠬᠠᠨᠳᠤᠯᠭᠠᠳᠦ ᠴᠢᠨᠠᠷ ᠲᠠᠢ ᠳᠤᠷᠠᠳᠴᠠᠢ᠃ ᠵᠦᠪᠯᠡᠯᠬᠡ ᠬᠢᠬᠦ ᠶᠢ ᠦᠨᠡᠨ ᠬᠦ ᠰᠠᠶᠢᠲᠤᠷ ᠦᠷᠨᠢᠬᠦᠯᠵᠦ᠂ ᠬᠦᠨᠵᠡᠬᠡᠢ ᠵᠠᠳᠠᠯᠤᠯᠳᠠ ᠬᠢᠵᠤ᠂ ᠦᠪᠡᠷᠲᠡᠭᠡᠨ ᠵᠠᠰᠠᠬᠤ ᠤᠷᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠤᠳᠤᠬᠢ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠨᠤᠲᠠᠯᠠᠵᠦ᠂ ᠦᠪᠦᠷ ᠮᠤᠩᠭᠤᠯ ᠢ ᠤᠯᠤᠰ ᠤᠨ ᠴᠡᠴᠡᠷᠯᠢᠭ ᠤᠨ ᠪᠠᠶᠢᠭᠤᠯᠤᠮᠵᠢ ᠳᠤ ᠤᠷᠤᠭᠤᠯᠬᠤ ᠶᠢ ᠠᠬᠢᠭᠤᠯᠬᠤ ᠳᠤ ᠦᠨᠡᠨ ᠬᠦ ᠬᠡᠷᠡᠭᠵᠢᠬᠦᠯᠦᠭᠦᠰᠢᠲᠡᠢ ᠰᠠᠨᠠᠯ ᠰᠠᠨᠠᠭᠤᠯᠭ᠎ᠠ ᠳᠤᠷᠠᠳᠬᠤ ᠬᠡᠷᠡᠭᠲᠡᠢ᠃ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠤᠶᠤᠨ ᠤ ᠬᠦᠮᠦᠷᠭᠡ ᠶᠢ ᠳᠡᠭᠡᠳᠦ ᠳᠡᠰ ᠤᠨ ᠴᠢᠳᠠᠪᠤᠷᠢᠲᠠᠨ ᠎ ᠢ ᠨᠦᠭᠡᠴᠡᠯᠡᠬᠦ ᠤᠶᠤᠨ ᠤ ᠬᠦᠮᠦᠷᠭᠡ ᠪᠤᠯᠭᠠᠵᠦ᠂ ᠲᠤᠰᠬᠠᠢ ᠮᠡᠷᠭᠡᠵᠢᠯ ᠤᠨ ᠬᠢᠷᠢ ᠲᠦᠪᠰᠢᠨ ᠲᠠᠢ ᠳᠡᠭᠡᠳᠦ ᠳᠡᠰ ᠤᠨ ᠰᠤᠳᠤᠯᠭᠠᠨ ᠤ ᠴᠢᠳᠠᠪᠤᠷᠢᠲᠠᠨ ᠢ ᠲᠠᠰᠤᠷᠠᠯᠳᠠ ᠦᠬᠡᠢ ᠰᠤᠩᠭᠤᠨ ᠳᠡᠪᠰᠢᠬᠦᠯᠵᠦ ᠪᠦᠷᠢᠨᠰᠢᠬᠦᠯᠬᠦ ᠬᠡᠷᠡᠭᠲᠡᠢ︔ ᠠᠵᠢᠯᠯᠠᠭᠠᠨ ᠤ ᠬᠠᠮᠢᠶᠠᠷᠤᠯᠲᠠ ᠪᠠᠨ ᠴᠢᠩᠭᠠᠳᠬᠠᠵᠦ᠂ ᠬᠠᠮᠢᠶ᠎ᠠ ᠪᠦᠬᠦᠢ ᠲᠦᠷᠢᠮ ᠢ ᠢᠳᠡᠭ ᠢᠳᠡᠭ ᠢᠶᠠᠷ ᠪᠠᠶᠢᠭᠤᠯᠤᠨ ᠳᠡᠬᠦᠯᠳᠡᠷᠵᠢᠬᠦᠯᠵᠦ᠂ ᠤᠶᠤᠨ ᠤ ᠬᠦᠮᠦᠷᠭᠡ ᠶᠢᠨ ᠬᠦᠭᠵᠢᠯᠲᠡ ᠳᠤ ᠬᠦᠢᠴᠡᠳ ᠪᠠᠲᠤᠯᠠᠭ᠎ᠠ ᠬᠠᠩᠭᠠᠬᠤ ᠬᠡᠷᠡᠭᠲᠡᠢ︔ ᠤᠶᠤᠨ ᠤ ᠬᠦᠮᠦᠷᠭᠡ ᠶᠢᠨ ᠦᠢᠯᠡᠳᠦᠯ ᠴᠢᠳᠠᠪᠬᠢ ᠪᠠᠶᠢᠷᠢ ᠲᠤᠭᠲᠠᠭᠠᠯᠲᠠ ᠶᠢᠨ ᠲᠠᠯ᠎ᠠ ᠪᠠᠷ ᠨᠠᠷᠢᠨ ᠨᠢᠮᠪᠠᠢ ᠲᠦᠰᠦᠪᠯᠡᠵᠤ᠂ ᠤᠶᠤᠨ ᠤ ᠬᠦᠮᠦᠷᠭᠡ ᠶᠢᠨ ᠪᠦᠷᠢᠯᠳᠦᠬᠦᠨ ᠤ ᠲᠤᠰᠬᠠᠢ ᠮᠡᠷᠭᠡᠵᠢᠯ ᠤᠨ ᠳᠠᠪᠠᠭᠤᠯᠢᠭ ᠪᠤᠯᠤᠨ ᠡᠷᠳᠡᠮ ᠰᠢᠨᠵᠢᠯᠡᠬᠡᠨ ᠤ ᠴᠢᠳᠠᠪᠤᠷᠢ ᠶᠢ ᠬᠦᠢᠴᠡᠳ ᠪᠠᠳᠠᠷᠠᠭᠤᠯᠵᠦ᠂ ᠤᠯᠤᠰ ᠲᠦᠷᠦ ᠶᠢᠨ ᠵᠦᠪᠯᠡᠯᠬᠡᠨ ᠤ ᠲᠦᠷᠦ ᠶᠢᠨ ᠪᠤᠳᠤᠯᠭ᠎ᠠ ᠶᠢᠨ ᠳᠡᠮᠵᠢᠯᠬᠡ ᠬᠠᠩᠭᠠᠬᠤ ᠠᠷᠭ᠎ᠠ ᠤᠬᠠᠭᠠᠨ ᠳᠡᠪᠰᠢᠬᠦᠯᠬᠦ ᠴᠢᠨᠠᠷ ᠴᠢᠨᠰᠠᠭ᠎ᠠ ᠪᠤᠯᠤᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠬᠦᠯᠵᠦ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠵᠢᠯ ᠎ ᠢ ᠴᠤ᠋ ᠰᠢᠨ᠎ᠠ ᠦᠨᠳᠦᠷᠴᠡ ᠳᠤ ᠬᠦᠷᠭᠡᠬᠦ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠡᠢ᠃      ᠯᠢ ᠵᠢᠶᠠ ᠴᠢᠬᠤᠯᠠᠴᠢᠯᠠᠭᠰᠠᠨ ᠨᠢ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠤᠢᠢᠷ᠎ᠠ ᠶᠢᠨ ᠬᠤᠭᠤᠴᠠᠭᠠᠨ ᠳᠤ ᠵᠠᠰᠠᠪᠤᠷᠢ ᠤᠷᠤᠭᠤᠯᠤᠬᠰᠠᠨ ᠲᠦᠷᠢᠮ ᠤᠳ ᠢ ᠦᠨᠳᠦᠰᠦᠯᠡᠵᠦ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠬᠠᠮᠢᠶ᠎ᠠ ᠪᠦᠬᠦᠢ ᠠᠵᠢᠯ ᠤᠨ ᠳᠦᠷᠢᠮ ᠳᠤ ᠡᠷᠲᠡᠭᠡᠨ ᠵᠠᠰᠠᠪᠤᠷᠢ ᠤᠷᠤᠭᠤᠯᠵᠦ ᠳᠡᠬᠦᠯᠳᠡᠷᠵᠢᠬᠦᠯᠬᠦ ᠶᠢᠨ ᠬᠠᠮᠳᠦ ᠳᠠᠷᠤᠮᠠᠯᠯᠠᠨ ᠲᠠᠷᠠᠬᠭᠠᠵᠦ ᠬᠡᠷᠡᠭᠵᠢᠬᠦᠯᠬᠦ ᠬᠡᠷᠡᠭᠲᠡᠢ᠃ ᠡᠯ᠎ᠡ ᠵᠦᠢᠯ ᠤᠨ ᠲᠦᠷᠢᠮ ᠤᠨ ᠲᠤᠭᠤᠰᠢᠯᠠᠭᠤᠯᠤᠯᠲᠠ ᠬᠡᠷᠡᠭᠵᠢᠬᠦᠯᠦᠯᠲᠡ ᠶᠢ ᠦᠨᠡᠨ ᠬᠦ ᠰᠠᠶᠢᠲᠤᠷ ᠠᠳᠬᠤᠵᠦ᠂ ᠰᠠᠬᠢᠯᠭ᠎ᠠ ᠪᠠᠲᠦ ᠶᠢ ᠵᠢᠷᠤᠮᠯᠠᠬᠰᠠᠨ᠂ ᠶᠤᠰᠤ ᠵᠢᠷᠤᠮ ᠢ ᠡᠷᠬᠢᠮᠯᠡᠭᠰᠡᠨ᠂ ᠲᠦᠷᠢᠮ ᠲᠤᠭᠲᠠᠭᠠᠯ ᠢ ᠴᠢᠩᠭ᠎ᠠ ᠰᠠᠬᠢᠬᠰᠠᠨ ᠬᠡᠷᠡᠭ ᠰᠢᠢᠳᠪᠦᠷᠢᠯᠡᠬᠦ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ᠃ ᠤᠯᠤᠰ ᠲᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠲᠦᠷᠪᠡᠳᠦᠬᠡᠷ ᠤᠳᠠᠭ᠎ᠠ ᠶᠢᠨ ᠬᠤᠷᠠᠯ ᠪᠤᠯᠤᠨ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠢ ᠨᠠᠷᠢᠨ ᠨᠢᠮᠪᠠᠢ ᠰᠠᠶᠢᠲᠤᠷ ᠪᠠᠯᠡᠳᠭᠡᠵᠦ᠂ ᠬᠤᠷᠠᠯ ᠤᠨ ᠴᠢᠨᠠᠷ ᠴᠢᠨᠰᠠᠭ᠎ᠠ᠂ ᠬᠢᠷᠢ ᠲᠦᠪᠰᠢᠨ ᠪᠤᠯᠤᠨ ᠪᠤᠳᠠᠳᠦ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠬᠦᠯᠬᠦ ᠬᠡᠷᠡᠭᠲᠡᠢ᠃ ᠤᠯᠤᠰ ᠲᠦᠷᠦ ᠎ ᠶᠢᠨ ᠵᠦᠪᠯᠡᠯᠬᠡᠨ ᠤ ᠡᠯ᠎ᠡ ᠲᠤᠰᠬᠠᠢ ᠵᠦᠪᠯᠡᠯ᠂ ᠪᠠᠶᠢᠭᠤᠯᠭ᠎ᠠ ᠶᠢᠨ ᠡᠯ᠎ᠡ ᠬᠡᠯᠲᠡᠰ ᠤᠳ ᠠᠵᠢᠯ ᠤᠨ ᠡᠬᠢᠨ ᠤ ᠠᠵᠢᠯ ᠎ ᠤᠨ ᠭᠤᠣᠯᠳᠠᠯᠭ᠎ᠠ ᠪᠤᠯᠤᠨ ᠬᠠᠷᠠᠯᠲᠠ ᠡᠬᠦᠷᠭᠡ ᠲᠠᠢ ᠬᠠᠷᠠᠭᠠᠯᠵᠠᠭᠤᠯᠵᠦ᠂ ᠲᠦᠷᠦᠯ ᠵᠦᠢᠯ ᠳᠠᠷᠠᠭᠠᠯᠠᠨ ᠪᠦᠷᠢᠳᠭᠡᠵᠦ᠂ ᠣᠨ ᠤ ᠰᠡᠬᠦᠯ ᠬᠤᠷᠢᠶᠠᠬᠤ ᠠᠵᠢᠯ ᠪᠤᠯᠤᠨ ᠳ᠋ᠦᠩᠨᠡᠯᠲᠡ ᠶᠢᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠳᠠᠷᠠᠭ᠎ᠠ ᠵᠢᠯ ᠤᠨ ᠡᠯ᠎ᠡ ᠵᠦᠢᠯ ᠤᠨ ᠠᠵᠢᠯ ᠢᠶᠠᠨ ᠰᠠᠶᠢᠲᠤᠷ ᠲᠦᠰᠦᠪᠯᠡᠬᠦ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号