ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠠᠯᠪᠠᠨ ᠭᠡᠷ
ᠨᠡᠶᠢᠲᠡᠯᠡᠭᠰᠡᠨ ᠴᠠᠭ᠄
2018-12-11
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠢᠯᠢ ᠶᠢᠨ ᠪᠣᠭᠤᠮᠲᠠ ᠶᠢᠨ ᠠᠯᠪᠠᠨ ᠭᠡᠷ᠄      ᠬᠢᠯᠢ ᠶᠢᠨ ᠪᠣᠭᠤᠮᠲᠠ ᠶᠢᠨ ᠠᠯᠪᠠᠨ ᠭᠡᠷ ᠤᠨ ᠳᠣᠣᠷ᠎ᠠ ᠪᠣᠭᠤᠮᠲᠠ ᠶᠢᠨ ᠨᠢᠭᠡᠳᠦᠭᠡᠷ ᠭᠠᠵᠠᠷ᠂ ᠪᠣᠭᠤᠮᠲᠠ ᠶᠢᠨ ᠬᠤᠶᠠᠳᠤᠭᠠᠷ ᠭᠠᠵᠠᠷ᠂ ᠪᠣᠭᠤᠮᠲᠠ ᠶᠢᠨ ᠭᠤᠷᠪᠠᠳᠤᠭᠠᠷ ᠭᠠᠵᠠᠷ ᠵᠡᠷᠭᠡ ᠭᠤᠷᠪᠠᠨ ᠭᠠᠵᠠᠷ ᠲᠣᠬᠢᠷᠠᠭᠤᠯᠪᠠ᠃      ᠪᠣᠭᠤᠮᠲᠠ ᠶᠢᠨ ᠨᠢᠭᠡᠳᠦᠭᠡᠷ ᠭᠠᠵᠠᠷ ᠤᠨ ᠡᠭᠦᠷᠭᠡ ᠬᠠᠷᠢᠭᠤᠴᠠᠯᠭ᠎ᠠ᠄      ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠠᠵᠢᠯ ᠤᠨ ᠲᠤᠬᠠᠶ ᠲᠦᠷᠦ ᠶᠢᠨ ᠪᠤᠳᠤᠯᠭ᠎ᠠ ᠶᠢ ᠰᠣᠳᠣᠯᠬᠤ ᠪᠠ ᠳᠤᠷᠠᠳᠤᠨ ᠭᠠᠷᠭᠠᠬᠤ ᠶᠢ ᠬᠠᠷᠢᠭᠤᠴᠠᠨ᠎ᠠ︔      ᠣᠷᠣᠨ ᠨᠤᠲᠤᠭ ᠤᠨ ᠵᠠᠰᠠᠭ ᠤᠨ ᠣᠷᠳᠣᠨ ᠤ ᠬᠢᠯᠢ ᠶᠢᠨ ᠪᠣᠭᠤᠮᠲᠠ ᠶᠢᠨ ᠠᠵᠢᠯ ᠤᠨ ᠬᠤᠯᠪᠣᠭᠳᠠᠯ ᠪᠦᠬᠦᠢ ᠬᠡᠷᠡᠭ ᠶᠠᠪᠤᠳᠠᠯ ᠢ ᠬᠠᠷᠢᠯᠴᠠᠬᠤ ᠪᠠ ᠵᠢᠯᠣᠭᠤᠳᠤᠨ᠎ᠠ︔      ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠠᠵᠢᠯ ᠤᠨ ᠠᠯᠪᠠᠨ ᠭᠡᠷ ᠤᠨ ᠡᠯ᠎ᠡ ᠲᠦᠷᠦᠯ ᠤᠨ ᠠᠯᠪᠠᠨ ᠠᠵᠢᠯ ᠤᠨ ᠶᠡᠷᠦᠩᠬᠡᠶᠢᠯᠡᠭᠰᠡᠨ ᠬᠡᠷᠡᠭ ᠶᠠᠪᠤᠳᠠᠯ ᠢ ᠬᠠᠷᠢᠭᠤᠴᠠᠨ᠎ᠠ︔      ᠬᠢᠯᠢ ᠶᠢᠨ ᠪᠣᠭᠤᠮᠲᠠ ᠪᠠᠷ ᠦᠩᠭᠡᠷᠡᠬᠦ ᠲᠤᠭ᠎ᠠ ᠪᠠᠷᠢᠮᠲᠠ᠂ ᠲᠤᠭ᠎ᠠ ᠪᠦᠷᠢᠳᠬᠡᠯ ᠢ ᠬᠤᠷᠢᠶᠠᠩᠭᠤᠶᠢᠯᠠᠬᠤ ᠪᠠ ᠮᠡᠳᠡᠭᠳᠡᠬᠦ ᠠᠵᠢᠯ ᠢ ᠬᠠᠷᠢᠭᠤᠴᠠᠨ᠎ᠠ︔      ᠬᠢᠯᠢ ᠶᠢᠨ ᠪᠣᠭᠤᠮᠲᠠ ᠶᠢᠨ ᠠᠵᠤ ᠠᠬᠤᠢ ᠶᠢ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ︔      ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠢᠯ ᠢ ᠵᠣᠬᠢᠴᠠᠭᠤᠯᠵᠤ᠂ ᠤᠯᠤᠰ ᠤᠨ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠠᠯᠪᠠᠨ ᠬᠡᠷ ᠤᠨ ᠬᠤᠯᠪᠣᠭᠳᠠᠯ ᠪᠥᠬᠦᠶ ᠭᠠᠵᠠᠷ ᠠᠯᠪᠠᠨ ᠭᠡᠷ ᠯᠦᠭᠡ ᠠᠵᠢᠯ ᠢᠶᠠᠨ ᠵᠣᠯᠭᠠᠭᠤᠯᠬᠤ ᠶᠢ ᠬᠠᠷᠢᠭᠤᠴᠠᠨ᠎ᠠ᠃      ᠪᠣᠭᠤᠮᠲᠠ ᠶᠢᠨ ᠬᠤᠶᠠᠳᠤᠭᠠᠷ ᠭᠠᠵᠠᠷ ᠤᠨ ᠡᠭᠦᠷᠭᠡ ᠬᠠᠷᠢᠭᠤᠴᠠᠯᠭ᠎ᠠ᠄      ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠪᠣᠭᠤᠮᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ︔      ᠬᠢᠯᠢ ᠶᠢᠨ ᠪᠣᠭᠤᠮᠲᠠ ᠶᠢᠨ ᠪᠦᠳᠦᠭᠡᠨ ᠪᠠᠶᠢᠭᠤᠯᠤᠯᠲᠠ ᠬᠢᠭᠡᠳ ᠥᠭᠡᠷᠡᠴᠢᠯᠡᠨ ᠪᠠᠶᠢᠭᠤᠯᠬᠤ ᠪᠠ ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔      ᠬᠢᠯᠢ ᠶᠢᠨ ᠪᠣᠭᠤᠮᠲᠠ ᠶᠢᠨ ᠨᠡᠭᠡᠭᠡᠯᠲᠡ ᠬᠢᠬᠦ ᠪᠠ ᠲᠦᠷ ᠴᠠᠭ ᠤᠨ ᠨᠡᠭᠡᠭᠡᠯᠲᠡ ᠬᠢᠬᠦ᠂ ᠰᠢᠨ᠎ᠡ ᠠᠶᠠᠯᠠᠯ ᠤᠨ ᠱᠤᠭᠤᠮ ᠨᠡᠭᠡᠭᠡᠬᠦ ᠶᠢ ᠬᠢᠨᠠᠨ ᠬᠠᠷᠭᠤᠭᠤᠯᠬᠤ᠂ ᠳᠡᠭᠡᠭᠰᠢ ᠮᠡᠳᠡᠭᠦᠯᠬᠦ᠂ ᠰᠢᠯᠭᠠᠨ ᠠᠪᠬᠤ᠂ ᠬᠢᠯᠢ ᠶᠢᠨ ᠪᠣᠭᠤᠮᠲᠠ ᠶᠢ ᠬᠠᠭᠠᠬᠤ ᠶᠢ ᠬᠢᠨᠠᠨ ᠬᠠᠷᠭᠤᠭᠤᠯᠬᠤ᠂ ᠳᠡᠭᠡᠭᠰᠢ ᠮᠡᠳᠡᠭᠦᠯᠬᠦ ᠠᠵᠢᠯ ᠢ ᠬᠠᠷᠢᠭᠤᠴᠠᠨ᠎ᠠ︔      ᠤᠯᠤᠰ ᠤᠨ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠠᠯᠪᠠᠨ ᠬᠡᠷ ᠤᠨ ᠬᠤᠯᠪᠣᠭᠳᠠᠯ ᠪᠥᠬᠦᠶ ᠭᠠᠵᠠᠷ ᠭᠡᠷ ᠯᠦᠭᠡ ᠠᠵᠢᠯ ᠢᠶᠠᠨ ᠵᠣᠯᠭᠠᠭᠤᠯᠤᠨ᠎ᠠ᠃      ᠪᠣᠭᠤᠮᠲᠠ ᠶᠢᠨ ᠭᠤᠷᠪᠠᠳᠤᠭᠠᠷ ᠭᠠᠵᠠᠷ ᠤᠨ ᠡᠭᠦᠷᠭᠡ ᠬᠠᠷᠢᠭᠤᠴᠠᠯᠭ᠎ᠠ᠄      ᠬᠢᠯᠢ ᠶᠢᠨ ᠪᠣᠭᠤᠮᠲᠠ ᠶᠢᠨ ᠪᠠᠶᠢᠴᠠᠭᠠᠨ ᠰᠢᠯᠭᠠᠬᠤ ᠨᠢᠭᠡᠴᠢ ᠶᠢᠨ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠭ᠎ᠠ ᠪᠠᠶᠢᠳᠠᠯ ᠳᠤ ᠬᠢᠨᠠᠨ ᠬᠢᠨᠠᠯᠲᠠ ᠲᠠᠯᠪᠢᠬᠤ ᠪᠠ ᠪᠠᠶᠢᠴᠠᠭᠠᠵᠤ᠂ ᠪᠥᠬᠦ ᠣᠷᠣᠨ ᠤ ᠬᠢᠯᠢ ᠶᠢᠨ ᠪᠣᠭᠤᠮᠲᠠ ᠶᠢᠨ ᠶᠡᠷᠦᠩᠬᠡᠶᠢᠯᠡᠨ ᠵᠣᠬᠢᠴᠠᠭᠤᠯᠬᠤ ᠠᠵᠢᠯ ᠪᠠ ᠲᠤᠬᠠᠶᠢᠯᠠᠭᠰᠠᠨ ᠠᠵᠢᠯ ᠢ ᠵᠢᠯᠣᠭᠤᠳᠬᠤ ᠪᠠ ᠬᠠᠷᠢᠭᠤᠴᠠᠨ᠎ᠠ︔      ᠬᠢᠯᠢ ᠶᠢᠨ ᠪᠣᠭᠤᠮᠲᠠ ᠪᠠᠷ ᠦᠩᠭᠡᠷᠡᠬᠦ ᠶᠠᠪᠤᠴᠠ ᠳᠠᠬᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠢᠯ ᠤᠨ ᠬᠠᠷᠢᠴᠠᠭ᠎ᠠ ᠵᠢᠴᠢ ᠬᠠᠮᠲᠤᠷᠠᠯᠴᠠᠭ᠎ᠠ ᠶᠢ ᠵᠣᠬᠢᠴᠠᠭᠤᠯᠬᠤ ᠪᠠ ᠠᠬᠢᠭᠤᠯᠤᠨ᠎ᠠ︔      ᠡᠶ᠎ᠡ ᠵᠣᠬᠢᠴᠠᠩᠭᠤᠢ ᠬᠢᠯᠢ ᠶᠢᠨ ᠪᠣᠭᠤᠮᠲᠠ ᠶᠢ ᠬᠠᠮᠲᠤ ᠪᠠᠷ ᠪᠠᠶᠢᠭᠤᠯᠬᠤ ᠠᠵᠢᠯ ᠢ ᠲᠦᠯᠬᠢᠨ ᠠᠬᠢᠭᠤᠯᠤᠨ᠎ᠠ︔      ᠤᠯᠠᠨ ᠤᠯᠤᠰ ᠤᠨ ᠬᠠᠮᠲᠤᠷᠠᠯᠴᠠᠭ᠎ᠠ ᠬᠢᠬᠦ ᠪᠠ ᠭᠠᠳᠠᠭᠠᠳᠤ ᠯᠦᠭᠡ ᠬᠡᠯᠡᠯᠴᠡᠭᠡ ᠬᠢᠬᠦ ᠶᠢ ᠵᠣᠬᠢᠶᠠᠨ ᠪᠠᠶᠢᠭᠤᠯᠤᠨ᠎ᠠ︔      ᠤᠯᠤᠰ ᠤᠨ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠠᠯᠪᠠᠨ ᠬᠡᠷ ᠤᠨ ᠬᠤᠯᠪᠣᠭᠳᠠᠯ ᠪᠥᠬᠦᠶ ᠭᠠᠵᠠᠷ ᠭᠡᠷ ᠯᠦᠭᠡ ᠠᠵᠢᠯ ᠢᠶᠠᠨ ᠵᠣᠯᠭᠠᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号