ᠮᠠᠨᠵᠤᠤᠷ ᠬᠤᠲᠠ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠢᠨᠠᠨ ᠵᠥᠪᠰᠢᠶᠡᠷᠡᠬᠦ ᠠᠵᠢᠯ ︽ᠴᠠᠭᠠᠰᠤ ᠦᠭᠡᠶᠢᠵᠢᠭᠦᠯᠦᠭᠰᠡᠨ ᠴᠠᠭ ᠦᠶ᠎ᠡ︾ ᠳᠤ ᠣᠷᠣᠪᠠ
ᠨᠡᠶᠢᠲᠡᠯᠡᠭᠰᠡᠨ ᠴᠠᠭ᠄
2018/12/11
     ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠡᠳᠡᠭᠡ ᠵᠠᠩᠭᠢᠴᠢᠯᠠᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠢᠨᠠᠨ ᠬᠠᠷᠭᠤᠭᠤᠯᠬᠤ᠂ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠦᠨ ᠳᠥᠭᠦᠮᠴᠢᠯᠡᠵᠦ᠂ ᠭᠤᠶᠤᠴᠢᠯᠠᠬᠤ ᠮᠠᠲ᠋ᠧᠷᠢᠶᠠᠯ ᠣᠯᠠᠨ᠂ ᠬᠢᠨᠠᠨ ᠵᠥᠪᠰᠢᠶᠡᠷᠡᠬᠦ ᠴᠠᠭ ᠨᠢ ᠣᠷᠳᠣ᠂ ᠴᠠᠭᠠᠰᠤᠨ ᠳᠠᠩᠰᠠ ᠡᠪᠬᠡᠮᠡᠯ ᠢ ᠡᠷᠢᠬᠦ ᠳᠤ ᠳᠥᠭᠦᠮ ᠦᠭᠡᠢ ᠪᠠᠶᠢᠬᠤ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢᠨ ᠲᠥᠯᠥᠭᠡ᠂ ᠵᠢᠯ ᠤᠨ ᠡᠬᠢᠨ ᠠᠴᠠ ᠨᠠᠭᠠᠰᠢ᠂ ᠮᠠᠨᠵᠤᠤᠷ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ︽ᠢᠨᠲ᠋ᠧᠷ ᠰᠦᠯᠵᠢᠶ᠎ᠡ + ᠨᠡᠶᠢᠭᠡᠮ ᠤᠨ ᠠᠪᠤᠷᠠᠨ ᠲᠤᠰᠠᠯᠠᠯᠲᠠ︾ ᠶᠢᠨ ᠰᠡᠳᠬᠢᠬᠦᠶ ᠶᠢ ᠭᠦᠢᠴᠡᠳ ᠠᠰᠢᠭᠯᠠᠨ᠂ ᠮᠡᠳᠡᠭᠡ ᠵᠠᠩᠭᠢᠴᠢᠯᠠᠯᠲᠠ ᠶᠢᠨ ᠠᠷᠭ᠎ᠠ ᠪᠠᠷᠢᠯ ᠢ ᠬᠡᠷᠡᠭᠯᠡᠨ᠂ ᠢᠨᠲ᠋ᠧᠷ ᠰᠦᠯᠵᠢᠶ᠎ᠡ ᠶᠢ ᠨᠡᠶᠢᠭᠡᠮ ᠤᠨ ᠠᠪᠤᠷᠠᠨ ᠲᠤᠰᠠᠯᠠᠬᠤ ᠠᠵᠢᠯ ᠯᠤᠭ᠎ᠠ ᠶᠢᠨ ᠭᠦᠨᠵᠡᠭᠡᠢ ᠠᠭᠤᠰᠤᠯᠴᠠᠯ ᠢ ᠪᠦᠲᠦᠮᠵᠢᠲᠡᠢ ᠠᠬᠢᠭᠤᠯᠵᠤ᠂ ᠲᠤᠭ᠎ᠠ ᠪᠠᠷᠢᠮᠲᠠ ᠶᠢ ︽ᠢᠯᠡᠭᠦᠬᠡᠨ ᠭᠦᠶᠦᠯᠭᠡᠵᠦ︾᠂ ᠬᠦᠴᠢᠷᠳᠡᠯᠲᠡᠢ ᠤᠯᠠᠨ ᠲᠦᠮᠡᠨ ᠢ ︽ᠳᠤᠲᠠᠭᠤ ᠬᠦᠶᠦᠯᠭᠡᠬᠦ ᠪᠤᠶᠤ ᠬᠦᠶᠦᠯᠭᠡᠬᠦ ᠦᠭᠡᠢ︾ ᠪᠠᠶᠢᠯᠭᠠᠬᠤ ᠶᠢ ᠪᠡᠶᠡᠯᠡᠭᠦᠯᠪᠡ᠃      ᠴᠠᠭᠠᠰᠤ ᠦᠭᠡᠶᠢᠵᠢᠭᠦᠯᠦᠨ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠨᠢ ᠵᠠᠪᠰᠠᠷ ᠤᠨ ᠵᠠᠩᠭᠢᠯᠠᠭ᠎ᠠ ᠠᠴᠠ ᠪᠦᠲᠦᠮᠵᠢᠲᠡᠶ ᠪᠠᠷ ᠵᠠᠶᠢᠯᠠᠵᠤ ᠴᠢᠳᠠᠭᠰᠠᠨ ᠪᠦᠭᠡᠳ ᠪᠠᠰᠠ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ ᠤᠨ ᠡᠯᠧᠺᠲᠷᠣᠨ ᠳᠠᠩᠰᠠ ᠡᠪᠬᠡᠮᠡᠯ ᠢ ᠳᠦᠭᠦᠮ ᠲᠦᠷᠭᠡᠨ ᠪᠠᠶᠢᠴᠠᠭᠠᠨ ᠯᠠᠪᠯᠠᠵᠤ ᠴᠢᠳᠠᠬᠤ ᠪᠣᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠣᠨᠣᠪᠴᠢᠲᠤ ᠴᠢᠨᠠᠷ ᠪᠠ ᠨᠠᠷᠢᠯᠢᠭ ᠴᠢᠨᠠᠷ ᠢ ᠮᠠᠭᠠᠳᠯᠠᠨ ᠲᠣᠭᠲᠠᠭᠠᠬᠤ ᠶᠢ ᠳᠡᠭᠡᠭᠰᠢᠯᠡᠭᠦᠯᠦᠨ᠂ ᠬᠦᠴᠢᠷᠳᠡᠯᠲᠡᠶ ᠣᠯᠠᠨ ᠲᠦᠮᠡᠨ ᠳᠤ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡ ᠲᠤᠯᠭᠠᠨ ᠬᠦᠷᠲᠡᠭᠡᠬᠦ ᠶᠢ ᠪᠡᠶᠡᠯᠡᠭᠦᠯᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号