ᠥᠪᠥᠷ ᠮᠣᠩᠭᠤᠯ ᠤᠨ ᠠᠩᠬᠠᠳᠠᠭᠴᠢ PPP ᠰᠦᠢᠳᠬᠡᠯ ᠬᠤᠷᠢᠶᠠᠬᠤ ᠵᠠᠰᠠᠮᠠᠯ ᠵᠠᠮ ᠤᠨ ᠲᠥᠷᠥᠯ ᠵᠦᠢᠯ ᠪᠦᠬᠦ ᠱᠤᠭᠤᠮ ᠢᠶᠠᠷ ᠲᠡᠷᠭᠡ ᠨᠡᠪᠲᠡᠷᠡᠪᠡ
ᠨᠡᠶᠢᠲᠡᠯᠡᠭᠰᠡᠨ ᠴᠠᠭ᠄
2018/12/12
     ᠥᠪᠥᠷ ᠮᠣᠩᠭᠤᠯ ᠤᠨ ᠠᠩᠬᠠᠳᠠᠭᠴᠢ PPP ᠰᠦᠢᠳᠬᠡᠯ ᠬᠤᠷᠢᠶᠠᠬᠤ ᠵᠠᠰᠠᠮᠠᠯ ᠵᠠᠮ ᠤᠨ ᠲᠦᠷᠦᠯ ᠵᠦᠢᠯ — 303 ᠤᠯᠤᠰ ᠤᠨ ᠵᠠᠮ ᠤᠨ ᠹᠧᠩ ᠬᠤᠸᠠᠩ ᠯᠢᠩ ᠠᠴᠠ ᠴᠢᠪᠠᠭ᠎ᠠ ᠬᠦᠷᠲᠡᠯᠡᠬᠢ ᠬᠡᠰᠡᠭ ᠤᠷᠴᠢᠮᠬᠠᠨ ᠪᠦᠬᠦ ᠱᠤᠭᠤᠮ ᠢᠶᠠᠷ ᠲᠡᠷᠭᠡ ᠨᠡᠪᠲᠡᠷᠡᠪᠡ᠃      ᠣᠶᠢᠯᠠᠭᠠᠭᠰᠠᠨ ᠢᠶᠠᠷ᠂ ᠲᠤᠰ ᠲᠦᠷᠦᠯ ᠵᠦᠢᠯ ᠨᠢ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠤ ᠬᠢᠯᠢ ᠳᠣᠲᠣᠷ᠎ᠠ ᠪᠠᠶᠢᠵᠤ᠂ 2016 ᠣᠨ ᠤ 9 ᠳ᠋ᠦ᠋ᠭᠡᠷ ᠰᠠᠷ᠎ᠠ ᠠᠴᠠ ᠡᠬᠢᠯᠡᠨ ᠪᠦᠲᠦᠭᠡᠨ ᠪᠠᠶᠢᠭᠤᠯᠵᠤ᠂ ᠠᠷᠤ ᠬᠤᠷᠴᠢᠨ ᠬᠤᠰᠢᠭᠤ ᠪᠤᠯᠤᠨ ᠲᠦᠩᠯᠢᠶᠣᠤ ᠬᠤᠲᠠ ᠶᠢᠨ ᠺᠠᠶᠢᠯᠦ ᠰᠢᠶᠠᠨ ᠤ ᠠᠭᠤᠯᠵᠠᠭᠤᠷ ᠬᠡᠰᠡᠭ ᠠᠴᠠ ᠡᠬᠢ ᠠᠪᠴᠦ᠂ ᠨᠢᠭᠡᠨᠲᠡ ᠪᠠᠶᠢᠭᠤᠯᠤᠭᠰᠠᠨ ᠲᠦᠩᠯᠢᠶᠣᠤ ᠬᠡᠰᠡᠭ ᠤᠨ 303 ᠤᠯᠤᠰ ᠤᠨ ᠵᠠᠮ ᠤᠨ ᠨᠢᠭᠡᠳᠦᠭᠡᠷ ᠳᠡᠰ ᠤᠨ ᠵᠠᠰᠠᠮᠠᠯ ᠵᠠᠮ ᠲᠠᠢ ᠵᠠᠯᠭᠠᠯᠳᠤᠵᠤ᠂ ᠲᠡᠭᠦᠰᠬᠡᠯ ᠨᠢ ᠪᠠᠭᠠᠷᠢᠨ ᠵᠡᠭᠦᠨ ᠬᠤᠰᠢᠭᠤᠨ ᠤ ᠬᠢᠯᠢ ᠳᠣᠲᠣᠷᠠᠬᠢ 303 ᠤᠯᠤᠰ ᠤᠨ ᠵᠠᠮ ᠲᠠᠢ ᠵᠠᠯᠭᠠᠯᠳᠤᠵᠤ᠂ ᠪᠦᠬᠦ ᠣᠷᠳᠣ ᠨᠢ 118 ᠺᠢᠯᠣᠮᠧᠲᠷ ᠪᠠᠶᠢᠳᠠᠭ᠃      ᠲᠤᠰ ᠲᠦᠷᠦᠯ ᠵᠦᠢᠯ ᠪᠣᠯ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢᠨ ᠬᠦᠷᠢᠶ᠎ᠡ ᠳᠠᠬᠢ ᠵᠠᠰᠠᠭ ᠤᠨ ᠣᠷᠳᠣᠨ ᠪᠤᠯᠤᠨ ᠨᠡᠶᠢᠭᠡᠮ ᠤᠨ ᠬᠦᠷᠦᠩᠭᠡ ᠶᠢᠨ ᠬᠠᠮᠲᠤᠷᠠᠯᠴᠠᠭᠠᠨ ᠤ ᠠᠷᠭ᠎ᠠ ᠬᠡᠯᠪᠡᠷᠢ ᠪᠠᠷ ᠪᠠᠶᠢᠭᠤᠯᠤᠭᠰᠠᠨ PPP ᠰᠦᠢᠳᠬᠡᠯ ᠬᠤᠷᠢᠶᠠᠬᠤ ᠵᠠᠰᠠᠮᠠᠯ ᠵᠠᠮ ᠤᠨ ᠲᠥᠷᠥᠯ ᠵᠦᠢᠯ ᠪᠤᠯᠤᠨ᠎ᠠ᠂ ᠨᠡᠶᠢᠲᠡ 22.32 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠠᠢ᠂ ᠡᠭᠦᠨ ᠳᠤ ᠳᠡᠭᠡᠳᠦ ᠱᠠᠲᠤᠨ ᠤ ᠨᠥᠬᠦᠪᠥᠷᠢ ᠪᠡᠯᠡ ᠣᠷᠣᠭᠤᠯᠤᠯᠲᠠ 6.69 ᠳ᠋ᠦᠩᠰᠢᠭᠤᠷ ᠲᠥᠭᠦᠷᠢᠭ ᠪᠠᠶᠢᠵᠤ᠂ ᠪᠤᠰᠤᠳ ᠪᠠᠯᠠ ᠮᠥᠩᠭᠦ ᠶᠢ ᠨᠡᠶᠢᠭᠡᠮ ᠤᠨ ᠬᠥᠷᠥᠩᠭᠡ ᠶᠢᠨ ᠲᠠᠯ᠎ᠠ ᠶᠢᠨ ᠬᠢᠨ ᠥᠪᠡᠷ ᠢᠶᠠᠨ ᠴᠤᠭᠯᠠᠭᠤᠯᠵᠤ ᠰᠢᠢᠳᠪᠦᠷᠢᠯᠡᠵᠡᠢ᠃      303 ᠤᠯᠤᠰ ᠤᠨ ᠵᠠᠮ ᠪᠣᠯ ᠤᠯᠤᠰ ᠤᠨ ᠵᠡᠭᠦᠨ ᠬᠤᠶᠢᠲᠤ ᠤᠷᠤᠨ ᠤ ᠬᠡᠪᠡᠯᠢ ᠭᠠᠵᠠᠷ ᠪᠣᠯᠤᠨ ᠤᠮᠠᠷᠠᠲᠤ ᠣᠷᠣᠨ ᠤ ᠬᠢᠯᠢ ᠬᠢᠵᠠᠭᠠᠷ ᠤᠨ ᠵᠠᠮ ᠲᠡᠭᠡᠭᠡᠪᠦᠷᠢ ᠶᠢᠨ ᠠᠮᠢᠨ ᠰᠤᠳᠠᠰᠤ ᠶᠤᠮ᠂ ᠬᠢᠷᠢᠨ ᠮᠤᠵᠢ ᠶᠢᠨ ᠵᠢᠶ ᠠᠨ ᠠᠴᠠ ᠡᠬᠢ ᠠᠪᠴᠤ᠂ ᠥᠪᠥᠷ ᠮᠣᠩᠭᠤᠯ ᠤᠨ ᠠᠪᠠᠭ᠎ᠠ ᠬᠤᠰᠢᠭᠤ ᠳᠤ ᠲᠡᠭᠦᠰᠴᠦ᠂ ᠭᠢᠷᠢᠨ ᠮᠤᠵᠢ᠂ ᠯᠢᠶᠣᠤᠨᠢᠩ᠂ ᠥᠪᠥᠷ ᠮᠤᠩᠭᠤᠯ ᠢ ᠰᠤᠨᠳᠠᠯᠠᠵᠤ ᠪᠠᠶᠢᠳᠠᠭ᠃ ᠤᠯᠠᠭᠠᠨᠬᠠᠳᠠ ᠶᠢᠨ ᠬᠢᠯᠢ ᠳᠠᠬᠢ᠂ 303 ᠤᠯᠤᠰ ᠤᠨ ᠵᠠᠮ ᠨᠢ ᠤᠯᠠᠭᠠᠨᠬᠠᠳᠠ ᠬᠤᠲᠠ ᠶᠢᠨ ᠬᠤᠶᠢᠲᠤ ᠪᠡᠶ᠎ᠡ ᠶᠢᠨ 5 ᠬᠤᠰᠢᠭᠤ ᠰᠢᠶᠠᠨ ᠢ ᠲᠤᠭᠤᠯᠵᠤ᠂ ᠵᠡᠭᠦᠨᠰᠢ ᠪᠠᠨ ᠲᠦᠩᠯᠢᠶᠣᠤ ᠬᠤᠲᠠ ᠲᠠᠢ ᠵᠠᠯᠭᠠᠯᠳᠤᠵᠤ᠂ ᠰᠢᠯᠢ ᠶᠢᠨ ᠭᠤᠤᠯ ᠠᠶᠢᠮᠠᠭ ᠲᠤ ᠨᠡᠪᠲᠡᠷᠡᠵᠦ᠂ ᠲᠤᠰ ᠭᠠᠵᠠᠷ ᠤᠨ ᠬᠠᠮᠤᠭ ᠴᠢᠬᠤᠯᠠ ᠵᠡᠭᠦᠨ ᠪᠠᠷᠠᠭᠤᠨ ᠢ ᠬᠤᠯᠪᠤᠭᠰᠠᠨ ᠶᠡᠭᠡ ᠵᠠᠮ ᠪᠤᠯᠤᠨ᠎ᠠ᠃ ᠲᠤᠰ ᠲᠦᠷᠦᠯ ᠵᠦᠢᠯ ᠤᠨ ᠪᠠᠶᠢᠭᠤᠯᠤᠭᠳᠠᠭᠰᠠᠨ ᠨᠢ᠂ ᠤᠯᠠᠭᠠᠨᠬᠠᠳᠠ ᠬᠤᠲᠠ ᠶᠢᠨ ᠤᠯᠤᠰ ᠪᠠ ᠮᠤᠵᠢ ᠶᠢᠨ ᠭᠤᠣᠯ ᠱᠤᠭᠤᠮ ᠤᠨ ᠵᠠᠰᠠᠮᠠᠯ ᠵᠠᠮ ᠤᠨ ᠲᠣᠣᠷ ᠤᠨ ᠪᠦᠲᠦᠴᠡ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠣᠷᠣᠨ ᠪᠦᠰᠡ ᠶᠢᠨ ᠵᠠᠮ ᠲᠡᠭᠡᠭᠡᠪᠦᠷᠢ ᠶᠢᠨ ᠨᠥᠬᠦᠴᠡᠯ ᠢ ᠰᠠᠶᠢᠵᠢᠷᠠᠭᠤᠯᠬᠤ ᠪᠤᠯᠤᠨ᠎ᠠ᠂ ᠡᠭᠦᠨ ᠤ ᠬᠠᠮᠲᠤ 303 ᠤᠯᠤᠰ ᠤᠨ ᠵᠠᠮ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠬᠡᠰᠡᠭ ᠤᠨ ᠵᠠᠮ ᠬᠠᠷᠢᠯᠴᠠᠭᠠᠨ ᠤ ᠪᠣᠭᠤᠮᠢ ᠠᠰᠠᠭᠤᠳᠠᠯ ᠢ ᠰᠢᠢᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ ᠵᠡᠭᠦᠨ ᠪᠡᠶ᠎ᠡ ᠶᠢᠨ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠬᠤᠯᠠ ᠠᠴᠢ  ᠬᠤᠯᠪᠣᠭᠳᠠᠯ ᠎ ᠲᠠᠢ  ᠶᠤᠮ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号