ᠥᠪᠥᠷ ᠮᠣᠩᠭᠤᠯ ᠬᠤᠲᠠ ᠪᠠᠯᠭᠠᠰᠤᠨ ᠤ ᠳᠠᠩᠰᠠᠯᠠᠭᠤᠯᠤᠭᠰᠠᠨ 5.4 ᠲᠦᠮᠡᠨ ᠠᠵᠢᠯ ᠠᠯᠳᠠᠭᠰᠠᠳ ᠢ ᠬᠠᠪᠰᠤᠷᠤᠨ ᠳᠠᠬᠢᠨ ᠠᠵᠢᠯ ᠣᠯᠭᠤᠪᠠ
ᠨᠡᠶᠢᠲᠡᠯᠡᠭᠰᠡᠨ ᠴᠠᠭ᠄
2018/12/12
     ᠡᠨᠡ ᠵᠢᠯ ᠠᠴᠠ ᠨᠠᠭᠠᠰᠢ᠂ ᠥᠪᠥᠷ ᠮᠣᠩᠭᠤᠯ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠬᠡᠬᠡᠬᠦ᠂ ᠣᠨᠴᠠᠯᠢᠭ ᠪᠦᠬᠦᠢ ᠳᠡᠮᠵᠢᠯᠭᠡ ᠶᠢᠨ ᠠᠵᠢᠯᠯᠠᠭ᠎ᠠ ᠥᠷᠨᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠬᠤᠲᠠ ᠪᠠᠯᠭᠠᠰᠤᠨ ᠤ ᠳᠠᠩᠰᠠᠯᠠᠭᠤᠯᠤᠭᠰᠠᠨ 5.4 ᠲᠦᠮᠡᠨ ᠠᠵᠢᠯ ᠠᠯᠳᠠᠭᠰᠠᠳ ᠢ ᠬᠠᠪᠰᠤᠷᠤᠨ ᠳᠠᠬᠢᠨ ᠠᠵᠢᠯ ᠣᠯᠭᠤᠵᠤ᠂ ᠵᠢᠯ ᠤᠨ ᠲᠥᠯᠥᠪᠯᠡᠭᠰᠡᠨ ᠬᠠᠷᠠᠯᠲᠠ ᠪᠠᠨ ᠳᠠᠪᠠᠭᠤᠯᠤᠨ ᠪᠡᠶᠡᠯᠡᠭᠦᠯᠪᠡ᠃ ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠠᠵᠢᠯ ᠠᠯᠳᠠᠯᠲᠠ ᠶᠢ ᠬᠥᠳᠡᠯᠦᠩᠭᠦᠶ ᠪᠠᠷ ᠬᠢᠨᠠᠨ ᠬᠡᠮᠵᠢᠬᠦ ᠠᠵᠢᠯ ᠢ ᠴᠢᠩᠭᠠᠳᠬᠠᠵᠦ᠂ ᠭᠤᠤᠯᠳᠠᠯᠭ᠎ᠠ ᠲᠠᠢ ᠠᠵᠢᠯ ᠲᠥᠷᠥᠯ᠂ ᠠᠵᠤ ᠠᠬᠤᠶᠢᠯᠠᠯ ᠤᠨ ᠠᠵᠢᠯᠳᠡᠨ ᠠᠶᠠᠨᠳᠠᠭᠠᠨ ᠬᠠᠰᠤᠭᠳᠠᠬᠤ᠂ ᠬᠥᠳᠡᠯᠮᠦᠷᠢ ᠶᠢᠨ ᠭᠡᠷ᠎ᠡ ᠶᠢ ᠬᠡᠪ ᠤᠨ ᠪᠠᠶᠢᠳᠠᠯ ᠢᠶᠠᠷ ᠲᠠᠶᠢᠯᠬᠤ ᠪᠤᠶᠤ ᠳᠠᠭᠤᠰᠬᠠᠬᠤ᠂ ᠠᠵᠤ ᠠᠬᠤᠶ ᠶᠢᠨ ᠴᠢᠨᠠᠷᠲᠠᠶ ᠠᠵᠢᠯᠲᠠᠨ ᠬᠠᠰᠤᠬᠤ ᠵᠡᠷᠭᠡ ᠠᠵᠢᠯ ᠤᠨ ᠪᠠᠶᠢᠷᠢ ᠶᠢᠨ ᠬᠤᠭᠤᠰᠤᠷᠠᠬᠤ ᠪᠠᠶᠢᠳᠠᠯ ᠢ ᠬᠥᠳᠡᠯᠦᠩᠭᠦᠶ ᠪᠠᠷ ᠬᠢᠨᠠᠨ ᠬᠡᠮᠵᠢᠵᠦ᠂ ᠠᠵᠢᠯ ᠤᠨ ᠪᠠᠶᠢᠷᠢ ᠬᠤᠭᠤᠰᠤᠷᠠᠭᠰᠠᠨ ᠰᠢᠯᠲᠠᠭᠠᠨ ᠢ ᠨᠢ ᠵᠠᠳᠠᠯᠤᠨ᠂ ᠠᠵᠢᠯ ᠤᠨ ᠪᠠᠶᠢᠷᠢ ᠨᠡᠯᠢᠶᠡᠳ ᠶᠡᠭᠡ ᠬᠡᠪᠴᠢᠶ᠎ᠡ ᠪᠠᠷ ᠬᠤᠭᠤᠰᠣᠷᠠᠵᠤ ᠮᠡᠳᠡᠬᠦ ᠠᠵᠢᠯ ᠲᠦᠷᠦᠯ ᠪᠣᠯᠤᠨ ᠠᠵᠤ ᠠᠬᠤᠶᠢᠯᠠᠯ ᠳᠤ ᠪᠡᠯᠡᠳᠬᠡᠯ ᠲᠥᠰᠦᠯ ᠢ ᠲᠣᠭᠲᠠᠭᠠᠵᠤ᠂ ᠠᠵᠢᠯ ᠠᠯᠳᠠᠭᠰᠠᠳ ᠢ ᠴᠠᠭ ᠲᠤᠬᠠᠶ ᠳᠤ ᠨᠢ ᠬᠠᠪᠰᠤᠷᠴᠤ ᠪᠠᠶᠢᠭᠠᠳ ᠦᠨᠳᠦᠰᠦᠨ ᠠᠮᠢᠳᠤᠷᠠᠯ ᠤᠨ ᠬᠢᠷᠢ ᠲᠥᠪᠰᠢᠨ ᠢ ᠨᠢ ᠪᠠᠲᠤᠯᠠᠵᠦ᠂ ᠠᠵᠢᠯ ᠤᠯᠬᠤ ᠴᠢᠳᠠᠪᠤᠷᠢ ᠶᠢ ᠨᠢ ᠳᠡᠭᠡᠭᠰᠢᠯᠡᠭᠦᠯᠦᠭᠰᠡᠨ ᠪᠠᠶᠢᠨ᠎ᠠ᠃      ᠠᠵᠢᠯ ᠠᠯᠳᠠᠯᠲᠠ ᠶᠢ ᠬᠥᠳᠡᠯᠦᠩᠭᠦᠶ ᠪᠠᠷ ᠬᠢᠨᠠᠨ ᠬᠡᠮᠵᠢᠭᠰᠡᠨ ᠪᠠᠶᠢᠳᠠᠯ ᠢ ᠦᠨᠳᠦᠰᠦᠯᠡᠵᠦ᠂ ᠥᠪᠥᠷ ᠮᠣᠩᠭᠤᠯ ᠭᠤᠣᠯ ᠨᠢ ᠠᠵᠢᠯ ᠮᠡᠷᠭᠡᠵᠢᠯ ᠤᠨ ᠪᠣᠯᠪᠠᠰᠤᠷᠠᠭᠤᠯᠤᠯ᠂ ᠠᠵᠢᠯ ᠮᠡᠷᠭᠡᠵᠢᠯ ᠤᠨ ᠲᠠᠨᠢᠯᠴᠠᠭᠤᠯᠭ᠎ᠠ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ᠂ ᠠᠵᠢᠯ ᠮᠡᠷᠭᠡᠵᠢᠯ ᠤᠨ ᠴᠢᠳᠠᠪᠤᠷᠢ ᠶᠢᠨ ᠰᠢᠯᠭᠠᠨ ᠲᠣᠭᠲᠠᠭᠠᠯᠲᠠ᠂ ᠪᠠᠭ᠎ᠠ ᠲᠣᠭᠠᠨ ᠤ ᠳᠠᠭᠠᠭᠠᠯᠳᠡᠳᠤ ᠵᠢᠭᠡᠯᠡᠯᠭᠡ ᠵᠡᠷᠭᠡ ᠲᠠᠯ᠎ᠠ ᠪᠠᠷ ᠳᠦᠷᠦ ᠶᠢᠨ ᠪᠤᠳᠤᠯᠭ᠎ᠠ᠂ ᠡᠳ᠋ ᠤᠨ ᠵᠠᠰᠠᠭ ᠤᠨ ᠳᠡᠮᠵᠢᠯᠭᠡ ᠦᠵᠡᠭᠦᠯᠵᠦ᠂ ᠠᠵᠢᠯ ᠠᠯᠳᠠᠭᠰᠠᠳ ᠲᠤ ᠠᠯᠢ ᠲᠦᠷᠭᠡᠨ ᠢᠶᠠᠷ ᠠᠵᠢᠯ ᠣᠯᠭᠤᠬᠤ ᠶᠢ ᠠᠬᠢᠭᠤᠯᠤᠭᠰᠠᠨ ᠪᠠ ᠠᠵᠤ ᠠᠬᠤᠶᠢᠯᠠᠯ ᠤᠨ ᠲᠣᠭᠲᠠᠭᠤᠨ ᠠᠵᠢᠯ ᠣᠯᠭᠤᠬᠤ ᠶᠢ ᠨᠢ ᠵᠣᠷᠢᠭᠵᠢᠭᠤᠯᠪᠠ᠃ ᠥᠪᠥᠷ ᠮᠣᠩᠭᠤᠯ ᠣᠯᠠᠨ ᠨᠡᠶᠢᠲᠡ ᠶᠢᠨ ᠠᠵᠢᠯ ᠣᠯᠭᠤᠬᠤ ᠦᠶᠯᠡᠴᠢᠯᠡᠭᠡᠨ ᠤ ᠡᠬᠢ ᠪᠠᠶᠠᠯᠢᠭ ᠢ ᠤᠯᠠᠮ ᠡᠮᠬᠢᠯᠡᠨ ᠨᠡᠶᠢᠯᠡᠭᠦᠯᠵᠦ᠂ ᠠᠶᠢᠮᠠᠭ ᠬᠤᠲᠠ᠂ ᠬᠤᠰᠢᠭᠤ ᠰᠢᠶᠠᠨ ︵ᠬᠤᠳᠠ᠂ ᠲᠣᠭᠤᠷᠢᠭ︶᠂ ᠵᠡᠭᠡᠯᠢ ᠭᠤᠳᠤᠮᠵᠢ ︵ᠰᠤᠮᠤ ᠪᠠᠯᠭᠠᠰᠤ︶ ᠪᠣᠯᠣᠨ ᠨᠡᠶᠢᠭᠡᠮ ᠲᠣᠭᠤᠷᠢᠭ ︵ᠭᠠᠴᠠᠭ᠎ᠠ ᠲᠤᠰᠬᠤᠨ︶ ᠳᠥᠷᠪᠡᠨ ᠱᠠᠲᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠳᠤ ᠲᠦᠰᠢᠭᠯᠡᠨ᠂ ᠠᠵᠢᠯ ᠤᠨ ᠪᠠᠶᠢᠷᠢ ᠠᠴᠠ ᠪᠠᠨ ᠪᠠᠭᠤᠭᠰᠠᠨ ᠠᠵᠢᠯ ᠠᠯᠳᠠᠭᠰᠠᠳ ᠲᠤ ᠠᠵᠢᠯ ᠣᠯᠭᠤᠬᠤ ᠮᠡᠳᠡᠭᠡ ᠵᠠᠩᠭᠢ᠂ ᠠᠵᠢᠯ ᠣᠯᠭᠤᠬᠤ ᠵᠥᠪᠯᠡᠯᠭᠡ᠂ ᠠᠵᠢᠯ ᠮᠡᠷᠭᠡᠵᠢᠯ ᠤᠨ ᠲᠠᠨᠢᠯᠴᠠᠭᠤᠯᠭ᠎ᠠ᠂ ᠦᠨᠳᠦᠰᠦᠨ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠪᠣᠯᠤᠨ ᠮᠡᠷᠭᠡᠵᠢᠯ ᠴᠢᠳᠠᠪᠤᠷᠢ ᠶᠢᠨ ᠰᠢᠯᠭᠠᠨ ᠲᠣᠭᠲᠠᠭᠠᠯᠲᠠ ᠶᠢᠨ ᠲᠠᠯ᠎ᠠ ᠪᠠᠷ ᠰᠦᠢᠳᠬᠡᠯ ᠬᠤᠷᠢᠶᠠᠬᠤ ᠦᠭᠡᠢ ᠦᠢᠯᠡᠴᠢᠯᠡᠭᠡ ᠬᠠᠩᠭᠠᠵᠤ᠂ ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠨᠡᠶᠢᠴᠡᠬᠦ ᠠᠵᠢᠯ ᠠᠯᠳᠠᠭᠰᠠᠳ ᠢ ᠤᠷᠢᠳᠠᠪᠠᠷ ᠲᠣᠬᠢᠷᠠᠭᠤᠯᠤᠨ ᠠᠵᠢᠯ ᠣᠯᠭᠤᠪᠠ᠃      ᠣᠶᠢᠯᠠᠭᠠᠭᠰᠠᠨ ᠢᠶᠠᠷ᠂ ᠥᠪᠥᠷ ᠮᠣᠩᠭᠤᠯ ᠤᠳᠤ ᠪᠠᠶᠢᠭ᠎ᠠ ᠴᠢᠳᠠᠪᠤᠷᠢᠲᠠᠨ ᠤ ᠵᠠᠬ᠎ᠠ ᠳᠡᠯᠭᠡᠭᠦᠷ᠂ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ᠂ ᠠᠵᠢᠯ ᠲᠠᠨᠢᠯᠴᠠᠭᠤᠯᠬᠤ ᠪᠠᠶᠢᠭᠤᠯᠤᠮᠵᠢ᠂ ᠬᠥᠳᠡᠯᠮᠦᠷᠢ ᠬᠦᠴᠦᠨ ᠲᠣᠮᠢᠯᠠᠬᠤ ᠪᠠᠶᠢᠭᠤᠯᠤᠮᠵᠢ ᠶᠢᠨ ᠠᠵᠢᠯ ᠣᠯᠭᠤᠬᠤ ᠦᠢᠯᠡᠴᠢᠯᠡᠭᠡᠨ ᠤ ᠦᠢᠯᠡᠳᠦᠯ ᠢ ᠨᠢ ᠪᠠᠳᠠᠷᠠᠭᠤᠯᠬᠤ ᠶᠢ ᠴᠢᠩᠭᠠᠳᠬᠠᠵᠤ᠂ ᠬᠤᠲᠠ ᠪᠠᠯᠭᠠᠰᠤᠨ ᠤ ᠠᠵᠢᠯ ᠠᠯᠳᠠᠭᠰᠠᠳ ᠤᠨ ᠦᠨᠡᠨ ᠨᠡᠷ᠎ᠡ ᠶᠢᠨ ᠲᠦᠷᠢᠮ ᠤᠨ ᠬᠠᠮᠢᠶᠠᠷᠤᠯᠲᠠ ᠶᠢ ᠠᠬᠢᠭᠤᠯᠤᠨ᠂ ᠠᠵᠤ ᠠᠬᠤᠶᠢᠯᠠᠯ ᠤᠨ ᠬᠤᠭᠤᠰᠣᠨ ᠠᠵᠢᠯ ᠤᠨ ᠪᠠᠶᠢᠷᠢ ᠪᠠᠨ ᠮᠡᠳᠡᠭᠦᠯᠬᠦ ᠲᠦᠷᠢᠮ ᠪᠣᠯᠣᠨ ᠠᠵᠢᠯ ᠣᠯᠭᠤᠯᠲᠠ ᠶᠢᠨ ᠮᠡᠳᠡᠭᠡ ᠵᠠᠩᠭᠢ ᠶᠢ ᠪᠦᠷᠢᠳᠬᠡᠨ ᠵᠠᠳᠠᠯᠬᠤ ᠲᠦᠷᠢᠮ ᠢ ᠪᠦᠷᠢᠨᠰᠢᠭᠦᠯᠵᠦ᠂ ᠠᠵᠢᠯ ᠣᠯᠭᠤᠬᠤ ᠦᠶᠯᠡᠴᠢᠯᠡᠭᠡ ᠶᠢᠨ ᠴᠢᠭᠯᠡᠭᠦᠯᠦᠯᠲᠦ ᠴᠢᠨᠠᠷ ᠪᠣᠯᠣᠨ ᠪᠣᠳᠠᠲᠤ ᠪᠦᠲᠦᠮᠵᠢᠲᠦ ᠴᠢᠨᠠᠷ ᠢ ᠨᠡᠮᠡᠭᠳᠡᠭᠦᠯᠵᠦ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号