ᠥᠪᠥᠷ ᠮᠣᠩᠭᠤᠯ 3 ᠵᠢᠯ ᠤᠨ ᠳᠣᠲᠣᠷ᠎ᠠ ᠵᠠᠭᠤᠨ ᠲᠠᠯᠠᠪᠤᠷ ︽ᠢᠳᠡᠪᠬᠢ ᠰᠡᠳᠬᠢᠴᠡ ᠵᠦᠢ ᠶᠢᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ︾ ᠡᠷᠬᠢᠯᠡᠬᠦ ᠪᠠᠷ ᠲᠥᠯᠥᠪᠯᠡᠵᠦ ᠪᠤᠢ
ᠨᠡᠶᠢᠲᠡᠯᠡᠭᠰᠡᠨ ᠴᠠᠭ᠄
2018/12/12
     ᠢᠳᠡᠪᠬᠢ ᠰᠡᠳᠬᠢᠴᠡ ᠵᠦᠢ ᠶᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠵᠤ᠂ ᠢᠳᠡᠪᠬᠢ ᠰᠡᠳᠬᠢᠴᠡ ᠵᠦᠢ ᠶᠢ ᠠᠯᠢ ᠲᠦᠷᠭᠡᠨ ᠢᠶᠠᠷ ᠨᠡᠩ ᠤᠯᠠᠨ ᠬᠠᠮᠲᠤ ᠨᠡᠶᠢᠲᠡ ᠳᠤ ᠲᠦᠭᠡᠮᠡᠯᠵᠢᠭᠦᠯᠦᠨ᠂ ᠥᠪᠡᠷ ᠢ ᠪᠠᠨ ᠬᠦᠨᠳᠦᠳᠬᠡᠵᠦ ᠥᠪᠡᠷ ᠢ ᠪᠠᠨ ᠢᠲᠡᠭᠡᠬᠦ᠂ ᠤᠬᠠᠭᠠᠯᠢᠭ ᠪᠥᠭᠡᠳ ᠲᠥᠪᠯᠡᠭᠦᠨ᠂ ᠢᠳᠡᠪᠬᠢᠯᠡᠨ ᠲᠡᠪᠰᠢᠬᠤ ᠨᠡᠶᠢᠭᠡᠮ ᠤᠨ ᠰᠡᠳᠬᠢᠴᠡ ᠶᠢᠨ ᠪᠠᠶᠢᠳᠠᠯ ᠢ ᠪᠤᠢ ᠪᠣᠯᠭᠠᠬᠤ ᠶᠢᠨ ᠲᠥᠯᠥᠭᠡ᠂ ᠮᠠᠨ ᠤ ᠣᠷᠣᠨ 2017 ᠣᠨ ᠠᠴᠠ 2019 ᠣᠨ ᠪᠣᠯᠲᠠᠯᠠᠬᠢ 3 ᠵᠢᠯ ᠤᠨ ᠬᠤᠭᠤᠴᠠᠭᠠᠨ ᠳᠤ᠂ ᠵᠠᠭᠤᠨ ᠲᠠᠯᠠᠪᠤᠷ ︽ᠢᠳᠡᠪᠬᠢ ᠰᠡᠳᠬᠢᠴᠡ ᠵᠦᠢ ᠶᠢᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ︾ ᠡᠷᠬᠢᠯᠡᠬᠦ ᠪᠠᠷ ᠲᠦᠯᠦᠪᠯᠡᠭᠡᠳ᠂ ᠣᠳᠣ ᠨᠢᠭᠡᠨᠲᠡ 30 ᠲᠠᠯᠠᠪᠤᠷ ᠡᠷᠬᠢᠯᠡᠭᠰᠡᠨ ᠪᠠᠶᠢᠨ᠎ᠠ᠃      ᠲᠠᠨᠢᠯᠴᠠᠭᠤᠯᠤᠭᠰᠠᠨ ᠢᠶᠠᠷ᠂  ᠢᠳᠡᠪᠬᠢ ᠰᠡᠳᠬᠢᠴᠡ ᠵᠦᠢ ᠶᠢᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ  ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠬᠦ᠂ ᠪᠦᠯᠬᠦᠮ ᠨᠡᠶᠢᠲᠡ ᠶᠢ ᠬᠠᠪᠰᠤᠷᠤᠨ ᠵᠢᠯᠣᠭᠤᠳᠬᠤ ᠵᠡᠷᠭᠡ ᠬᠡᠯᠪᠡᠷᠢ ᠶᠢᠨ ᠠᠭᠤᠯᠭ᠎ᠠ ᠪᠠᠭᠲᠠᠨ᠎ᠠ᠃ 2019 ᠣᠨ ᠤ ᠢᠳᠡᠪᠬᠢ ᠰᠡᠳᠬᠢᠴᠡ ᠵᠦᠢ ᠶᠢᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠨᠢ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠰᠤᠷᠭᠠᠭᠤᠯᠢ᠂ ᠨᠡᠶᠢᠭᠡᠮ ᠲᠣᠭᠤᠷᠢᠭ ᠵᠡᠷᠭᠡ ᠨᠢᠭᠡᠴᠢ ᠳᠤ ᠣᠷᠣᠬᠤ ᠪᠠᠷ ᠪᠤᠢ᠃ ᠣᠳᠤᠬᠠᠨ ᠳᠤ᠂ ᠥᠪᠥᠷ ᠮᠣᠩᠭᠤᠯ ᠤᠨ ᠰᠡᠳᠬᠢᠴᠡ ᠵᠦᠢ ᠶᠢᠨ ᠨᠡᠢᠬᠡᠮᠯᠢᠭ ᠤᠨ ᠢᠳᠡᠪᠬᠢ ᠰᠡᠳᠬᠢᠴᠡ ᠵᠦᠢ ᠶᠢᠨ ᠲᠤᠰᠬᠠᠶ ᠮᠡᠷᠭᠡᠵᠢᠯ ᠤᠨ ᠵᠥᠪᠯᠡᠯ ᠨᠢ ᠢᠳᠡᠪᠬᠢ ᠰᠡᠳᠬᠢᠴᠡ ᠵᠦᠢ ᠶᠢᠨ ᠪᠠᠭᠰᠢ ᠨᠠᠷ ᠤᠨ ᠵᠢᠭᠠᠨ ᠰᠤᠷᠭᠠᠬᠤ ᠪᠦᠯᠬᠦᠮ ᠢ ᠵᠣᠬᠢᠶᠠᠨ ᠪᠠᠶᠢᠭᠤᠯᠵᠤ ᠪᠤᠢ᠃      ᠣᠶᠢᠯᠠᠭᠠᠭᠰᠠᠨ ᠢᠶᠠᠷ᠂ ᠢᠳᠡᠪᠬᠢ ᠰᠡᠳᠬᠢᠴᠡ ᠵᠦᠢ ᠶᠢᠨ ᠵᠠᠭᠤᠨ ᠲᠠᠯᠠᠪᠤᠷ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠠᠩᠬᠠᠳᠠᠭᠴᠢ ᠨᠡᠶᠢᠲᠡ ᠶᠢᠨ ᠠᠰᠠᠷᠠᠮᠵᠢ ᠶᠢᠨ ᠲᠠᠶᠢᠯᠤᠮᠵᠢ ᠨᠢ 2017 ᠣᠨ ᠤ 3 ᠳ᠋ᠤᠭᠠᠷ ᠰᠠᠷ᠎ᠠ ᠠᠴᠠ ᠡᠬᠢᠯᠡᠵᠦ᠂ ᠣᠳᠣ ᠪᠣᠯᠲᠠᠯ᠎ᠠ ᠨᠢᠭᠡᠨᠲᠡ 30 ᠲᠠᠯᠠᠪᠤᠷ ᠠᠮᠵᠢᠯᠲᠠ ᠲᠠᠢ ᠡᠷᠬᠢᠯᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号