ᠯᠢ ᠵᠢᠢ ᠾᠧᠩ᠄ ᠬᠠᠮᠳᠤ ᠶᠢᠨ ᠲᠠᠨᠢᠯᠳᠠ ᠤᠶᠤᠨ ᠤᠬᠠᠭᠠᠨ ᠬᠦᠴᠦᠨ ᠴᠢᠳᠠᠯ ᠢᠶᠠᠨ ᠨᠢᠬᠳᠠᠷᠠᠭᠤᠯᠵᠤ ᠰᠡᠳᠬᠢᠯ ᠢᠶᠠᠨ ᠨᠢᠭᠡᠳᠭᠡᠨ ᠬᠦᠴᠦ ᠪᠠᠨ ᠬᠠᠮᠳᠤᠳᠬᠠᠵᠤ ᠦᠪᠦᠷ ᠮᠤᠩᠭᠤᠯ ᠤᠨ ᠡᠯ᠎ᠠ ᠵᠦᠢᠯ ᠤᠨ ᠠᠵᠢᠯ ᠦᠢᠯᠡᠰ ᠤᠨ ᠬᠦᠭᠵᠢᠯᠳᠡ ᠶᠢᠨ ᠰᠢᠨ᠎ᠠ ᠪᠠᠶᠢᠳᠠᠯ ᠢ ᠡᠭᠦᠳᠬᠦ ᠬᠡᠷᠡᠭᠳᠡᠢ
ᠨᠡᠶᠢᠲᠡᠯᠡᠭᠰᠡᠨ ᠴᠠᠭ᠄
2018/12/13
     12 ᠳ᠋ᠤᠭᠠᠷ ᠰᠠᠷ᠎ᠠ ᠶᠢᠨ 12᠎ ᠤᠨ ᠡᠳᠤᠷ ᠤᠨ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ 2018 ᠣᠨ ᠤ ᠠᠷᠠᠳᠴᠢᠯᠠᠬᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠨᠠᠮ ᠪᠦᠯᠦᠭ ᠤᠨ ᠪᠤᠰᠤ ᠬᠦᠮᠦᠰ ᠤᠨ ᠭᠤᠤᠯᠳᠠᠯᠭ᠎ᠠ ᠲᠠᠢ ᠰᠡᠳᠦᠪ ᠢ ᠪᠠᠶᠢᠴᠠᠭᠠᠨ ᠰᠤᠳᠤᠯᠤᠬᠰᠠᠨ ᠦᠷ᠎ᠠ ᠪᠦᠳᠦᠭᠡᠯ ᠤᠨ ᠬᠠᠷᠢᠭᠤ ᠮᠡᠳᠡᠭᠦᠯᠦᠯᠳᠡ ᠶᠢᠨ ᠬᠤᠷᠠᠯ ᠢ ᠬᠤᠷᠠᠯᠳᠤᠭᠤᠯᠪᠠ᠃ ᠦᠪᠡᠷᠳᠡᠭᠡᠨ ᠵᠠᠰᠠᠬᠤ ᠤᠷᠤᠨ ᠤ ᠨᠠᠮ ᠎ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠬᠤᠷᠠᠯ ᠢ ᠡᠷᠬᠢᠯᠡᠵᠤ ᠶᠠᠷᠢᠶ᠎ᠠ ᠲᠠᠯᠪᠢᠬᠤ ᠳᠤ ᠪᠠᠨ ᠴᠢᠬᠤᠯᠠᠴᠢᠯᠠᠭᠰᠠᠨ ᠨᠢ᠂ ᠭᠤᠤᠯᠳᠠᠯᠭ᠎ᠠ ᠲᠠᠢ ᠰᠡᠳᠦᠪ ᠢ ᠪᠠᠶᠢᠴᠠᠭᠠᠨ ᠰᠤᠳᠤᠯᠬᠤ ᠤᠯᠤᠰ ᠲᠦᠷᠦ ᠶᠢᠨ ᠬᠠᠷᠢᠭᠤᠴᠠᠯᠭᠠᠳᠦ ᠰᠡᠳᠬᠢᠯᠭᠡ ᠪᠠᠨ ᠤᠯᠠᠮ ᠴᠢᠨᠠᠬᠰᠢᠳᠠ ᠴᠢᠩᠭᠠᠳᠬᠠᠨ᠂ ᠬᠠᠮᠳᠤ ᠶᠢᠨ ᠲᠠᠨᠢᠯᠳᠠ᠂ ᠤᠶᠤᠨ ᠤᠬᠠᠭᠠᠨ ᠪᠠ ᠬᠦᠴᠦᠨ ᠴᠢᠳᠠᠯ ᠢᠶᠠᠨ ᠲᠠᠰᠤᠷᠠᠯᠳᠠ ᠦᠭᠡᠢ ᠨᠢᠬᠳᠠᠷᠠᠭᠤᠯᠵᠤ᠂ ᠰᠡᠳᠬᠢᠯ ᠢᠶᠠᠨ ᠨᠢᠭᠡᠳᠭᠡᠨ ᠬᠦᠴᠦ ᠪᠠᠨ ᠬᠠᠮᠳᠤᠳᠬᠠᠵᠤ ᠡᠯ᠎ᠠ ᠵᠦᠢᠯ ᠤᠨ ᠦᠢᠯᠡᠰ ᠤᠨ ᠬᠦᠭᠵᠢᠯᠳᠡ ᠶᠢᠨ ᠰᠢᠨ᠎ᠠ ᠪᠠᠶᠢᠳᠠᠯ ᠢ ᠡᠭᠦᠳᠬᠦ ᠬᠡᠷᠡᠭᠳᠡᠢ ᠬᠡᠪᠠ᠃      ᠦᠪᠡᠷᠳᠡᠭᠡᠨ ᠵᠠᠰᠬᠠᠤ ᠤᠷᠤᠨ ᠤ ᠤᠳᠤᠷᠢᠳᠤᠯᠭ᠎ᠠ ᠪᠦ᠋ ᠰᠢᠶᠤᠤ ᠯᠢᠨ᠂ ᠯᠢ ᠵᠢᠶᠠ᠂ ᠸᠠᠩ ᠯᠢ ᠰᠢᠶᠠ᠂ ᠮᠠ ᠰᠢᠤᠸᠠᠢ ᠵᠢᠶᠦ᠋ᠨ᠂ ᠨᠠᠰᠤᠨᠮᠦ᠋ᠩᠬᠡ ᠮᠡᠳᠡᠭᠦᠯᠦᠯᠳᠡ ᠶᠢᠨ ᠬᠤᠷᠠᠯ ᠳᠤ ᠤᠷᠤᠯᠴᠠᠵᠠᠢ᠃      ᠬᠤᠷᠠᠯ ᠠᠴᠠ 2017᠎ ᠤᠨ ᠤ ᠭᠤᠤᠯᠳᠠᠯᠭ᠎ᠠ ᠲᠠᠢ ᠰᠡᠳᠦᠪ ᠢ ᠪᠠᠶᠢᠴᠠᠭᠠᠨ ᠰᠤᠳᠤᠯᠤᠬᠰᠠᠨ ᠦᠷ᠎ᠠ ᠪᠦᠳᠦᠭᠡᠯ ᠎ ᠢ ᠨᠡᠶᠢᠳᠡᠪᠦᠷᠢᠵᠢᠭᠤᠯᠤᠬᠰᠠᠨ ᠪᠠᠶᠢᠳᠠᠯ ᠢ ᠵᠠᠷᠯᠠᠨ ᠨᠡᠶᠢᠳᠡᠯᠡᠪᠡ᠃ ᠲᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠳᠤ ᠬᠤᠷᠢᠶᠠᠨ ᠤ ᠦᠪᠦᠷ ᠮᠤᠩᠭᠤᠯ ᠤᠨ ᠬᠤᠷᠢᠶᠠᠨ ᠤ ᠡᠷᠬᠢᠯᠡᠭᠴᠢ ᠬᠡᠰᠢᠭᠦᠨ ᠪᠠᠢ ᠴᠢᠩ ᠶᠤᠸᠠᠨ᠂ ᠲᠤᠮᠳᠠᠳᠤ ᠤᠯᠤᠰ ᠤᠨ ᠠᠷᠠᠳᠴᠢᠯᠠᠬᠰᠠᠨ ᠬᠤᠯᠪᠤᠭ᠎ᠠ ᠶᠢᠨ ᠦᠪᠦᠷ ᠮᠤᠩᠭᠤᠯ ᠤᠨ ᠬᠤᠷᠢᠶᠠᠨ ᠤ ᠡᠷᠬᠢᠯᠡᠭᠴᠢ ᠬᠡᠰᠢᠭᠦᠨ ᠳ᠋ᠦᠩ ᠾᠧᠩ ᠢᠤᠢ᠂ ᠲᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠦᠪᠦᠷ ᠮᠤᠩᠭᠤᠯ ᠤᠨ ᠬᠤᠷᠢᠶᠠᠨ ᠤ ᠡᠷᠬᠢᠯᠡᠭᠴᠢ ᠬᠡᠰᠢᠭᠦᠨ ᠯᠢ ᠷᠦᠩ ᠰᠢ᠂ ᠲᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠦᠪᠦᠷ ᠮᠤᠩᠭᠤᠯ ᠤᠨ ᠬᠤᠷᠢᠶᠠᠨ ᠤ ᠡᠷᠬᠢᠯᠡᠭᠴᠢ ᠬᠡᠰᠢᠭᠦᠨ ᠵᠧᠩ ᠹᠦ᠋ ᠲᠢᠶᠠᠨ᠂ ᠲᠤᠮᠳᠠᠳᠤ ᠤᠯᠤᠰ ᠤᠨ ᠲᠠᠷᠢᠶᠠᠴᠢᠨ ᠠᠵᠢᠯᠴᠢᠨ ᠤ ᠠᠷᠠᠳᠴᠢᠯᠠᠬᠰᠠᠨ ᠨᠠᠮ ᠤᠨ ᠦᠪᠦᠷ ᠮᠤᠩᠭᠤᠯ ᠤᠨ ᠬᠤᠷᠢᠶᠠᠨ ᠤ ᠡᠷᠬᠢᠯᠡᠭᠴᠢ ᠬᠡᠰᠢᠭᠦᠨ ᠶᠦᠨ ᡁᠢ ᠾᠸᠤ᠂ ︽9·3︾᠎ ᠶᠢᠨ ᠡᠷᠳᠡᠮ ᠰᠢᠨᠵᠢᠯᠡᠭᠡᠨ ᠤ ᠨᠡᠶᠢᠭᠡᠮᠯᠢᠭ ᠎ ᠤᠨ ᠦᠪᠦᠷ ᠮᠤᠩᠭᠤᠯ ᠤᠨ ᠬᠤᠷᠢᠶᠠᠨ ᠤ ᠡᠷᠬᠢᠯᠡᠭᠴᠢ ᠬᠡᠰᠢᠭᠦᠨ ᠯᠢᠦ ᠰᠢᠨ ᠯᠧ᠂ ᠦᠪᠡᠷᠳᠡᠭᠡᠨ ᠵᠠᠰᠠᠬᠤ ᠤᠷᠤᠨ ᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠲᠡᠷᠢᠭᠦᠯᠡᠭᠴᠢ ᠠᠨ ᠷᠦᠨ ᠱᠧᠩ᠂ ᠨᠠᠮ ᠪᠦᠯᠦᠭ ᠤᠨ ᠪᠤᠰᠤ ᠬᠦᠮᠦᠰ ᠤᠨ ᠲᠦᠯᠦᠭᠡᠯᠡᠭᠴᠢ ᠰᠢᠶᠤᠤ ᠹᠠᠩ ᠲᠤᠰ ᠲᠤᠰ ᠬᠠᠳᠤᠨ ᠭᠤᠤᠯ ᠲᠠᠭᠠᠤ ᠭᠠᠵᠠᠷ ᠤᠷᠤᠨ ᠤ ᠪᠤᠬᠢᠷᠳᠦᠯ ᠦᠭᠡᠢ ᠬᠦᠭᠵᠢᠯᠳᠡ ᠶᠢ ᠠᠬᠢᠭᠤᠯᠬᠤ᠂ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠲᠦᠷᠢᠮ ᠢ ᠪᠠᠷᠢᠮᠳᠠᠯᠠᠨ ᠲᠡᠭᠦᠯᠳᠡᠷᠵᠢᠭᠦᠯᠭᠦ᠂ ᠪᠤᠬᠢᠷᠳᠦᠯ ᠢ ᠰᠡᠷᠬᠡᠶᠢᠯᠡᠨ ᠵᠠᠰᠠᠬᠤ ᠰᠢᠪᠲᠤᠯᠤᠯᠲᠠ ᠶᠢᠨ ᠲᠠᠶᠢᠯᠠᠯᠳᠤᠭᠠᠨ ᠢ ᠰᠠᠶᠢᠳᠤᠷ ᠬᠢᠭᠦ᠂ ᠦᠪᠦᠷ ᠮᠤᠩᠭᠤᠯ ᠤᠨ ᠪᠤᠬᠢᠷᠳᠦᠯ ᠦᠭᠡᠢ ᠬᠦᠭᠵᠢᠯᠳᠡ ᠶᠢ ᠠᠬᠢᠭᠤᠯᠬᠤ᠂ ᠲᠤᠶᠢᠯ ᠤᠨ ᠣᠨᠤᠪᠴᠢᠳᠠᠢ ᠪᠠᠷ ᠶᠠᠳᠠᠭᠤ ᠶᠢ ᠲᠡᠳᠭᠦᠭᠦ᠂ ᠮᠠᠯ ᠠᠵᠤ ᠠᠬᠤᠢ ᠶᠢᠨ ᠦᠷᠭᠦᠯᠵᠢᠯᠡᠭᠦ ᠬᠦᠭᠵᠢᠯᠳᠡ ᠶᠢ ᠠᠬᠢᠭᠤᠯᠬᠤ᠂ ᠲᠦᠷᠦᠯ ᠲᠡᠮᠳᠡᠭ ᠎ ᠤᠨ ᠪᠠᠶᠢᠭᠤᠯᠤᠯᠳᠠ ᠪᠠᠷ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠤᠷᠴᠢᠨ ᠨᠦᠬᠦᠴᠡᠯ ᠢ ᠰᠠᠶᠢᠵᠢᠷᠠᠭᠤᠯᠬᠤ ᠵᠡᠷᠭᠡ ᠲᠤᠭᠤᠷᠢᠨ ᠳᠤ ᠪᠠᠶᠢᠴᠠᠭᠠᠨ ᠰᠤᠳᠤᠯᠤᠬᠰᠠᠨ ᠦᠷ᠎ᠠ ᠪᠦᠳᠦᠭᠡᠯ ᠢᠶᠠᠨ ᠬᠠᠷᠢᠭᠤ ᠮᠡᠳᠡᠭᠦᠯᠵᠡᠢ᠃      ᠯᠢ ᠵᠢᠢ ᠾᠧᠩ ᠵᠢᠭᠠᠵᠤ ᠭᠠᠷᠭᠠᠭᠰᠠᠨ ᠨᠢ᠂ ᠨᠢᠭᠡ ᠵᠢᠯ ᠤᠨ ᠲᠤᠷᠰᠢ᠂ ᠮᠠᠨ ᠤ ᠤᠷᠤᠨ ᠤ ᠡᠯ᠎ᠠ ᠠᠷᠠᠳᠴᠢᠯᠠᠬᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠠ ᠨᠠᠮ ᠪᠦᠯᠦᠭ ᠤᠨ ᠪᠤᠰᠤ ᠬᠦᠮᠦᠰ ᠭᠤᠤᠯᠳᠠᠯᠭ᠎ᠠ ᠶᠢᠨ ᠲᠤᠭᠤᠷᠢᠨ ᠳᠤ ᠶᠡᠭᠡ ᠲᠠᠯ᠎ᠠ ᠳᠤ ᠦᠢᠯᠡᠴᠢᠯᠡᠵᠤ᠂ ᠴᠢᠨᠠᠷᠯᠢᠭ ᠪᠠᠶᠢᠴᠠᠭᠠᠨ ᠰᠤᠳᠤᠯᠵᠦ᠂ ᠦᠨᠳᠦᠷ ᠲᠦᠪᠰᠢᠨ ᠪᠦᠬᠦᠢ ᠠᠷᠭ᠎ᠠ ᠪᠤᠳᠤᠯᠭ᠎ᠠ ᠲᠡᠪᠰᠢᠭᠦᠯᠦᠨ᠂ ᠦᠷ᠎ᠠ ᠪᠦᠳᠦᠮᠵᠢ ᠲᠠᠢ ᠬᠢᠨᠠᠯᠳᠠ ᠲᠠᠯᠪᠢᠵᠦ᠂ ᠠᠷᠭ᠎ᠠ ᠬᠡᠮᠵᠢᠶ᠎ᠡ ᠪᠠᠷ ᠬᠦᠭᠵᠢᠯᠳᠡ ᠶᠢ ᠠᠬᠢᠭᠤᠯᠵᠦ᠂ ᠨᠡᠶᠢᠭᠡᠮ ᠨᠡᠶᠢᠳᠡ ᠳᠤ ᠨᠦᠯᠦᠭᠡ ᠲᠠᠢ ᠦᠢᠯᠡᠴᠢᠯᠡᠵᠦ᠂ ᠦᠪᠡᠷᠳᠡᠭᠡᠨ ᠵᠠᠰᠠᠬᠤ ᠤᠷᠤᠨ ᠤ ᠦᠭᠡᠷᠡᠴᠢᠯᠡᠯᠳᠡ ᠬᠦᠭᠵᠢᠯᠳᠡ ᠲᠤᠬᠳᠠᠭᠤᠨ ᠳᠤ ᠴᠢᠬᠤᠯᠠ ᠬᠤᠪᠢ ᠨᠡᠮᠡᠷᠢ ᠪᠠᠨ ᠦᠵᠡᠭᠦᠯᠵᠠᠢ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠤᠯᠠᠨ ᠨᠠᠮ ᠬᠠᠮᠳᠤᠷᠠᠨ ᠠᠵᠢᠯᠯᠠᠬᠤ ᠪᠠ ᠤᠯᠤᠰ ᠲᠦᠷᠦ ᠶᠢᠨ ᠵᠦᠪᠯᠡᠯᠭᠡᠨ ᠬᠢᠭᠦ ᠲᠤᠬᠠᠢ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠬᠦᠨᠵᠡᠭᠡᠢ ᠲᠤᠭᠤᠰᠢᠯᠠᠭᠤᠯᠤᠨ ᠨᠡᠶᠢᠳᠡᠪᠦᠷᠢᠵᠢᠭᠤᠯᠵᠤ᠂ ᠤᠯᠤᠰ ᠲᠦᠷᠦ ᠶᠢᠨ ᠵᠤᠬᠰᠤᠴᠠ ᠪᠠᠨ ᠦᠨᠡᠨ ᠬᠦ ᠲᠡᠭᠡᠭᠰᠢᠯᠡᠭᠦᠯᠵᠤ᠂ ᠲᠦᠷᠦ ᠶᠢᠨ ᠨᠠᠮ ᠤᠨ ᠵᠦᠪᠯᠡᠯᠭᠡ ᠬᠢᠭᠦ ᠡᠨᠡ ᠬᠦ ᠠᠷᠠᠳᠴᠢᠯᠠᠯ ᠤᠨ ᠬᠡᠯᠪᠡᠷᠢ ᠪᠤᠯᠤᠨ ᠲᠦᠷᠢᠮ ᠤᠨ ᠠᠷᠭ᠎ᠠ ᠵᠠᠮ ᠢ ᠰᠠᠶᠢᠳᠤᠷ ᠠᠰᠢᠬᠯᠠᠨ᠂ ᠲᠠᠰᠤᠷᠠᠯᠳᠠ ᠦᠭᠡᠢ ᠬᠠᠮᠳᠤ ᠶᠢᠨ ᠲᠠᠨᠢᠯᠳᠠ ᠪᠠᠨ ᠨᠢᠬᠳᠠᠷᠠᠭᠤᠯᠵᠦ᠂ ᠬᠠᠮᠳᠤ ᠶᠢᠨ ᠲᠠᠨᠢᠯᠳᠠ ᠪᠠᠨ ᠪᠠᠳᠤᠳᠬᠠᠨ᠂ ᠬᠠᠮᠳᠤ ᠶᠢᠨ ᠲᠠᠨᠢᠯᠲᠠ ᠪᠠᠨ ᠬᠦᠨᠵᠡᠭᠡᠶᠢᠷᠡᠭᠦᠯᠵᠦ᠂ ᠬᠠᠮᠳᠤ ᠪᠠᠷ ᠪᠦᠯᠬᠦᠮᠳᠡᠨ ᠲᠡᠮᠡᠴᠡᠭᠦ ᠬᠠᠮᠤᠭ ᠤᠨ ᠶᠡᠭᠡ ᠢᠵᠢᠯ ᠲᠦᠪᠳᠤ ᠲᠤᠭᠤᠷᠢᠭ ᠢ ᠵᠢᠷᠤᠬᠯᠠᠵᠤ᠂ ᠬᠠᠮᠳᠤ ᠪᠠᠷ ᠦᠪᠦᠷ ᠮᠤᠩᠭᠤᠯ ᠤᠨ ᠶᠠᠪᠤᠳᠠᠯ ᠢ ᠨᠡᠩ ᠰᠠᠶᠢᠳᠤᠷ ᠬᠢᠬᠦ ᠬᠡᠷᠡᠭᠳᠡᠢ ᠬᠡᠪᠠ᠃      ᠯᠢ ᠵᠢᠢ ᠾᠧᠩ ᠴᠢᠬᠤᠯᠠᠴᠢᠯᠠᠭᠰᠠᠨ ᠨᠢ᠂ ᠡᠯ᠎ᠠ ᠠᠷᠠᠳᠴᠢᠯᠠᠬᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠠ ᠨᠠᠮ ᠪᠦᠯᠦᠭ ᠤᠨ ᠪᠤᠰᠤ ᠬᠦᠮᠦᠰ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠲᠤᠷᠠᠳᠤᠬᠰᠠᠨ ᠴᠢᠬᠤᠯᠠ ᠶᠡᠭᠡ ᠪᠠᠶᠢᠯᠳᠤᠬᠤ ᠪᠤᠳᠤᠯᠭ᠎ᠠ᠂ ᠲᠤᠬᠳᠠᠭᠠᠬᠰᠠᠨ ᠴᠢᠬᠤᠯᠠ ᠪᠠᠶᠢᠷᠢᠯᠠᠭᠤᠯᠤᠯᠳᠠ ᠪᠠ ᠲᠤᠳᠤᠷᠬᠠᠶᠢᠯᠠᠬᠰᠠᠨ ᠴᠢᠬᠤᠯᠠ ᠡᠭᠦᠷᠭᠡ ᠶᠢᠨ ᠲᠤᠭᠤᠷᠢᠨ ᠳᠤ᠂ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠪᠦᠬᠦ ᠲᠠᠯᠠᠳᠤ ᠴᠢᠨᠠᠷ ᠪᠤᠯᠤᠨ ᠪᠠᠶᠢᠯᠳᠤᠬᠤ ᠪᠤᠳᠤᠯᠭᠠᠳᠦ ᠴᠢᠨᠠᠷ ᠲᠤ ᠬᠤᠯᠪᠤᠬᠳᠠᠬᠰᠠᠨ ᠴᠢᠬᠤᠯᠠ ᠶᠡᠭᠡ ᠠᠰᠠᠭᠤᠳᠠᠯ ᠪᠤᠯᠤᠨ ᠴᠢᠬᠤᠯᠠ ᠠᠵᠢᠯ ᠲᠠᠢ ᠨᠢᠬᠳᠠ ᠤᠶᠠᠯᠳᠤᠭᠤᠯᠵᠤ᠂ ᠢᠯᠠᠩᠭᠤᠶ᠎ᠠ ︽ᠭᠤᠷᠪᠠᠨ ᠯᠠᠪᠳᠠᠭᠤᠨ ᠪᠠᠳᠤᠳᠠᠢ ᠪᠠᠶᠢᠬᠤ︾ ᠴᠢᠬᠤᠯᠠ ᠡᠭᠦᠷᠭᠡ ᠳᠤ ᠠᠩᠬᠠᠷᠤᠯ ᠢᠶᠠᠨ ᠲᠦᠪᠯᠡᠷᠡᠭᠦᠯᠦᠨ᠂ ᠪᠠᠶᠢᠴᠠᠭᠠᠨ ᠰᠤᠳᠤᠯᠤᠯᠳᠠ ᠰᠤᠳᠤᠯᠭᠠᠨ ᠢ ᠬᠦᠨᠵᠡᠭᠡᠢ ᠦᠷᠨᠢᠭᠦᠯᠵᠦ᠂ ᠪᠤᠳᠠᠳᠤ ᠪᠠᠶᠢᠳᠠᠯ ᠢ ᠤᠶᠢᠯᠠᠭᠠᠨ᠂ ᠦᠨᠡᠨ ᠦᠭᠡ ᠬᠡᠯᠡᠵᠦ ᠮᠡᠷᠭᠡᠨ ᠪᠤᠳᠤᠯᠭ᠎ᠠ ᠲᠡᠪᠰᠢᠭᠦᠯᠦᠨ᠂ ᠨᠠᠮ ᠤᠨ ᠬᠤᠷᠢᠶ᠎ᠠ ᠪᠤᠯᠤᠨ ᠵᠠᠰᠠᠭ ᠤᠨ ᠤᠷᠳᠤᠨ ᠢ ᠬᠠᠪᠰᠤᠷᠤᠨ ᠡᠯ᠎ᠠ ᠵᠦᠢᠯ ᠤᠨ ᠠᠵᠢᠯ ᠦᠷᠨᠢᠭᠦᠯᠭᠦ ᠶᠢ ᠨᠡᠩ ᠰᠠᠶᠢᠳᠤᠷ ᠠᠬᠢᠭᠤᠯᠬᠤ ᠬᠡᠷᠡᠭᠳᠡᠢ᠃ ᠡᠯ᠎ᠠ ᠱᠠᠳᠤᠨ ᠤ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠲᠡᠮᠵᠢᠭᠦ ᠪᠠᠳᠤᠯᠠᠬᠤ ᠬᠠᠮᠵᠢᠯᠴᠠᠬᠤ ᠡᠷᠴᠢᠮ ᠢᠶᠠᠨ ᠴᠢᠩᠭᠠᠷᠠᠭᠤᠯᠵᠤ᠂ ᠪᠠᠶᠢᠴᠠᠭᠠᠨ ᠰᠤᠳᠤᠯᠬᠤ ᠠᠵᠢᠯ ᠦᠷᠨᠢᠭᠦᠯᠭᠦ ᠳᠤ ᠰᠠᠶᠢᠨ ᠰᠠᠶᠢᠬᠠᠨ ᠨᠦᠬᠦᠴᠡᠯ ᠪᠦᠷᠢᠯᠳᠦᠭᠦᠯᠵᠤ ᠦᠭᠭᠦ ᠬᠡᠷᠡᠭᠳᠡᠢ᠃ ᠪᠠᠶᠢᠴᠠᠭᠠᠨ ᠰᠤᠳᠤᠯᠤᠬᠰᠠᠨ ᠦᠷ᠎ᠠ ᠪᠦᠳᠦᠭᠡᠯ ᠤᠨ ᠠᠰᠢᠬᠯᠠᠯᠳᠠ ᠶᠢ ᠲᠡᠭᠡᠳᠦ ᠬᠡᠮᠵᠢᠶ᠎ᠠ ᠪᠠᠷ ᠴᠢᠬᠤᠯᠠᠴᠢᠯᠠᠵᠤ᠂ ᠪᠠᠶᠢᠴᠠᠭᠠᠨ ᠰᠤᠳᠤᠯᠤᠯᠳᠠ ᠶᠢᠨ ︽ᠰᠡᠭᠦᠯᠴᠢ ᠶᠢᠨ ᠬᠠᠭᠠᠰ ᠬᠠᠭᠤᠳᠠᠰᠦ︾᠎ ᠶᠢ ᠦᠨᠡᠨ ᠬᠦ ᠰᠠᠶᠢᠳᠤᠷ ᠪᠢᠴᠢᠭᠯᠡᠵᠤ᠂ ᠪᠠᠶᠢᠴᠠᠭᠠᠨ ᠰᠤᠳᠤᠯᠤᠯᠳᠠ ᠶᠢᠨ ᠦᠷ᠎ᠠ ᠪᠦᠳᠦᠭᠡᠯ ᠤᠨ ᠪᠤᠳᠠᠳᠠᠢ ᠳᠤ ᠨᠡᠶᠢᠳᠡᠪᠦᠷᠢᠵᠢᠭᠤᠯᠤᠬᠳᠠᠨ ᠦᠷ᠎ᠠ ᠪᠦᠳᠦᠮᠵᠢ ᠤᠯᠬᠤ ᠶᠢ ᠠᠬᠢᠭᠤᠯᠬᠤ ᠬᠡᠷᠡᠭᠳᠡᠢ ᠬᠡᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号