ᠥᠪᠥᠷ ᠮᠣᠩᠭᠤᠯ ᠮᠣᠩᠭᠤᠯ ᠡᠮ ᠡᠮᠨᠡᠯᠭᠡ ᠶᠢᠨ ᠲᠤᠰᠬᠠᠶ ᠠᠰᠢᠭ ᠤᠨ ᠴᠥᠭᠦᠷᠥᠮ ᠤᠨ ᠲᠥᠯᠥᠪᠯᠡᠭᠡ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2018/12/13
     ᠤᠷᠴᠢᠮᠬᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠮᠣᠩᠭᠤᠯ ᠡᠮ ᠡᠮᠨᠡᠯᠭᠡ ᠶᠢᠨ ᠲᠤᠰᠬᠠᠶ ᠠᠰᠢᠭ ᠤᠨ ᠴᠥᠭᠦᠷᠥᠮ ᠤᠨ ᠲᠥᠯᠥᠪᠯᠡᠭᠡ ᠶᠢ ᠡᠬᠢᠯᠡᠭᠦᠯᠵᠦ᠂ ᠮᠣᠩᠭᠤᠯ ᠡᠮ ᠡᠮᠨᠡᠯᠭᠡ ᠶᠢᠨ ᠲᠤᠰᠬᠠᠶ ᠠᠰᠢᠭ ᠤᠨ ᠮᠡᠷᠭᠡᠵᠢᠯ ᠢ ᠰᠢᠯᠵᠢᠭᠦᠯᠬᠦ ᠤᠯᠠᠷᠢᠭᠤᠯᠬᠤ ᠰᠤᠯᠢᠯᠴᠠᠬᠤ ᠶᠢ ᠨᠡᠩ ᠢᠯᠡᠭᠦᠦ ︽ᠵᠢᠷᠤᠮᠵᠢᠯ︾᠎ ᠲᠠᠢ ᠪᠤᠯᠭᠠᠪᠠ᠃      ᠣᠶᠢᠯᠠᠭᠠᠭᠰᠠᠨ ᠢᠶᠠᠷ᠂ ᠡᠨᠡ ᠨᠢ ᠮᠠᠨ ᠤ ᠤᠯᠤᠰ ᠤᠨ ᠠᠩᠬᠠᠳᠤᠭᠠᠷ ᠲᠤᠰᠬᠠᠶᠢᠯᠠᠨ ᠮᠣᠩᠭᠤᠯ ᠡᠮ ᠡᠮᠨᠡᠯᠭᠡ ᠶᠢᠨ ᠠᠵᠤ ᠦᠢᠯᠡᠰ ᠪᠣᠯᠤᠨ ᠲᠤᠰᠬᠠᠶ ᠠᠰᠢᠭ ᠤᠨ ᠮᠡᠷᠭᠡᠵᠢᠯ ᠳᠤ ᠬᠡᠷᠡᠭᠵᠢᠭᠦᠯᠦᠭᠰᠡᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠲᠤᠰᠬᠠᠶ ᠠᠰᠢᠭ ᠤᠨ ᠡᠵᠡᠩᠨᠡᠯᠲᠡ ᠶᠢᠨ  ᠴᠦᠬᠦᠷᠦᠮ  ᠪᠤᠯᠤᠨ᠎ᠠ᠃ ᠮᠣᠩᠭᠤᠯ ᠡᠮ ᠡᠮᠨᠡᠯᠭᠡ ᠶᠢᠨ ᠲᠤᠰᠬᠠᠶ ᠠᠰᠢᠭ ᠤᠨ ᠴᠥᠭᠦᠷᠥᠮ ᠤᠨ ᠲᠥᠯᠥᠪᠯᠡᠭᠡ ᠨᠢ ᠤᠯᠠᠨ ᠠᠳᠠᠯᠢ ᠪᠤᠰᠤ ᠬᠦᠷᠢᠶᠡᠨ ᠤ ᠮᠣᠩᠭᠤᠯ ᠡᠮ ᠡᠮᠨᠡᠯᠭᠡ ᠶᠢᠨ ᠲᠤᠰᠬᠠᠶ ᠠᠰᠢᠭ ᠤᠨ ᠡᠷᠬᠡᠲᠦ ᠬᠦᠮᠦᠨ ᠤ ᠤᠯᠠᠨ ᠲᠦᠷᠦᠯ ᠤᠨ ᠲᠤᠰᠬᠠᠢ ᠠᠰᠢᠭ ᠤᠨ ᠦᠷ᠎ᠡ ᠪᠦᠲᠦᠭᠡᠯ ᠢ ᠲᠦᠪᠯᠡᠷᠡᠭᠦᠯᠵᠦ ᠬᠤᠯᠪᠣᠭ᠎ᠠ ᠪᠤᠯᠭᠠᠬᠤ ᠪᠤᠯᠤᠨ᠎ᠠ᠃ ᠬᠤᠯᠪᠣᠭᠠᠨ ᠤ ᠪᠦᠷᠢᠯᠳᠦᠬᠦᠨ ᠬᠤᠭᠤᠷᠣᠨᠳᠣ ᠪᠠᠨ ᠲᠤᠰᠬᠠᠶ ᠠᠰᠢᠭ ᠤᠨ ᠦᠢᠯᠡᠳᠬᠦᠨ ᠢᠶᠠᠨ ᠬᠠᠷᠢᠯᠴᠠᠨ ᠡᠷᠬᠡ ᠣᠯᠭᠤᠨ ᠬᠡᠷᠡᠭᠯᠡᠵᠦ ᠪᠤᠯᠤᠨ᠎ᠠ᠂ ᠪᠠᠰᠠ ᠭᠤᠷᠪᠠᠳᠠᠬᠢ ᠡᠲᠡᠭᠡᠳ ᠲᠤ ᠲᠦᠪᠯᠡᠷᠡᠭᠦᠯᠦᠨ ᠡᠷᠬᠡ ᠣᠯᠭᠤᠵᠤ ᠬᠡᠷᠡᠭᠯᠡᠭᠦᠯᠵᠦ ᠪᠣᠯᠤᠨ᠎ᠠ᠂ ᠡᠨᠡ ᠨᠢ ᠥᠩᠭᠡᠷᠡᠭᠰᠡᠨ ᠳᠤ ᠮᠣᠩᠭᠤᠯ ᠡᠮ ᠡᠮᠨᠡᠯᠭᠡ ᠶᠢᠨ ᠦᠢᠯᠡᠳᠪᠦᠷᠢᠯᠡᠯ ᠤᠨ ᠠᠵᠤ ᠠᠬᠤᠶᠢᠯᠠᠯ ᠰᠢᠨ᠎ᠡ ᠦᠢᠯᠡᠳᠬᠦᠨ ᠢ ᠨᠡᠭᠡᠭᠡᠨ ᠬᠦᠭᠵᠢᠭᠦᠯᠬᠦ ᠳᠤ ᠪᠠᠨ ᠠᠳᠠᠯᠢ ᠪᠤᠰᠤ ᠬᠦᠷᠢᠶᠡᠨ ᠤ ᠲᠤᠰᠬᠠᠶ ᠠᠰᠢᠭ ᠤᠨ ᠡᠷᠬᠡᠲᠦ ᠬᠦᠮᠦᠨ ᠠᠴᠠ ᠲᠤᠰ ᠲᠤᠰ ᠵᠦᠪᠰᠢᠶᠡᠷᠡᠯ ᠭᠤᠶᠤᠴᠢᠯᠠᠬᠤ ᠴᠢᠬᠤᠯᠠ ᠲᠠᠢ ᠪᠠᠶᠢᠭᠰᠠᠨ ᠪᠠᠶᠢᠳᠠᠯ ᠢ ᠬᠤᠪᠢᠷᠠᠭᠤᠯᠵᠠᠢ᠃      ᠲᠤᠰᠬᠠᠶ ᠮᠡᠷᠭᠡᠵᠢᠯᠲᠡᠨ ᠵᠢᠭᠠᠵᠤ ᠭᠠᠷᠭᠠᠭᠰᠠᠨ ᠨᠢ᠂ ᠤᠯᠠᠨ ᠵᠢᠯ ᠤᠨ ᠲᠤᠷᠰᠢ᠂ ᠮᠠᠨ ᠤ ᠤᠯᠤᠰ ᠤᠨ ᠳᠥᠷᠪᠡᠨ ᠶᠡᠭᠡ ᠦᠨᠳᠦᠰᠦᠲᠡᠨ ᠤ ᠡᠮ ᠡᠮᠨᠡᠯᠭᠡ ᠶᠢᠨ ᠰᠢᠰᠲ᠋ᠧᠮᠵᠢ ᠶᠢᠨ ᠨᠢᠭᠡ ᠪᠣᠯᠤᠭᠰᠠᠨ ᠮᠣᠩᠭᠤᠯ ᠡᠮ ᠡᠮᠨᠡᠯᠭᠡ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠪᠠᠶᠢᠳᠠᠯ ᠳᠤ ᠬᠥᠮᠦᠰ ᠰᠠᠨᠠᠭᠠᠰᠢᠷᠠᠯ ᠪᠤᠯᠵᠤ᠂ ᠲᠤᠰᠬᠠᠶ ᠠᠰᠢᠭ ᠤᠨ ᠲᠤᠭ᠎ᠠ ᠨᠢ ᠴᠥᠭᠡᠨ᠂ ᠲᠤᠰᠬᠠᠶ ᠠᠰᠢᠭ ᠤᠨ ᠬᠠᠮᠠᠭᠠᠯᠠᠯᠲᠠ ᠶᠢᠨ ᠤᠬᠠᠮᠰᠠᠷ ᠨᠢ ᠴᠢᠩᠭ᠎ᠠ ᠪᠢᠰᠢ᠂ ᠨᠠᠷᠠᠲᠤ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢᠨ ᠦᠵᠡᠯ ᠤᠬᠠᠮᠰᠠᠷ ᠳᠤᠲᠠᠮᠠᠭ᠂ ᠵᠥᠪᠬᠡᠨ ᠬᠡᠷᠡᠭᠯᠡᠵᠦ ᠴᠢᠳᠠᠬᠤ ᠠᠴᠠ ᠪᠢᠰᠢ ᠬᠠᠮᠠᠭᠠᠯᠠᠬᠤ ᠶᠢ ᠮᠡᠳᠡᠬᠦ ᠦᠭᠡᠢ ᠪᠠᠶᠢᠭᠰᠠᠨ ᠵᠡᠷᠭᠡ ᠨᠡᠶᠢᠳᠡᠮ ᠣᠷᠣᠰᠢᠵᠤ ᠪᠠᠶᠢᠭ᠎ᠠ ᠠᠰᠠᠭᠤᠳᠠᠯ ᠨᠢ ᠨᠢᠭᠡᠨᠲᠡ ᠮᠣᠩᠭᠤᠯ ᠡᠮ ᠡᠮᠨᠡᠯᠭᠡ ᠶᠢᠨ ᠮᠡᠷᠭᠡᠵᠢᠯ ᠤᠨ ᠰᠢᠨ᠎ᠡ ᠡᠭᠦᠳᠦᠯᠲᠡ ᠪᠠ ᠠᠵᠤ ᠦᠢᠯᠡᠰ ᠤᠨ ᠬᠥᠭᠵᠢᠯᠲᠡ ᠶᠢ ᠬᠦᠨᠳᠦ ᠨᠣᠴᠢᠲᠠᠶ ᠬᠢᠵᠠᠭᠠᠷᠯᠠᠵᠤ ᠪᠠᠶᠢᠪᠠ ᠭᠡᠵᠡᠢ᠃      ᠤᠳᠤᠬᠠᠨ ᠳᠤ᠂ ᠮᠠᠨ ᠤ ᠤᠯᠤᠰ ᠲᠤ ᠪᠠᠷᠤᠭ 600 ᠬᠤᠪᠢ ᠮᠣᠩᠭᠤᠯ ᠡᠮ ᠡᠮᠨᠡᠯᠭᠡ ᠶᠢᠨ ᠬᠠᠮᠢᠶ᠎ᠠ ᠪᠥᠬᠦᠶ ᠲᠤᠰᠬᠠᠶ ᠠᠰᠢᠭ ᠪᠠᠶᠢᠵᠤ᠂ ᠲᠤᠰᠬᠠᠶ ᠠᠰᠢᠭ ᠭᠤᠶᠤᠴᠢᠯᠠᠭᠴᠢ ᠨᠢ 300 ᠭᠠᠷᠤᠶ ᠬᠥᠮᠦᠨ ᠪᠠᠶᠢᠨ᠎ᠠ᠃ ᠮᠣᠩᠭᠤᠯ ᠡᠮ ᠡᠮᠨᠡᠯᠭᠡ ᠶᠢᠨ ᠲᠤᠰᠬᠠᠶ ᠠᠰᠢᠭ ᠪᠤᠯᠭᠠᠨ ᠤᠯᠠᠷᠢᠭᠤᠯᠬᠤ ᠵᠦᠢᠯ ᠳᠤ ᠮᠣᠩᠭᠤᠯ ᠡᠮ ᠤᠨ ᠮᠠᠲ᠋ᠧᠷᠢᠶᠠᠯ᠂ ᠮᠤᠩᠭᠤᠯ ᠡᠮ ᠤᠨ ᠨᠡᠶᠢᠯᠡᠮᠡᠯ ᠵᠤᠷ ᠤᠨ ᠨᠠᠶᠢᠷᠠᠯᠲᠠ ᠵᠡᠷᠭᠡ ᠪᠠᠭᠲᠠᠨ᠎ᠠ᠃      ᠣᠶᠢᠯᠠᠭᠠᠭᠰᠠᠨ ᠢᠶᠠᠷ᠂ ᠮᠣᠩᠭᠤᠯ ᠡᠮ ᠡᠮᠨᠡᠯᠭᠡ ᠶᠢᠨ ᠲᠤᠰᠬᠠᠶ ᠠᠰᠢᠭ ᠤᠨ ᠴᠥᠭᠦᠷᠥᠮ ᠨᠢ ᠪᠦᠬᠦ ᠤᠯᠤᠰ ᠤᠨ ᠮᠣᠩᠭᠤᠯ ᠡᠮ ᠡᠮᠨᠡᠯᠭᠡ ᠶᠢᠨ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠬᠢᠭᠡᠳ ᠠᠷᠠᠳ ᠤᠨ ᠠᠵᠢᠯ ᠡᠷᠬᠢᠯᠡᠵᠦ ᠪᠠᠶᠢᠭ᠎ᠠ ᠬᠦᠮᠦᠰ ᠲᠠᠢ ᠪᠦᠬᠦ ᠲᠠᠯ᠎ᠠ ᠪᠠᠷ ᠵᠣᠯᠭᠠᠭᠤᠯᠵᠤ᠂ ᠮᠣᠩᠭᠤᠯ ᠡᠮ ᠡᠮᠨᠡᠯᠭᠡ ᠶᠢᠨ ᠲᠤᠰᠬᠠᠶ ᠠᠰᠢᠭ ᠢ ᠦᠷᠭᠡᠨ ᠴᠤᠭᠯᠠᠭᠤᠯᠤᠨ ᠴᠦᠬᠦᠷᠦᠮ ᠳᠤ ᠤᠷᠤᠭᠤᠯᠬᠤ ᠪᠠ ᠡᠮᠬᠢᠯᠡᠵᠦ᠂ ᠴᠢᠨᠠᠷ ᠰᠠᠶᠢᠲᠠᠢ ᠮᠣᠩᠭᠤᠯ ᠡᠮ ᠡᠮᠨᠡᠯᠭᠡ ᠶᠢᠨ ᠮᠡᠷᠭᠡᠵᠢᠯ ᠤᠨ ᠲᠤᠰᠬᠠᠶ ᠠᠰᠢᠭ ᠢ ᠠᠮᠢᠳᠤᠯᠢᠭᠵᠢᠭᠤᠯᠬᠤ ᠪᠠ ᠰᠢᠯᠢᠳᠡᠭᠵᠢᠭᠦᠯᠬᠦ ᠶᠢᠨ ᠬᠠᠮᠲᠤ ᠴᠦᠬᠦᠷᠦᠮ ᠤᠨ ᠳᠤᠲᠤᠷᠠᠬᠢ ᠮᠡᠷᠭᠡᠵᠯ ᠤᠨ ᠲᠤᠰᠬᠠᠶ ᠠᠰᠢᠭ ᠲᠤ ᠪᠦᠬᠦ ᠶᠠᠪᠤᠴᠠ ᠪᠠᠷ ᠨᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠲᠤᠰᠬᠠᠶ ᠮᠡᠷᠭᠡᠵᠢᠯ ᠤᠨ ᠵᠢᠯᠣᠭᠤᠳᠣᠯᠭ᠎ᠠ ᠬᠢᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号