12 ᠳ᠋ᠤᠭᠠᠷ ᠰᠠᠷ᠎ᠠ ᠶᠢᠨ 12 ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠬᠠᠤ ᠤᠷᠤᠨ ᠤ ᠨᠠᠮ ᠤᠨ | ᠬᠤᠷᠢᠶᠠᠨ ᠤ ᠱᠦᠵᠢ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠭᠤᠯᠤᠮᠵᠢ ᠤᠷᠤᠨ | ᠲᠤᠭ᠎ᠠ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ | ᠪᠠᠶᠢᠭᠤᠯᠤᠮᠵᠢ ᠤᠷᠤᠨ ᠲᠤᠭ᠎ᠠ ᠶᠢᠨ ᠬᠤᠷᠢᠶᠠᠨ ᠤ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ | ᠬᠤᠷᠠᠯᠳᠤᠭᠤᠯᠬᠤ ᠳᠤ ᠪᠠᠨ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠪᠠᠶᠢᠭᠤᠯᠤᠮᠵᠢ ᠶᠢᠨ | ᠦᠭᠡᠷᠡᠴᠢᠯᠡᠯᠳᠡ ᠪᠠ ᠪᠠᠶᠢᠭᠤᠯᠤᠮᠵᠢ ᠤᠷᠤᠨ ᠲᠤᠭ᠎ᠠ ᠶᠢᠨ ᠠᠵᠢᠯ ᠤᠨ ᠲᠤᠬᠠᠢ ᠴᠢᠬᠤᠯᠠ ᠦᠭᠦᠯᠡᠯᠳᠡ ᠶᠢ ᠬᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠦᠨᠡᠨ ᠬᠦ ᠤᠯᠤᠰ ᠲᠦᠷᠦ ᠶᠢᠨ ᠵᠤᠬᠰᠤᠴᠠ ᠪᠠᠨ ᠲᠡᠭᠡᠭᠰᠢᠯᠡᠭᠦᠯᠦᠨ᠂ ᠤᠯᠤᠰ | ᠲᠦᠷᠦ ᠶᠢᠨ ᠬᠠᠷᠢᠭᠤᠴᠠᠯᠭ᠎ᠠ ᠪᠠᠨ ᠬᠦᠢᠴᠡᠳᠭᠡᠵᠤ᠂ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠦ᠂ | ᠪᠠᠶᠢᠭᠤᠯᠤᠮᠵᠢ ᠶᠢᠨ ᠦᠭᠡᠷᠡᠴᠢᠯᠡᠯᠳᠡ ᠪᠠ ᠪᠠᠶᠢᠭᠤᠯᠤᠮᠵᠢ ᠤᠷᠤᠨ ᠲᠤᠭ᠎ᠠ ᠶᠢᠨ ᠠᠵᠢᠯ ᠢ ᠯᠠᠪᠳᠠᠭᠤᠨ ᠪᠠᠳᠤᠳᠠᠢ | ᠰᠠᠶᠢᠳᠤᠷ ᠬᠢᠵᠤ᠂ ᠪᠦᠬᠦ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠳᠤ ᠪᠠᠶᠢᠭᠤᠯᠤᠯ ᠲᠤᠬᠳᠠᠴᠠ ᠪᠤᠯᠤᠨ | ᠪᠠᠶᠢᠭᠤᠯᠤᠮᠵᠢ ᠤᠷᠤᠨ ᠲᠤᠭ᠎ᠠ ᠶᠢᠨ ᠬᠦᠴᠦᠳᠤ ᠪᠠᠳᠤᠯᠠᠭ᠎ᠠ ᠬᠠᠩᠭᠠᠬᠤ ᠬᠡᠷᠡᠭᠳᠡᠢ ᠬᠡᠪᠠ᠃ | ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠪᠠᠶᠢᠭᠤᠯᠤᠮᠵᠢ ᠤᠷᠤᠨ ᠲᠤᠭ᠎ᠠ ᠶᠢᠨ ᠬᠤᠷᠢᠶᠠᠨ ᠤ | ᠲᠡᠳ᠋ ᠡᠷᠬᠢᠯᠡᠭᠴᠢ ᠪᠦ᠋ ᠰᠢᠶᠤᠤ ᠯᠢᠨ ᠬᠤᠷᠠᠯ ᠳᠤ ᠤᠷᠤᠯᠴᠠᠵᠠᠢ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠪᠠ | ᠪᠠᠶᠢᠭᠤᠯᠤᠮᠵᠢ ᠤᠷᠤᠨ ᠲᠤᠭ᠎ᠠ ᠶᠢᠨ ᠠᠵᠢᠯ ᠤᠨ ᠲᠤᠬᠠᠢ ᠴᠢᠬᠤᠯᠠ ᠦᠭᠦᠯᠡᠯᠳᠡ ᠶᠢ ᠰᠤᠷᠤᠯᠴᠠᠵᠤ᠂ ︽ᠲᠤᠮᠳᠠᠳᠤ | ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠬᠤᠷᠢᠶᠠᠨ ᠤ | ᠪᠠᠶᠢᠭᠤᠯᠤᠮᠵᠢ ᠤᠷᠤᠨ ᠲᠤᠭ᠎ᠠ ᠶᠢᠨ ᠬᠤᠷᠢᠶᠠᠨ ᠤ ᠠᠵᠢᠯ ᠤᠨ ᠲᠦᠷᠢᠮ︾ ︽ᠲᠤᠮᠳᠠᠳᠤ ᠤᠯᠤᠰ ᠤᠨ ᠡᠪ ᠬᠠᠮᠳᠤ | ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠬᠤᠷᠢᠶᠠᠨ ᠤ ᠪᠠᠶᠢᠭᠤᠯᠤᠮᠵᠢ ᠤᠷᠤᠨ ᠲᠤᠭ᠎ᠠ ᠶᠢᠨ | ᠬᠤᠷᠢᠶᠠᠨ ᠤ ᠠᠯᠪᠠᠨ ᠬᠡᠷ ᠤᠨ ᠠᠵᠢᠯ ᠤᠨ ᠨᠠᠷᠢᠨ ᠲᠦᠷᠢᠮ︾ ᠪᠠ ᠤᠷᠤᠨ ᠤ ᠰᠢᠭᠤᠳ ᠬᠠᠷᠢᠶ᠎ᠠ ᠰᠠᠯᠠᠭ᠎ᠠ ᠮᠦᠴᠢᠷ | ᠤᠨ ︽ᠭᠤᠷᠪᠠ ᠶᠢ ᠲᠤᠬᠳᠠᠭᠠᠬᠤ︾ ᠲᠤᠬᠳᠠᠭᠠᠯ ᠢ ᠬᠢᠨᠠᠨ ᠵᠦᠪᠯᠡᠵᠤ ᠪᠠᠳᠤᠯᠠᠨ᠂ 2018 ᠣᠨ ᠤ ᠪᠠᠶᠢᠭᠤᠯᠤᠮᠵᠢ | ᠤᠷᠤᠨ ᠲᠤᠭ᠎ᠠ ᠶᠢᠨ ᠠᠵᠢᠯ ᠢ ᠪᠡᠶᠡᠯᠡᠭᠦᠯᠦᠭᠰᠡᠨ ᠪᠠᠶᠢᠳᠠᠯ ᠪᠤᠯᠤᠨ 2019 ᠣᠨ ᠤ ᠠᠵᠢᠯ ᠤᠨ | ᠲᠤᠬᠢᠷᠠᠭᠤᠯᠤᠯᠳᠠ ᠶᠢᠨ ᠬᠠᠷᠢᠭᠤ ᠮᠡᠳᠡᠭᠦᠯᠦᠯᠳᠡ ᠶᠢ ᠰᠤᠨᠤᠰᠴᠠᠢ᠃ | ᠯᠢ ᠵᠢᠢ ᠾᠧᠩ ᠵᠢᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠪᠠᠶᠢᠭᠤᠯᠤᠮᠵᠢ ᠶᠢᠨ ᠦᠭᠡᠷᠡᠴᠢᠯᠡᠯᠳᠡ | ᠪᠠ ᠪᠠᠶᠢᠭᠤᠯᠤᠮᠵᠢ ᠤᠷᠤᠨ ᠲᠤᠭ᠎ᠠ ᠶᠢᠨ ᠠᠵᠢᠯ ᠢ ᠲᠡᠭᠡᠳᠦ ᠬᠡᠮᠵᠢᠶ᠎ᠠ ᠪᠠᠷ ᠴᠢᠬᠤᠯᠠᠴᠢᠯᠠᠵᠤ᠂ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠠᠯᠢ ᠤᠯᠠᠨ ᠴᠢᠬᠤᠯᠠ ᠶᠠᠷᠢᠶ᠎ᠠ ᠨᠡᠶᠢᠳᠡᠯᠡᠨ᠂ ᠴᠢᠬᠤᠯᠠ ᠵᠢᠭᠠᠪᠤᠷᠢ ᠦᠭᠴᠤ᠂ | ᠪᠢᠳᠡᠨ ᠤ ᠰᠢᠨ᠎ᠠ ᠴᠠᠭ ᠦᠶ᠎ᠠ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠪᠠ ᠪᠠᠶᠢᠭᠤᠯᠤᠮᠵᠢ ᠤᠷᠤᠨ ᠲᠤᠭ᠎ᠠ ᠶᠢᠨ | ᠠᠵᠢᠯ ᠢ ᠰᠠᠶᠢᠳᠤᠷ ᠬᠢᠭᠦ ᠳᠤ ᠦᠨᠳᠦᠰᠦᠨ ᠵᠢᠷᠤᠮᠯᠠᠯ ᠬᠠᠩᠭᠠᠪᠠ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ | ᠪᠠᠶᠢᠭᠤᠯᠤᠮᠵᠢ ᠶᠢᠨ ᠦᠭᠡᠷᠡᠴᠢᠯᠡᠯᠳᠡ ᠪᠠ ᠪᠠᠶᠢᠭᠤᠯᠤᠮᠵᠢ ᠤᠷᠤᠨ ᠲᠤᠭ᠎ᠠ ᠶᠢᠨ ᠠᠵᠢᠯ ᠤᠨ ᠲᠤᠬᠠᠢ ᠴᠢᠬᠤᠯᠠ | ᠦᠭᠦᠯᠡᠯᠳᠡ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠦᠪ ᠬᠤᠷᠢᠶᠠᠨ ᠤ ᠪᠠᠶᠢᠷᠢᠯᠠᠭᠤᠯᠤᠯᠳᠠ | ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠬᠡᠷᠡᠭᠵᠢᠭᠦᠯᠵᠤ᠂ ᠨᠠᠮ ᠤᠨ ᠬᠤᠷᠢᠶ᠎ᠠ ᠪᠤᠯᠤᠨ ᠵᠠᠰᠠᠭ ᠤᠨ ᠤᠷᠳᠤᠨ ᠤ | ᠭᠤᠤᠯ ᠠᠵᠢᠯ᠂ ᠠᠷᠠᠳ ᠤᠯᠠᠨ ᠤ ᠠᠩᠬᠠᠷᠤᠯ ᠲᠠᠯᠪᠢᠵᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠤᠭᠤᠷᠢᠨ ᠳᠤ | ᠪᠠᠶᠢᠭᠤᠯᠤᠮᠵᠢ ᠶᠢᠨ ᠪᠠᠶᠢᠷᠢᠯᠠᠭᠤᠯᠤᠯᠳᠠ ᠪᠤᠯᠤᠠ ᠤᠷᠤᠨ ᠲᠤᠭ᠎ᠠ ᠶᠢᠨ ᠬᠠᠮᠢᠶᠠᠷᠤᠯᠳᠠ ᠶᠢᠨ ᠰᠢᠨ᠎ᠠ ᠶᠢ ᠡᠭᠦᠳᠴᠤ᠂ | ᠬᠦᠭᠵᠢᠯᠳᠡ ᠶᠢ ᠬᠦᠯᠢᠶᠡᠰᠦᠯᠡᠵᠤ ᠪᠦᠬᠦᠢ ᠪᠠᠶᠢᠭᠤᠯᠤᠯ ᠲᠤᠬᠳᠠᠴᠠ ᠶᠢᠨ ᠰᠠᠭᠠᠳ ᠲᠤᠳᠬᠠᠷ ᠢ ᠬᠦᠴᠦᠯᠡᠨ ᠡᠪᠳᠡᠵᠤ᠂ | ᠦᠭᠡᠷᠡᠴᠢᠯᠡᠯᠳᠡ ᠬᠦᠭᠵᠢᠯᠳᠡ ᠲᠤᠬᠳᠠᠭᠤᠨ ᠢ ᠨᠦᠯᠦᠭᠡᠯᠡᠵᠤ ᠪᠦᠬᠦᠢ ᠪᠦᠬᠦ ᠲᠠᠯᠠᠳᠤ ᠴᠢᠨᠠᠷᠳᠠᠢ ᠠᠯᠤᠰ ᠬᠡᠳᠦ ᠶᠢᠨ | ᠴᠢᠨᠠᠷᠳᠠᠢ ᠠᠰᠠᠭᠤᠳᠠᠯ ᠢ ᠰᠢᠢᠳᠪᠦᠷᠢᠯᠡᠭᠦ ᠶᠢ ᠠᠬᠢᠭᠤᠯᠬᠤ ᠬᠡᠷᠡᠭᠳᠡᠢ ᠬᠡᠪᠠ᠃ | |