ᠰᠢᠯᠢ ᠶᠢᠨ ᠭᠤᠣᠯ ᠠᠶᠢᠮᠠᠭ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ ᠳᠠᠪᠠᠯᠲᠠ ᠮᠠᠶ᠋ᠢᠭ ᠤᠨ ᠬᠥᠭᠵᠢᠯᠲᠡ ᠲᠠᠢ ᠪᠣᠯᠪᠠ
ᠨᠡᠶᠢᠲᠡᠯᠡᠭᠰᠡᠨ ᠴᠠᠭ᠄
2018/12/13
     ᠨᠢᠭᠡ ᠳᠤ ᠮᠡᠳᠡᠭᠡ ᠬᠤᠯᠪᠣᠭᠠᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠮᠡᠳᠡᠭᠳᠡᠬᠦ᠋ᠢᠴᠡ ᠠᠮᠵᠢᠯᠲᠠ ᠪᠦᠲᠦᠮᠵᠢ ᠣᠯᠵᠠᠶ᠃ ᠴᠠᠬᠢᠯᠭᠠᠨ ᠬᠤᠯᠪᠣᠭᠠᠨ ᠤ ᠲᠦᠭᠡᠮᠡᠯ ᠦᠢᠯᠡᠴᠢᠯᠡᠭᠡᠨ ᠤ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠰᠢᠯᠵᠢᠮᠡᠯ ᠰᠦᠯᠵᠢᠶ᠎ᠡ ᠶᠢᠨ ᠰᠢᠯᠢᠳᠡᠭᠵᠢᠭᠦᠯᠦᠨ ᠰᠢᠨᠡᠳᠬᠡᠨ ᠵᠠᠰᠠᠬᠤ ᠢᠨᠵᠧᠨᠧᠷᠢᠩ᠂ ᠳᠠᠮᠵᠢᠭᠤᠯᠬᠤ ᠲᠣᠣᠷ ᠤᠨ ᠪᠥᠳᠥᠭᠡᠨ ᠪᠠᠶᠢᠭᠤᠯᠤᠯᠲᠠ ᠶᠢᠨ ᠢᠨᠵᠧᠨᠧᠷᠢᠩ ᠪᠣᠯᠤᠨ ᠬᠤᠲᠠ ᠪᠠᠯᠭᠠᠰᠤᠨ ᠤ ᠥᠷᠭᠡᠨ ᠪᠦᠰᠡᠲᠦ ᠰᠦᠯᠵᠢᠶᠡᠨ ᠤ ᠬᠤᠷᠳᠤᠴᠠ ᠶᠢ ᠳᠡᠭᠡᠭᠰᠢᠯᠡᠭᠦᠯᠬᠦ ᠵᠡᠷᠭᠡ ᠳᠥᠷᠪᠡᠨ ᠢᠨᠵᠧᠨᠧᠷᠢᠩ ᠎ ᠨᠢ ᠨᠡᠶᠢᠲᠡ 4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠰᠢᠯᠢ ᠶᠢᠨ ᠭᠤᠣᠯ ᠠᠶᠢᠮᠠᠭ ᠬᠤᠲᠠ ᠲᠣᠭᠤᠷᠢᠭ᠂ ᠰᠢᠶᠠᠩ ᠪᠠᠯᠭᠠᠰᠤ᠂ ᠭᠤᠣᠯ ᠪᠣᠯᠬᠤ ᠮᠤᠵᠢ ᠶᠢᠨ ᠱᠠᠲᠤᠨ ᠤ ᠠᠯᠳᠠᠷᠲᠤ ᠦᠵᠡᠮᠵᠢ ᠶᠢᠨ ᠣᠷᠣᠨ᠂ ᠦᠨᠳᠦᠷ ᠬᠤᠷᠳᠤᠴᠠᠲᠤ ᠵᠠᠰᠠᠮᠠᠯ ᠵᠡᠮ᠂ ᠠᠶᠠᠨᠴᠢᠳ ᠤᠨ ᠵᠥᠭᠡᠭᠡᠪᠦᠷᠢ ᠶᠢᠨ ᠲᠡᠮᠥᠷ ᠵᠠᠮ᠂ ᠤᠯᠤᠰ ᠤᠨ ᠵᠠᠮ᠂ ᠴᠢᠬᠤᠯᠠ ᠪᠦᠬᠦᠢ ᠮᠤᠵᠢ ᠶᠢᠨ ᠳᠡᠰ ᠤᠨ ᠵᠠᠮ ᠵᠢᠴᠢ ᠬᠡᠰᠡᠭ ᠬᠥᠭᠵᠢᠭᠰᠡᠨ ᠰᠢᠶᠠᠨ ᠤ ᠳᠡᠰ ᠤᠨ ᠵᠠᠮ᠂ ᠭᠤᠷᠪᠠᠨ ᠣᠳᠣᠨ ᠲᠡᠮᠳᠡᠭᠲᠦ ᠠᠴᠠ ᠳᠡᠭᠡᠭᠰᠢᠬᠢ ᠵᠣᠴᠢᠳ ᠤᠨ ᠪᠠᠭᠤᠳᠠᠯ᠂ ᠴᠢᠬᠤᠯᠠ ᠠᠯᠪᠠᠨ ᠠᠰᠠᠷ᠂ ᠭᠤᠣᠯᠳᠠᠯᠭ᠎ᠠ ᠲᠠᠢ ᠶᠡᠭᠡ ᠳᠡᠭᠡᠳᠦ ᠰᠤᠷᠭᠠᠭᠤᠯᠢ ᠳᠤ ᠰᠢᠯᠵᠢᠮᠡᠯ ᠰᠦᠯᠵᠢᠶ᠎ᠡ ᠶᠢ ᠦᠨᠳᠦᠰᠦᠨ ᠳᠡᠭᠡᠨ ᠪᠦᠷᠬᠦᠭᠦᠯᠵᠡᠢ᠃ ᠰᠢᠯᠢ ᠶᠢᠨ ᠭᠤᠣᠯ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠥᠷᠭᠡᠨ ᠪᠦᠰᠡᠲᠦ ᠰᠦᠯᠵᠢᠶᠠᠨ ᠤ ᠬᠤᠷᠳᠤᠴᠠ ᠎ ᠨᠢ 8M ᠬᠦᠷᠬᠦ ᠦᠭᠡᠢ ᠪᠠᠶᠢᠭᠰᠠᠨ ᠠᠴᠠ ᠪᠠᠨ 20M ᠪᠣᠯᠣᠨ ᠳᠡᠭᠡᠭᠰᠢᠯᠡᠵᠦ᠂ ᠪᠦᠷᠬᠦᠴᠡ ᠨᠢ 34% ᠬᠦᠷᠬᠦ ᠦᠭᠡᠢ ᠪᠠᠶᠢᠭᠰᠠᠨ ᠠᠴᠠ ᠪᠠᠨ 98% ᠬᠦᠷᠴᠡᠢ᠃ ᠬᠤᠶᠠᠷ ᠲᠤ ᠠᠵᠤ ᠦᠢᠯᠡᠳᠪᠦᠷᠢᠵᠢᠯᠲᠡ ᠪᠣᠯᠣᠨ ᠮᠡᠳᠡᠭᠡ ᠵᠠᠩᠭᠢᠴᠢᠯᠠᠯᠲᠠ ᠶᠢᠨ ᠠᠭᠤᠰᠤᠯᠴᠠᠯ ᠪᠣᠳᠠᠲᠠᠢ ᠠᠬᠢᠴᠠ ᠲᠠᠢ ᠪᠣᠯᠵᠠᠢ᠃ ᠰᠥᠨᠢᠳ ᠤᠨ ᠶᠢᠨ ᠰᠢ ᠨᠡᠷᠡᠮᠵᠢᠲᠦ ᠠᠯᠲᠠᠨ ᠤ ᠠᠭᠤᠷᠬᠠᠶ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢ ᠤᠯᠤᠰ ᠤᠨ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ ᠶᠠᠮᠤᠨ ᠤ ᠠᠵᠤ ᠦᠢᠯᠡᠳᠪᠦᠷᠢᠵᠢᠯᠲᠡ ᠪᠣᠯᠣᠨ ᠮᠡᠳᠡᠭᠡ ᠵᠠᠩᠭᠢᠴᠢᠯᠠᠯᠲᠠ ᠶᠢᠨ ᠠᠭᠤᠰᠤᠯᠴᠠᠯ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠦᠨᠡᠯᠡᠨ ᠲᠣᠭᠲᠠᠭᠠᠵᠤ ᠰᠢᠯᠭᠠᠨ ᠠᠪᠬᠤ ᠳᠤ ᠠᠮᠵᠢᠯᠲᠠ ᠲᠠᠢ ᠪᠠᠲᠤᠯᠠᠭᠳᠠᠵᠤ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠠᠴᠠ ᠣᠯᠭᠤᠭᠰᠠᠨ ︽ᠠᠵᠤ ᠦᠢᠯᠡᠳᠪᠦᠷᠢᠵᠢᠯᠲᠡ ᠪᠣᠯᠣᠨ ᠮᠡᠳᠡᠭᠡ ᠵᠠᠩᠭᠢᠴᠢᠯᠠᠯᠲᠠ ᠶᠢᠨ ᠠᠭᠤᠰᠤᠯᠴᠠᠯ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠦᠨᠡᠯᠡᠨ ᠲᠣᠭᠲᠠᠭᠠᠭᠰᠠᠨ ᠭᠡᠷᠡᠴᠢ ᠦᠨᠡᠮᠯᠡᠯ︾᠎ ᠢ ᠬᠦᠷᠲᠡᠵᠦ᠂ ᠰᠢᠯᠢ ᠶᠢᠨ ᠭᠤᠣᠯ ᠠᠶᠢᠮᠠᠭ ᠤᠨ ᠠᠩᠬᠠᠳᠠᠭᠴᠢ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠤ ᠰᠢᠯᠭᠠᠨ ᠠᠪᠤᠭᠰᠠᠨ ᠠᠵᠤ ᠦᠢᠯᠡᠳᠪᠦᠷᠢᠵᠢᠯᠲᠡ ᠪᠣᠯᠣᠨ ᠮᠡᠳᠡᠭᠡ ᠵᠠᠩᠭᠢᠴᠢᠯᠠᠯᠲᠠ ᠶᠢᠨ ᠠᠭᠤᠰᠤᠯᠴᠠᠯ ᠤᠨ ᠬᠠᠮᠢᠶᠠᠷᠤᠯᠲᠠ ᠶᠢᠨ ᠰᠢᠰᠲ᠋ᠧᠮᠵᠢ ᠶᠢᠨ ᠲᠡᠮᠳᠡᠭ ᠣᠯᠣᠭᠰᠠᠨ ᠲᠤᠷᠰᠢᠯᠲᠠ ᠶᠢᠨ ᠠᠵᠤ ᠠᠬᠤᠶᠢᠯᠠᠯ ᠪᠣᠯᠵᠠᠢ᠃ ᠭᠤᠷᠪᠠ ᠳᠤ ︽ᠠᠵᠤ ᠠᠬᠤᠶᠢᠯᠠᠯ ᠤᠳ ᠢ ᠡᠭᠦᠯᠡᠨ ᠳᠤ ᠭᠠᠷᠭᠠᠬᠤ︾ ᠠᠵᠢᠯ ᠢ ᠢᠳᠡᠪᠬᠢᠲᠡᠶ ᠪᠠᠷ ᠲᠦᠯᠬᠢᠨ ᠠᠬᠢᠭᠤᠯᠵᠠᠢ᠃ ᠰᠢᠯᠢ ᠶᠢᠨ ᠭᠤᠣᠯ ᠠᠶᠢᠮᠠᠭ ᠤᠨ ︽ᠠᠵᠤ ᠠᠬᠤᠶᠢᠯᠠᠯ ᠤᠳ ᠢ ᠡᠭᠦᠯᠡᠨ ᠳᠤ ᠭᠠᠷᠭᠠᠬᠤ︾ ᠠᠵᠢᠯ ᠨᠢ ᠨᠡᠶᠢᠲᠡ 13 ᠤᠳᠠᠭ᠎ᠠ ᠤᠬᠠᠭᠤᠯᠤᠯ ᠲᠠᠶᠢᠯᠪᠤᠷᠢ ᠬᠢᠵᠦ᠂ ᠪᠣᠯᠪᠠᠰᠤᠷᠠᠭᠤᠯᠤᠯ ᠤᠨ ᠪᠦᠷᠬᠦᠴᠡ ᠨᠢ 100%᠎ ᠳᠤ ᠬᠦᠷᠴᠦ᠂ 91 ᠠᠵᠤ ᠠᠬᠤᠶᠢᠯᠠᠯ᠂ 136 ᠠᠭᠤᠯᠭ᠎ᠠ ᠶᠢ ᠡᠭᠦᠯᠡᠨ ᠳᠤ ᠭᠠᠷᠭᠠᠵᠠᠢ᠃ ᠥᠪᠥᠷ ᠮᠣᠩᠭᠤᠯ ᠤᠨ ᠼᠤᠤ ᠳ᠋ᠦ᠋ ᠡᠪᠡᠰᠦᠨ ᠤ ᠦᠢᠯᠡᠰ ᠪᠣᠯᠤᠨ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ᠂ ᠰᠢᠨ᠎ᠡ ᠲᠣᠷᠭᠠᠨ ᠵᠠᠮ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠢᠵᠠᠭᠠᠷᠲᠤ ᠺᠣᠮᠫᠠᠨᠢ ᠨᠢ ᠲᠦᠮᠡᠨ ᠠᠵᠤ ᠠᠬᠤᠶᠢᠯᠠᠯ ᠢ ᠡᠭᠦᠯᠡᠨ ᠳᠤ ᠭᠠᠷᠭᠠᠬᠤ ︵ᠬᠤᠶᠠᠳᠤᠭᠠᠷ ᠪᠦᠯᠦᠭ︶᠎ ᠪᠠᠷ ᠦᠨᠡᠯᠡᠭᠳᠡᠭᠰᠡᠨ ᠦᠢᠯᠡᠴᠢᠯᠡᠭᠡᠨ ᠤ ᠬᠤᠳᠠᠯᠳᠤᠭᠠᠴᠢᠳ ᠤᠨ ᠨᠡᠷᠡᠰ ᠲᠤ ᠰᠤᠩᠭᠤᠭᠳᠠᠵᠠᠢ᠃ ᠲᠦᠷᠪᠡ ᠳᠤ ᠲᠤᠮᠤ ᠳ᠋ᠠᠶᠢᠲ᠋ᠠ ᠶᠢᠨ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠢᠶᠠᠷ ᠠᠬᠢᠭᠤᠯᠵᠠᠢ᠃ ᠳᠣᠯᠣᠨ ᠨᠠᠭᠤᠷ ᠰᠠᠨᠰᠠᠷ ᠤᠨ ᠬᠤᠢ ᠯᠦᠨ ᠡᠭᠦᠯᠡᠨ ᠪᠤᠳᠤᠯᠲᠠ ᠲᠤᠮᠤ ᠳ᠋ᠠᠶᠢᠲ᠋ᠠ ᠶᠢᠨ ᠲᠥᠪ ᠵᠡᠷᠭᠡ ᠲᠤᠮᠤ ᠳ᠋ᠠᠶᠢᠲ᠋ᠠ ᠡᠭᠦᠯᠡᠨ ᠪᠤᠲᠤᠯᠲᠠ ᠶᠢᠨ ᠲᠥᠪ ᠠᠰᠢᠭᠯᠠᠯᠲᠠ ᠳᠤ ᠣᠷᠣᠵᠤ᠂ ᠥᠪᠥᠷ ᠮᠣᠩᠭᠤᠯ ᠤᠨ ᠼᠤᠤ ᠳ᠋ᠦ᠋ ᠡᠪᠡᠰᠦᠨ ᠤ ᠦᠢᠯᠡᠰ ᠪᠣᠯᠤᠨ ᠮᠠᠯ ᠠᠵᠤ ᠠᠬᠤᠶ ᠶᠢᠨ ᠬᠤᠪᠢ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠨᠢ ᠤᠯᠤᠰ ᠤᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠤ ᠠᠵᠤ ᠦᠢᠯᠡᠰ ᠤᠨ ᠰᠢᠨ᠎ᠡ ᠶᠢ ᠡᠭᠦᠳᠬᠦ ᠲᠤᠮᠤ ᠳ᠋ᠠᠶᠢᠲ᠋ᠠ ᠶᠢᠨ ᠬᠡᠷᠡᠭᠯᠡᠭᠡ + ᠠᠵᠢᠯ ᠲᠦᠷᠦᠯ ᠠᠯᠤᠰᠯᠠᠭᠰᠠᠨ ᠲᠣᠮᠣ ᠳ᠋ᠠᠶᠢᠲ᠋ᠠ ᠶᠢᠨ ᠠᠭᠤᠰᠤᠯᠴᠠᠯ ᠤᠨ ᠬᠡᠷᠡᠭᠯᠡᠭᠡᠨ ᠤ ᠲᠥᠷᠥᠯ ᠵᠦᠢᠯ ᠪᠠᠷ ᠰᠤᠩᠭᠤᠭᠳᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号