12 ᠳ᠋ᠤᠭᠠᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠯᠪᠠᠨ ᠸᠢᠴᠠᠲ ᠢᠶᠠᠷ ᠳᠠᠮᠵᠢᠨ ᠮᠡᠳᠡᠭᠡ ᠨᠡᠶᠢᠲᠡᠯᠡᠵᠦ᠂ 2018 | ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠨ ᠳᠤ ᠬᠦᠷᠦᠭᠰᠡᠳ ᠤᠨ ᠶᠡᠭᠡ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠬᠠᠮᠤᠭ ᠤᠨ ᠳᠣᠤᠷ᠎ᠠ ᠬᠢᠵᠠᠭᠠᠷ ᠬᠤᠪᠢ ᠶᠢ ᠲᠣᠭᠲᠠᠭᠠᠵᠤ᠂ ᠰᠦᠯᠵᠢᠶᠡᠨ | ᠳᠡᠭᠡᠷ᠎ᠡ ᠠᠩᠬᠠᠳᠤᠭᠠᠷ ᠤᠳᠠᠭ᠎ᠠ ᠡᠷᠡᠮᠡᠯᠵᠡᠯ ᠲᠠᠭᠯᠠᠬᠤ ᠴᠠᠭ ᠢ ᠬᠠᠮᠲᠤ ᠳᠤ ᠨᠢ ᠨᠡᠶᠢᠲᠡᠯᠡᠪᠡ᠃ | ᠣᠶᠢᠯᠠᠭᠠᠭᠰᠠᠨ ᠢᠶᠠᠷ᠂ 2018 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠠᠰᠤᠨ ᠳᠤ ᠬᠦᠷᠦᠭᠰᠡᠳ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠢᠷᠢ | ᠪᠦᠲᠦᠮᠵᠢ ᠶᠢ ᠨᠢᠭᠡᠨᠲᠡ ᠨᠡᠶᠢᠲᠡᠯᠡᠪᠡ᠂ ᠰᠢᠯᠭᠠᠭᠤᠯᠤᠭᠴᠢᠳ ︽ᠥᠪᠥᠷ ᠮᠣᠩᠭᠤᠯ ᠤᠨ ᠰᠣᠷᠣᠭᠴᠢ ᠡᠯᠰᠡᠬᠦ | ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ︾ ︵http᠄ //www.nm.zsks.cn︶ ᠳᠤ ᠭᠠᠷᠴᠤ᠂ | ︽ᠨᠠᠰᠤᠨ ᠳᠤ ᠬᠦᠷᠦᠭᠰᠡᠳ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ︾ ᠶᠢᠨ | ᠰᠤᠪᠠᠭ ᠲᠤ ᠣᠷᠣᠭᠠᠳ᠂ ︽ᠮᠡᠳᠡᠭᠡ ᠵᠠᠩᠭᠢ ᠯᠠᠪᠯᠠᠬᠤ︾ ᠪᠣᠯᠣᠩ ᠳᠠᠬᠢ ᠬᠠᠷᠠᠭᠠᠯᠵᠠᠭᠰᠠᠨ ᠲᠥᠷᠥᠯ ᠵᠦᠢᠯ ᠠᠴᠠ | ᠰᠢᠯᠭᠠᠯᠲᠠ ᠶᠢᠨ ᠬᠢᠷᠢ ᠪᠦᠲᠦᠮᠵᠢ ᠪᠠᠨ ᠪᠠᠶᠢᠴᠠᠭᠠᠨ ᠯᠠᠪᠯᠠᠵᠤ ᠪᠣᠯᠤᠨ᠎ᠠ᠃ | 2018 ᠣᠨ ᠤ ᠨᠠᠰᠤᠨ ᠳᠤ ᠬᠦᠷᠦᠭᠰᠡᠳ ᠤᠨ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ | ᠬᠠᠮᠤᠭ ᠤᠨ ᠳᠣᠤᠷ᠎ᠠ ᠬᠢᠵᠠᠭᠠᠷ ᠬᠤᠪᠢ ᠨᠢ ᠬᠡᠪᠡᠯ᠄ ᠲᠤᠰᠬᠠᠶ ᠮᠡᠷᠭᠡᠵᠢᠯ ᠤᠨ ᠠᠩᠭᠢ ᠠᠴᠠ ᠵᠢᠩᠭᠢᠨᠢ ᠠᠩᠭᠢ ᠳᠤ | ᠳᠠᠪᠰᠢᠬᠤ ᠳᠤ᠄ ᠰᠣᠶᠣᠯ ᠲᠡᠦᠬᠡ᠂ ᠬᠢᠲᠠᠳ ᠡᠮᠨᠡᠯᠭᠡ ᠶᠢᠨ ᠲᠥᠷᠥᠯ 152 ᠬᠤᠪᠢ᠂ ᠪᠠᠶᠢᠭᠠᠯᠢ ᠶᠢᠨ ᠰᠢᠨᠵᠢᠯᠡᠬᠦ | ᠤᠬᠠᠭᠠᠨ ᠤ ᠲᠥᠷᠥᠯ 100 ᠬᠤᠪᠢ᠂ ᠠᠵᠤ ᠠᠬᠤᠶ ᠶᠢᠨ ᠬᠠᠮᠢᠶᠠᠷᠤᠯᠲᠠ ᠶᠢᠨ ᠲᠥᠷᠥᠯ 100 ᠬᠤᠪᠢ᠂ ᠬᠠᠤᠯᠢ | ᠴᠠᠭᠠᠵᠠ ᠶᠢᠨ ᠤᠬᠠᠭᠠᠨ ᠤ ᠲᠥᠷᠥᠯ 122 ᠬᠤᠪᠢ᠂ ᠰᠤᠷᠭᠠᠨ ᠬᠥᠮᠦᠵᠢᠯ ᠤᠨ ᠤᠬᠠᠭᠠᠨ ᠤ ᠲᠦᠷᠦᠯ 120 | ᠬᠤᠪᠢ᠂ ᠲᠠᠷᠢᠶᠠᠯᠠᠩ ᠤᠨ ᠰᠤᠳᠤᠯᠤᠯ ᠤᠨ ᠲᠥᠷᠥᠯ 100 ᠬᠤᠪᠢ᠂ ᠠᠨᠠᠭᠠᠬᠤ ᠤᠬᠠᠭᠠᠨ ᠤ ᠲᠥᠷᠥᠯ 131 | ᠬᠤᠪᠢ᠂ ᠤᠷᠠᠯᠢᠭ ᠤᠨ ᠲᠥᠷᠥᠯ 100 ᠬᠤᠪᠢ ᠪᠣᠯᠣᠨ᠎ᠠ︔ ᠦᠨᠳᠦᠷ ᠳᠤᠮᠳᠠᠳᠤ ᠶᠢᠨ ᠠᠩᠭᠢ ᠠᠴᠠ ᠵᠢᠩᠭᠢᠨᠢ | ᠠᠩᠭᠢ ᠳᠤ ᠳᠠᠪᠰᠢᠬᠤ ᠳᠤ᠄ ᠰᠣᠶᠣᠯ ᠲᠡᠤᠬᠡ ᠶᠢᠨ ᠲᠥᠷᠥᠯ 114 ᠬᠤᠪᠢ᠂ ᠪᠠᠶᠢᠭᠠᠯᠢ ᠶᠢᠨ ᠰᠢᠨᠵᠢᠯᠡᠬᠦ | ᠤᠬᠠᠭᠠᠨ ᠤ ᠲᠥᠷᠥᠯ 120 ᠬᠤᠪᠢ ᠪᠣᠯᠣᠨ᠎ᠠ︔ ᠦᠨᠳᠦᠷ ᠳᠤᠮᠳᠠᠳᠤ ᠠᠴᠠ ᠡᠬᠢᠯᠡᠵᠦ ᠲᠤᠰᠬᠠᠶ ᠮᠡᠷᠭᠡᠵᠢᠯ ᠤᠨ | ᠠᠩᠭᠢ ᠳᠤ ᠳᠠᠪᠰᠢᠬᠤ ᠨᠢ᠄ ᠰᠣᠶᠣᠯ ᠲᠡᠤᠬᠡ ᠶᠢᠨ ᠲᠥᠷᠥᠯ 100 ᠬᠤᠪᠢ᠂ ᠪᠠᠶᠢᠭᠠᠯᠢ ᠶᠢᠨ ᠰᠢᠨᠵᠢᠯᠡᠬᠦ | ᠤᠬᠠᠭᠠᠨ ᠤ ᠲᠥᠷᠥᠯ 115 ᠬᠤᠪᠢ᠂ ᠤᠷᠠᠯᠢᠭ ᠤᠨ ᠲᠥᠷᠥᠯ ᠤᠨ ᠰᠣᠶᠣᠯ ᠤᠨ ᠬᠢᠴᠢᠶᠡᠯ 100 ᠬᠤᠪᠢ᠂ | ᠮᠡᠷᠭᠡᠵᠢᠯ ᠤᠨ ᠬᠢᠴᠢᠶᠡᠯ 160 ᠬᠤᠪᠢ ᠪᠣᠯᠤᠨ᠎ᠠ᠃ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ | ᠰᠠᠨᠠᠭᠤᠯᠬᠤ ᠨᠢ᠂ ᠡᠯ᠎ᠡ ᠳᠡᠰ ᠳᠠᠪᠬᠤᠷᠭ᠎ᠠ ᠡᠯ᠎ᠡ ᠮᠡᠷᠭᠡᠵᠢᠯ ᠤᠨ ᠲᠥᠷᠥᠯ ᠤᠨ ᠬᠢᠲᠠᠳ ᠬᠡᠯᠡ ᠪᠠᠷ ᠬᠢᠴᠢᠶᠡᠯᠯᠡᠬᠦ ᠪᠠ | ᠮᠣᠩᠭᠤᠯ ᠬᠡᠯᠡ ᠪᠠᠷ ᠬᠢᠴᠢᠶᠡᠯᠯᠡᠬᠦ ᠳᠤ ᠨᠢᠭᠡᠳᠦᠯᠲᠡᠢ ᠬᠤᠪᠢ ᠶᠢᠨ ᠬᠢᠵᠠᠭᠠᠷ ᠢ ᠬᠡᠷᠡᠭᠵᠢᠭᠦᠯᠦᠨ᠎ᠡ᠃ ᠮᠣᠩᠭᠤᠯ | ᠬᠡᠯᠡ ᠪᠠᠷ ᠬᠢᠴᠢᠶᠡᠯᠯᠡᠭᠰᠡᠨ ᠰᠢᠯᠭᠠᠭᠤᠯᠤᠭᠴᠢᠳ ᠠᠳᠠᠯᠢᠬᠠᠨ ᠰᠤᠷᠤᠯᠭ᠎ᠠ ᠶᠢᠨ ᠨᠠᠮᠲᠠᠷ ᠪᠦᠬᠦᠢ ᠲᠡᠰ ᠳᠠᠪᠬᠤᠷᠭ᠎ᠠ᠂ | ᠠᠳᠠᠯᠢᠬᠠᠨ ᠰᠢᠨᠵᠢᠯᠡᠬᠦ ᠤᠬᠠᠭᠠᠨ ᠤ ᠲᠥᠷᠥᠯ ᠤᠨ ᠬᠢᠲᠠᠳ ᠬᠡᠯᠡ ᠪᠠᠷ ᠬᠢᠴᠢᠶᠡᠯᠯᠡᠬᠦ ᠲᠤᠰᠬᠠᠶ ᠮᠡᠷᠭᠡᠵᠢᠯ ᠢ | ᠬᠠᠪᠰᠤᠷᠭᠠᠨ ᠮᠡᠳᠡᠭᠦᠯᠵᠦ ᠪᠣᠯᠤᠨ᠎ᠠ᠃ | ᠰᠤᠷᠤᠭᠴᠢ ᠡᠯᠰᠡᠬᠦ ᠠᠵᠢᠯ ᠤᠨ ᠲᠣᠬᠢᠷᠠᠭᠤᠯᠤᠯᠲᠠ ᠶᠣᠰᠣᠭᠠᠷ᠂ ᠰᠦᠯᠵᠢᠶᠡᠨ ᠳᠡᠭᠡᠷ᠎ᠡ ᠠᠩᠬᠠᠳᠤᠭᠠᠷ | ᠤᠳᠠᠭ᠎ᠠ ᠡᠷᠡᠮᠡᠯᠵᠡᠯ ᠲᠠᠭᠯᠠᠬᠤ ᠴᠠᠭ ᠨᠢ ᠲᠤᠰ ᠲᠤᠰ᠄ ᠶᠡᠭᠡ ᠰᠤᠷᠭᠠᠭᠤᠯᠢ ᠶᠢᠨ ᠥᠪᠡᠰᠦᠪᠡᠨ ᠡᠵᠡᠨ ᠮᠡᠳᠡᠵᠦ | ᠰᠣᠷᠣᠭᠴᠢ ᠡᠯᠰᠡᠬᠦ ᠰᠢᠯᠭᠠᠯᠲᠠ ᠶᠢᠨ ᠰᠤᠷᠤᠭᠴᠢᠳ ︵ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ | ᠰᠢᠯᠭᠠᠯᠲᠠ ᠳᠤ ᠣᠷᠤᠯᠴᠠᠬᠤ ᠦᠭᠡᠢ ᠰᠤᠷᠤᠭᠴᠢᠳ︶ 12 ᠳ᠋ᠤᠭᠠᠷ ᠰᠠᠷ᠎ᠠ ᠶᠢᠨ 13 ᠤ ᠡᠳᠦᠷ᠂ ᠲᠤᠰᠬᠠᠶ | ᠮᠡᠷᠭᠡᠵᠢᠯ ᠤᠨ ᠠᠩᠭᠢ ᠠᠴᠠ ᠵᠢᠩᠬᠢᠨᠢ ᠠᠩᠭᠢ ᠳᠤ ᠳᠠᠪᠰᠢᠬᠤ ᠰᠢᠯᠭᠠᠭᠤᠯᠤᠭᠴᠢᠳ 12 ᠳ᠋ᠤᠭᠠᠷ ᠰᠠᠷ᠎ᠠ ᠶᠢᠨ 14 ᠤ | ᠡᠳᠦᠷ᠂ ᠦᠨᠳᠦᠷ ᠳᠤᠮᠳᠠᠳᠤ ᠶᠢᠨ ᠠᠩᠭᠢ ᠠᠴᠠ ᠵᠢᠩᠭᠢᠨᠢ ᠠᠩᠭᠢ ᠳᠤ ᠳᠠᠪᠰᠢᠬᠤ ᠰᠢᠯᠭᠠᠭᠤᠯᠤᠭᠴᠢᠳ 12 ᠳ᠋ᠤᠭᠠᠷ | ᠰᠠᠷ᠎ᠠ ᠶᠢᠨ 14 ᠤ ᠡᠳᠦᠷ᠂ ᠦᠨᠳᠦᠷ ᠳᠤᠮᠳᠠᠳᠤ ᠶᠢᠨ ᠠᠩᠭᠢ ᠠᠴᠠ ᠲᠤᠰᠬᠠᠶ ᠮᠡᠷᠭᠡᠵᠢᠯ ᠤᠨ ᠠᠩᠭᠢ ᠳᠤ ᠳᠠᠪᠰᠢᠬᠤ | ᠰᠢᠯᠭᠠᠭᠤᠯᠤᠭᠴᠢᠳ 12 ᠳ᠋ᠤᠭᠠᠷ ᠰᠠᠷ᠎ᠠ ᠶᠢᠨ 18 ᠤ ᠡᠳᠦᠷ ᠨᠡᠷ᠎ᠡ ᠮᠡᠳᠡᠭᠦᠯᠦᠨ᠎ᠡ᠃ |