ᠮᠠᠨ ᠤ ᠣᠷᠣᠨ ᠤ ᠨᠠᠰᠤᠨ ᠳᠤ ᠬᠦᠷᠦᠭᠰᠡᠳ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠬᠠᠮᠤᠭ ᠤᠨ ᠳᠣᠤᠷ᠎ᠠ ᠬᠢᠵᠠᠭᠠᠷ ᠬᠤᠪᠢ ᠶᠢ ᠲᠣᠭᠲᠠᠭᠠᠪᠠ
ᠨᠡᠶᠢᠲᠡᠯᠡᠭᠰᠡᠨ ᠴᠠᠭ᠄
2018/12/13

     12 ᠳ᠋ᠤᠭᠠᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠯᠪᠠᠨ ᠸᠢᠴᠠᠲ ᠢᠶᠠᠷ ᠳᠠᠮᠵᠢᠨ ᠮᠡᠳᠡᠭᠡ ᠨᠡᠶᠢᠲᠡᠯᠡᠵᠦ᠂ 2018 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠨ ᠳᠤ ᠬᠦᠷᠦᠭᠰᠡᠳ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠬᠠᠮᠤᠭ ᠤᠨ ᠳᠣᠤᠷ᠎ᠠ ᠬᠢᠵᠠᠭᠠᠷ ᠬᠤᠪᠢ ᠶᠢ ᠲᠣᠭᠲᠠᠭᠠᠵᠤ᠂ ᠰᠦᠯᠵᠢᠶᠡᠨ ᠳᠡᠭᠡᠷ᠎ᠡ ᠠᠩᠬᠠᠳᠤᠭᠠᠷ ᠤᠳᠠᠭ᠎ᠠ ᠡᠷᠡᠮᠡᠯᠵᠡᠯ ᠲᠠᠭᠯᠠᠬᠤ ᠴᠠᠭ ᠢ ᠬᠠᠮᠲᠤ ᠳᠤ ᠨᠢ ᠨᠡᠶᠢᠲᠡᠯᠡᠪᠡ᠃
     ᠣᠶᠢᠯᠠᠭᠠᠭᠰᠠᠨ ᠢᠶᠠᠷ᠂ 2018 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠨ ᠳᠤ ᠬᠦᠷᠦᠭᠰᠡᠳ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠢᠷᠢ ᠪᠦᠲᠦᠮᠵᠢ ᠶᠢ ᠨᠢᠭᠡᠨᠲᠡ ᠨᠡᠶᠢᠲᠡᠯᠡᠪᠡ᠂ ᠰᠢᠯᠭᠠᠭᠤᠯᠤᠭᠴᠢᠳ ︽ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ︾ ︵http᠄ //www.nm.zsks.cn︶ ᠳᠤ ᠭᠠᠷᠴᠤ᠂ ︽ᠨᠠᠰᠤᠨ ᠳᠤ ᠬᠦᠷᠦᠭᠰᠡᠳ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ︾ ᠶᠢᠨ ᠰᠤᠪᠠᠭ ᠲᠤ ᠣᠷᠣᠭᠠᠳ᠂ ︽ᠮᠡᠳᠡᠭᠡ ᠵᠠᠩᠭᠢ ᠯᠠᠪᠯᠠᠬᠤ︾ ᠪᠣᠯᠣᠩ ᠳᠠᠬᠢ ᠬᠠᠷᠠᠭᠠᠯᠵᠠᠭᠰᠠᠨ ᠲᠥᠷᠥᠯ ᠵᠦᠢᠯ ᠠᠴᠠ ᠰᠢᠯᠭᠠᠯᠲᠠ ᠶᠢᠨ ᠬᠢᠷᠢ ᠪᠦᠲᠦᠮᠵᠢ ᠪᠠᠨ ᠪᠠᠶᠢᠴᠠᠭᠠᠨ ᠯᠠᠪᠯᠠᠵᠤ ᠪᠣᠯᠤᠨ᠎ᠠ᠃
     2018 ᠣᠨ ᠤ ᠨᠠᠰᠤᠨ ᠳᠤ ᠬᠦᠷᠦᠭᠰᠡᠳ ᠤᠨ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠬᠠᠮᠤᠭ ᠤᠨ ᠳᠣᠤᠷ᠎ᠠ ᠬᠢᠵᠠᠭᠠᠷ ᠬᠤᠪᠢ ᠨᠢ ᠬᠡᠪᠡᠯ᠄ ᠲᠤᠰᠬᠠᠶ ᠮᠡᠷᠭᠡᠵᠢᠯ ᠤᠨ ᠠᠩᠭᠢ ᠠᠴᠠ ᠵᠢᠩᠭᠢᠨᠢ ᠠᠩᠭᠢ ᠳᠤ ᠳᠠᠪᠰᠢᠬᠤ ᠳᠤ᠄ ᠰᠣᠶᠣᠯ ᠲᠡᠦᠬᠡ᠂ ᠬᠢᠲᠠᠳ ᠡᠮᠨᠡᠯᠭᠡ ᠶᠢᠨ ᠲᠥᠷᠥᠯ 152 ᠬᠤᠪᠢ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠥᠷᠥᠯ 100 ᠬᠤᠪᠢ᠂ ᠠᠵᠤ ᠠᠬᠤᠶ ᠶᠢᠨ ᠬᠠᠮᠢᠶᠠᠷᠤᠯᠲᠠ ᠶᠢᠨ ᠲᠥᠷᠥᠯ 100 ᠬᠤᠪᠢ᠂ ᠬᠠᠤᠯᠢ ᠴᠠᠭᠠᠵᠠ ᠶᠢᠨ ᠤᠬᠠᠭᠠᠨ ᠤ ᠲᠥᠷᠥᠯ 122 ᠬᠤᠪᠢ᠂ ᠰᠤᠷᠭᠠᠨ ᠬᠥᠮᠦᠵᠢᠯ ᠤᠨ ᠤᠬᠠᠭᠠᠨ ᠤ ᠲᠦᠷᠦᠯ 120 ᠬᠤᠪᠢ᠂ ᠲᠠᠷᠢᠶᠠᠯᠠᠩ ᠤᠨ ᠰᠤᠳᠤᠯᠤᠯ ᠤᠨ ᠲᠥᠷᠥᠯ 100 ᠬᠤᠪᠢ᠂ ᠠᠨᠠᠭᠠᠬᠤ ᠤᠬᠠᠭᠠᠨ ᠤ ᠲᠥᠷᠥᠯ 131 ᠬᠤᠪᠢ᠂ ᠤᠷᠠᠯᠢᠭ ᠤᠨ ᠲᠥᠷᠥᠯ 100 ᠬᠤᠪᠢ ᠪᠣᠯᠣᠨ᠎ᠠ︔ ᠦᠨᠳᠦᠷ ᠳᠤᠮᠳᠠᠳᠤ ᠶᠢᠨ ᠠᠩᠭᠢ ᠠᠴᠠ ᠵᠢᠩᠭᠢᠨᠢ ᠠᠩᠭᠢ ᠳᠤ ᠳᠠᠪᠰᠢᠬᠤ ᠳᠤ᠄ ᠰᠣᠶᠣᠯ ᠲᠡᠤᠬᠡ ᠶᠢᠨ ᠲᠥᠷᠥᠯ 114 ᠬᠤᠪᠢ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠥᠷᠥᠯ 120 ᠬᠤᠪᠢ ᠪᠣᠯᠣᠨ᠎ᠠ︔ ᠦᠨᠳᠦᠷ ᠳᠤᠮᠳᠠᠳᠤ ᠠᠴᠠ ᠡᠬᠢᠯᠡᠵᠦ ᠲᠤᠰᠬᠠᠶ ᠮᠡᠷᠭᠡᠵᠢᠯ ᠤᠨ ᠠᠩᠭᠢ ᠳᠤ ᠳᠠᠪᠰᠢᠬᠤ ᠨᠢ᠄ ᠰᠣᠶᠣᠯ ᠲᠡᠤᠬᠡ ᠶᠢᠨ ᠲᠥᠷᠥᠯ 100 ᠬᠤᠪᠢ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠥᠷᠥᠯ 115 ᠬᠤᠪᠢ᠂ ᠤᠷᠠᠯᠢᠭ ᠤᠨ ᠲᠥᠷᠥᠯ ᠤᠨ ᠰᠣᠶᠣᠯ ᠤᠨ ᠬᠢᠴᠢᠶᠡᠯ 100 ᠬᠤᠪᠢ᠂ ᠮᠡᠷᠭᠡᠵᠢᠯ ᠤᠨ ᠬᠢᠴᠢᠶᠡᠯ 160 ᠬᠤᠪᠢ ᠪᠣᠯᠤᠨ᠎ᠠ᠃
     ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ ᠰᠠᠨᠠᠭᠤᠯᠬᠤ ᠨᠢ᠂ ᠡᠯ᠎ᠡ ᠳᠡᠰ ᠳᠠᠪᠬᠤᠷᠭ᠎ᠠ ᠡᠯ᠎ᠡ ᠮᠡᠷᠭᠡᠵᠢᠯ ᠤᠨ ᠲᠥᠷᠥᠯ ᠤᠨ ᠬᠢᠲᠠᠳ ᠬᠡᠯᠡ ᠪᠠᠷ ᠬᠢᠴᠢᠶᠡᠯᠯᠡᠬᠦ ᠪᠠ ᠮᠣᠩᠭᠤᠯ ᠬᠡᠯᠡ ᠪᠠᠷ ᠬᠢᠴᠢᠶᠡᠯᠯᠡᠬᠦ ᠳᠤ ᠨᠢᠭᠡᠳᠦᠯᠲᠡᠢ ᠬᠤᠪᠢ ᠶᠢᠨ ᠬᠢᠵᠠᠭᠠᠷ ᠢ ᠬᠡᠷᠡᠭᠵᠢᠭᠦᠯᠦᠨ᠎ᠡ᠃ ᠮᠣᠩᠭᠤᠯ ᠬᠡᠯᠡ ᠪᠠᠷ ᠬᠢᠴᠢᠶᠡᠯᠯᠡᠭᠰᠡᠨ ᠰᠢᠯᠭᠠᠭᠤᠯᠤᠭᠴᠢᠳ ᠠᠳᠠᠯᠢᠬᠠᠨ ᠰᠤᠷᠤᠯᠭ᠎ᠠ ᠶᠢᠨ ᠨᠠᠮᠲᠠᠷ ᠪᠦᠬᠦᠢ ᠲᠡᠰ ᠳᠠᠪᠬᠤᠷᠭ᠎ᠠ᠂ ᠠᠳᠠᠯᠢᠬᠠᠨ ᠰᠢᠨᠵᠢᠯᠡᠬᠦ ᠤᠬᠠᠭᠠᠨ ᠤ ᠲᠥᠷᠥᠯ ᠤᠨ ᠬᠢᠲᠠᠳ ᠬᠡᠯᠡ ᠪᠠᠷ ᠬᠢᠴᠢᠶᠡᠯᠯᠡᠬᠦ ᠲᠤᠰᠬᠠᠶ ᠮᠡᠷᠭᠡᠵᠢᠯ ᠢ ᠬᠠᠪᠰᠤᠷᠭᠠᠨ ᠮᠡᠳᠡᠭᠦᠯᠵᠦ ᠪᠣᠯᠤᠨ᠎ᠠ᠃
     ᠰᠤᠷᠤᠭᠴᠢ ᠡᠯᠰᠡᠬᠦ ᠠᠵᠢᠯ ᠤᠨ ᠲᠣᠬᠢᠷᠠᠭᠤᠯᠤᠯᠲᠠ ᠶᠣᠰᠣᠭᠠᠷ᠂ ᠰᠦᠯᠵᠢᠶᠡᠨ ᠳᠡᠭᠡᠷ᠎ᠡ ᠠᠩᠬᠠᠳᠤᠭᠠᠷ ᠤᠳᠠᠭ᠎ᠠ ᠡᠷᠡᠮᠡᠯᠵᠡᠯ ᠲᠠᠭᠯᠠᠬᠤ ᠴᠠᠭ ᠨᠢ ᠲᠤᠰ ᠲᠤᠰ᠄ ᠶᠡᠭᠡ ᠰᠤᠷᠭᠠᠭᠤᠯᠢ ᠶᠢᠨ ᠥᠪᠡᠰᠦᠪᠡᠨ ᠡᠵᠡᠨ ᠮᠡᠳᠡᠵᠦ ᠰᠣᠷᠣᠭᠴᠢ ᠡᠯᠰᠡᠬᠦ ᠰᠢᠯᠭᠠᠯᠲᠠ ᠶᠢᠨ ᠰᠤᠷᠤᠭᠴᠢᠳ ︵ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠳᠤ ᠣᠷᠤᠯᠴᠠᠬᠤ ᠦᠭᠡᠢ ᠰᠤᠷᠤᠭᠴᠢᠳ︶ 12 ᠳ᠋ᠤᠭᠠᠷ ᠰᠠᠷ᠎ᠠ ᠶᠢᠨ 13 ᠤ ᠡᠳᠦᠷ᠂ ᠲᠤᠰᠬᠠᠶ ᠮᠡᠷᠭᠡᠵᠢᠯ ᠤᠨ ᠠᠩᠭᠢ ᠠᠴᠠ ᠵᠢᠩᠬᠢᠨᠢ ᠠᠩᠭᠢ ᠳᠤ ᠳᠠᠪᠰᠢᠬᠤ ᠰᠢᠯᠭᠠᠭᠤᠯᠤᠭᠴᠢᠳ 12 ᠳ᠋ᠤᠭᠠᠷ ᠰᠠᠷ᠎ᠠ ᠶᠢᠨ 14 ᠤ ᠡᠳᠦᠷ᠂ ᠦᠨᠳᠦᠷ ᠳᠤᠮᠳᠠᠳᠤ ᠶᠢᠨ ᠠᠩᠭᠢ ᠠᠴᠠ ᠵᠢᠩᠭᠢᠨᠢ ᠠᠩᠭᠢ ᠳᠤ ᠳᠠᠪᠰᠢᠬᠤ ᠰᠢᠯᠭᠠᠭᠤᠯᠤᠭᠴᠢᠳ 12 ᠳ᠋ᠤᠭᠠᠷ ᠰᠠᠷ᠎ᠠ ᠶᠢᠨ 14 ᠤ ᠡᠳᠦᠷ᠂ ᠦᠨᠳᠦᠷ ᠳᠤᠮᠳᠠᠳᠤ ᠶᠢᠨ ᠠᠩᠭᠢ ᠠᠴᠠ ᠲᠤᠰᠬᠠᠶ ᠮᠡᠷᠭᠡᠵᠢᠯ ᠤᠨ ᠠᠩᠭᠢ ᠳᠤ ᠳᠠᠪᠰᠢᠬᠤ ᠰᠢᠯᠭᠠᠭᠤᠯᠤᠭᠴᠢᠳ 12 ᠳ᠋ᠤᠭᠠᠷ ᠰᠠᠷ᠎ᠠ ᠶᠢᠨ 18 ᠤ ᠡᠳᠦᠷ ᠨᠡᠷ᠎ᠡ ᠮᠡᠳᠡᠭᠦᠯᠦᠨ᠎ᠡ᠃  

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ