ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠭᠤᠯᠤᠮᠵᠢ ᠤᠷᠤᠨ ᠲᠤᠭ᠎ᠠ ᠶᠢᠨ ᠬᠤᠷᠢᠶᠠᠨ ᠤ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠵᠤ  ᠯᠢ ᠵᠢᠢ ᠾᠧᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2018/12/13
     12 ᠳ᠋ᠤᠭᠠᠷ ᠰᠠᠷ᠎ᠠ ᠶᠢᠨ 12 ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠱᠦᠵᠢ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠭᠤᠯᠤᠮᠵᠢ ᠤᠷᠤᠨ ᠲᠤᠭ᠎ᠠ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠭᠤᠯᠤᠮᠵᠢ ᠤᠷᠤᠨ ᠲᠤᠭ᠎ᠠ ᠶᠢᠨ ᠬᠤᠷᠢᠶᠠᠨ ᠤ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠬᠤ ᠳᠤ ᠪᠠᠨ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠪᠠ ᠪᠠᠶᠢᠭᠤᠯᠤᠮᠵᠢ ᠤᠷᠤᠨ ᠲᠤᠭ᠎ᠠ ᠶᠢᠨ ᠠᠵᠢᠯ ᠤᠨ ᠲᠤᠬᠠᠢ ᠴᠢᠬᠤᠯᠠ ᠦᠭᠦᠯᠡᠯᠳᠡ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠨᠡᠨ ᠬᠦ ᠤᠯᠤᠰ ᠲᠦᠷᠦ ᠶᠢᠨ ᠵᠤᠬᠰᠤᠴᠠ ᠪᠠᠨ ᠲᠡᠭᠡᠭᠰᠢᠯᠡᠭᠦᠯᠦᠨ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠬᠦᠢᠴᠡᠳᠭᠡᠵᠤ᠂ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠦ᠂ ᠪᠠᠶᠢᠭᠤᠯᠤᠮᠵᠢ ᠶᠢᠨ ᠦᠭᠡᠷᠡᠴᠢᠯᠡᠯᠳᠡ ᠪᠠ ᠪᠠᠶᠢᠭᠤᠯᠤᠮᠵᠢ ᠤᠷᠤᠨ ᠲᠤᠭ᠎ᠠ ᠶᠢᠨ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠤ᠂ ᠪᠦᠬᠦ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠳᠤ ᠪᠠᠶᠢᠭᠤᠯᠤᠯ ᠲᠤᠬᠳᠠᠴᠠ ᠪᠤᠯᠤᠨ ᠪᠠᠶᠢᠭᠤᠯᠤᠮᠵᠢ ᠤᠷᠤᠨ ᠲᠤᠭ᠎ᠠ ᠶᠢᠨ ᠬᠦᠴᠦᠳᠤ ᠪᠠᠳᠤᠯᠠᠭ᠎ᠠ ᠬᠠᠩᠭᠠᠬᠤ ᠬᠡᠷᠡᠭᠳᠡᠢ ᠬᠡᠪᠠ᠃      ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠪᠠᠶᠢᠭᠤᠯᠤᠮᠵᠢ ᠤᠷᠤᠨ ᠲᠤᠭ᠎ᠠ ᠶᠢᠨ ᠬᠤᠷᠢᠶᠠᠨ ᠤ ᠲᠡᠳ᠋ ᠡᠷᠬᠢᠯᠡᠭᠴᠢ ᠪᠦ᠋ ᠰᠢᠶᠤᠤ ᠯᠢᠨ ᠬᠤᠷᠠᠯ ᠳᠤ ᠤᠷᠤᠯᠴᠠᠵᠠᠢ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠪᠠ ᠪᠠᠶᠢᠭᠤᠯᠤᠮᠵᠢ ᠤᠷᠤᠨ ᠲᠤᠭ᠎ᠠ ᠶᠢᠨ ᠠᠵᠢᠯ ᠤᠨ ᠲᠤᠬᠠᠢ ᠴᠢᠬᠤᠯᠠ ᠦᠭᠦᠯᠡᠯᠳᠡ ᠶᠢ ᠰᠤᠷᠤᠯᠴᠠᠵᠤ᠂ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠬᠤᠷᠢᠶᠠᠨ ᠤ ᠪᠠᠶᠢᠭᠤᠯᠤᠮᠵᠢ ᠤᠷᠤᠨ ᠲᠤᠭ᠎ᠠ ᠶᠢᠨ ᠬᠤᠷᠢᠶᠠᠨ ᠤ ᠠᠵᠢᠯ ᠤᠨ ᠲᠦᠷᠢᠮ︾ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠬᠤᠷᠢᠶᠠᠨ ᠤ ᠪᠠᠶᠢᠭᠤᠯᠤᠮᠵᠢ ᠤᠷᠤᠨ ᠲᠤᠭ᠎ᠠ ᠶᠢᠨ ᠬᠤᠷᠢᠶᠠᠨ ᠤ ᠠᠯᠪᠠᠨ ᠬᠡᠷ ᠤᠨ ᠠᠵᠢᠯ ᠤᠨ ᠨᠠᠷᠢᠨ ᠲᠦᠷᠢᠮ︾ ᠪᠠ ᠤᠷᠤᠨ ᠤ ᠰᠢᠭᠤᠳ ᠬᠠᠷᠢᠶ᠎ᠠ ᠰᠠᠯᠠᠭ᠎ᠠ ᠮᠦᠴᠢᠷ  ᠤᠨ ︽ᠭᠤᠷᠪᠠ ᠶᠢ ᠲᠤᠬᠳᠠᠭᠠᠬᠤ︾ ᠲᠤᠬᠳᠠᠭᠠᠯ ᠢ ᠬᠢᠨᠠᠨ ᠵᠦᠪᠯᠡᠵᠤ ᠪᠠᠳᠤᠯᠠᠨ᠂ 2018 ᠣᠨ ᠤ ᠪᠠᠶᠢᠭᠤᠯᠤᠮᠵᠢ ᠤᠷᠤᠨ ᠲᠤᠭ᠎ᠠ ᠶᠢᠨ ᠠᠵᠢᠯ ᠢ ᠪᠡᠶᠡᠯᠡᠭᠦᠯᠦᠭᠰᠡᠨ ᠪᠠᠶᠢᠳᠠᠯ ᠪᠤᠯᠤᠨ 2019 ᠣᠨ ᠤ ᠠᠵᠢᠯ ᠤᠨ ᠲᠤᠬᠢᠷᠠᠭᠤᠯᠤᠯᠳᠠ ᠶᠢᠨ ᠬᠠᠷᠢᠭᠤ ᠮᠡᠳᠡᠭᠦᠯᠦᠯᠳᠡ ᠶᠢ ᠰᠤᠨᠤᠰᠴᠠᠢ᠃      ᠯᠢ ᠵᠢᠢ ᠾᠧᠩ ᠵᠢᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠪᠠᠶᠢᠭᠤᠯᠤᠮᠵᠢ ᠶᠢᠨ ᠦᠭᠡᠷᠡᠴᠢᠯᠡᠯᠳᠡ ᠪᠠ ᠪᠠᠶᠢᠭᠤᠯᠤᠮᠵᠢ ᠤᠷᠤᠨ ᠲᠤᠭ᠎ᠠ ᠶᠢᠨ ᠠᠵᠢᠯ ᠢ ᠲᠡᠭᠡᠳᠦ ᠬᠡᠮᠵᠢᠶ᠎ᠠ ᠪᠠᠷ ᠴᠢᠬᠤᠯᠠᠴᠢᠯᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠠᠯᠢ ᠤᠯᠠᠨ ᠴᠢᠬᠤᠯᠠ ᠶᠠᠷᠢᠶ᠎ᠠ ᠨᠡᠶᠢᠳᠡᠯᠡᠨ᠂ ᠴᠢᠬᠤᠯᠠ ᠵᠢᠭᠠᠪᠤᠷᠢ ᠦᠭᠴᠤ᠂ ᠪᠢᠳᠡᠨ ᠤ ᠰᠢᠨ᠎ᠠ ᠴᠠᠭ ᠦᠶ᠎ᠠ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠪᠠ ᠪᠠᠶᠢᠭᠤᠯᠤᠮᠵᠢ ᠤᠷᠤᠨ ᠲᠤᠭ᠎ᠠ ᠶᠢᠨ ᠠᠵᠢᠯ ᠢ ᠰᠠᠶᠢᠳᠤᠷ ᠬᠢᠭᠦ ᠳᠤ ᠦᠨᠳᠦᠰᠦᠨ ᠵᠢᠷᠤᠮᠯᠠᠯ ᠬᠠᠩᠭᠠᠪᠠ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠪᠠ ᠪᠠᠶᠢᠭᠤᠯᠤᠮᠵᠢ ᠤᠷᠤᠨ ᠲᠤᠭ᠎ᠠ ᠶᠢᠨ ᠠᠵᠢᠯ ᠤᠨ ᠲᠤᠬᠠᠢ ᠴᠢᠬᠤᠯᠠ ᠦᠭᠦᠯᠡᠯᠳᠡ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠦᠪ ᠬᠤᠷᠢᠶᠠᠨ ᠤ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠬᠡᠷᠡᠭᠵᠢᠭᠦᠯᠵᠤ᠂ ᠨᠠᠮ ᠤᠨ ᠬᠤᠷᠢᠶ᠎ᠠ ᠪᠤᠯᠤᠨ ᠵᠠᠰᠠᠭ ᠤᠨ ᠤᠷᠳᠤᠨ ᠤ ᠭᠤᠤᠯ ᠠᠵᠢᠯ᠂ ᠠᠷᠠᠳ ᠤᠯᠠᠨ ᠤ ᠠᠩᠬᠠᠷᠤᠯ ᠲᠠᠯᠪᠢᠵᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠤᠭᠤᠷᠢᠨ ᠳᠤ ᠪᠠᠶᠢᠭᠤᠯᠤᠮᠵᠢ ᠶᠢᠨ ᠪᠠᠶᠢᠷᠢᠯᠠᠭᠤᠯᠤᠯᠳᠠ ᠪᠤᠯᠤᠠ ᠤᠷᠤᠨ ᠲᠤᠭ᠎ᠠ ᠶᠢᠨ ᠬᠠᠮᠢᠶᠠᠷᠤᠯᠳᠠ ᠶᠢᠨ ᠰᠢᠨ᠎ᠠ ᠶᠢ ᠡᠭᠦᠳᠴᠤ᠂ ᠬᠦᠭᠵᠢᠯᠳᠡ ᠶᠢ ᠬᠦᠯᠢᠶᠡᠰᠦᠯᠡᠵᠤ ᠪᠦᠬᠦᠢ ᠪᠠᠶᠢᠭᠤᠯᠤᠯ ᠲᠤᠬᠳᠠᠴᠠ ᠶᠢᠨ ᠰᠠᠭᠠᠳ ᠲᠤᠳᠬᠠᠷ ᠢ ᠬᠦᠴᠦᠯᠡᠨ ᠡᠪᠳᠡᠵᠤ᠂ ᠦᠭᠡᠷᠡᠴᠢᠯᠡᠯᠳᠡ ᠬᠦᠭᠵᠢᠯᠳᠡ ᠲᠤᠬᠳᠠᠭᠤᠨ ᠢ ᠨᠦᠯᠦᠭᠡᠯᠡᠵᠤ ᠪᠦᠬᠦᠢ ᠪᠦᠬᠦ ᠲᠠᠯᠠᠳᠤ ᠴᠢᠨᠠᠷᠳᠠᠢ ᠠᠯᠤᠰ ᠬᠡᠳᠦ ᠶᠢᠨ ᠴᠢᠨᠠᠷᠳᠠᠢ ᠠᠰᠠᠭᠤᠳᠠᠯ ᠢ ᠰᠢᠢᠳᠪᠦᠷᠢᠯᠡᠭᠦ ᠶᠢ ᠠᠬᠢᠭᠤᠯᠬᠤ ᠬᠡᠷᠡᠭᠳᠡᠢ ᠬᠡᠪᠠ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号