ᠦᠪᠦᠷ ᠮᠣᠩᠭᠤᠯ ᠤᠨ 2019 ᠣᠨ ᠤ ᠳᠡᠭᠡᠷ᠎ᠡ ᠬᠠᠭᠠᠰ ᠵᠢᠯ ᠳᠤ ᠶᠠᠪᠤᠭᠳᠠᠬᠤ ᠥᠪᠡᠷᠲᠡᠭᠡᠨ ᠰᠣᠷᠣᠭᠰᠠᠳ ᠤᠨ ᠰᠢᠯᠭᠠᠯᠲᠠ ᠳᠤ 12 ᠳ᠋ᠤᠭᠠᠷ ᠰᠠᠷ᠎ᠠ ᠶᠢᠨ 17᠎ ᠤ ᠡᠳᠦᠷ ᠠᠴᠠ ᠡᠬᠢᠯᠡᠵᠤ ᠨᠡᠷ᠎ᠡ ᠮᠡᠳᠡᠭᠦᠯᠦᠨ᠎ᠡ
ᠨᠡᠶᠢᠲᠡᠯᠡᠭᠰᠡᠨ ᠴᠠᠭ᠄
2018/12/14
     12 ᠳ᠋ᠤᠭᠠᠷ ᠰᠠᠷ᠎ᠠ ᠶᠢᠨ 13᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠯᠪᠠᠨ ᠤ ᠪᠢᠴᠢᠯ ᠪᠦᠷᠭᠡ ᠳᠤ ᠪᠠᠨ ᠮᠡᠳᠡᠭᠡ ᠨᠡᠶᠢᠲᠡᠯᠡᠵᠦ᠂ 2019 ᠣᠨ ᠤ ᠳᠡᠭᠡᠷ᠎ᠡ ᠬᠠᠭᠠᠰ ᠵᠢᠯ ᠳᠤ ᠶᠠᠪᠤᠭᠳᠠᠬᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠥᠪᠡᠷᠲᠡᠭᠡᠨ ᠰᠣᠷᠣᠭᠰᠠᠳ ᠤᠨ ᠰᠢᠯᠭᠠᠯᠲᠠ ᠪᠠ ᠠᠩᠭ᠍ᠯᠢ ᠬᠡᠯᠡᠨ ᠤ ᠲᠤᠰᠬᠠᠢ ᠮᠡᠷᠭᠡᠵᠢᠯ ᠤᠨ ︽ᠶᠠᠷᠢᠶᠠᠨ ᠤ ᠬᠡᠯᠡ᠂ ᠰᠣᠨᠣᠰᠬᠤ ᠴᠢᠳᠠᠪᠤᠷᠢ︾ ︵ᠲᠤᠰᠬᠠᠶ ᠮᠡᠷᠭᠡᠵᠢᠯ︶᠂ ︽ᠠᠮᠠᠨ ᠣᠷᠴᠢᠭᠤᠯᠭ᠎ᠠ ᠬᠢᠭᠡᠳ ᠰᠣᠨᠣᠰᠬᠤ ᠴᠢᠳᠠᠪᠤᠷᠢ︾᠎ ᠶᠢᠨ ︵ᠵᠢᠩᠬᠢᠨᠢ ᠠᠩᠭᠢ︶ ᠰᠦᠯᠵᠢᠶ᠎ᠡ ᠲᠡᠭᠡᠷ᠎ᠡ ᠬᠢᠴᠢᠶᠡᠯ ᠰᠣᠩᠭᠤᠬᠤ᠂ ᠰᠦᠢᠳᠭᠡᠯ ᠲᠤᠰᠢᠶᠠᠬᠤ ᠠᠵᠢᠯ ᠳᠤ 12 ᠳ᠋ᠤᠭᠠᠷ ᠰᠠᠷ᠎ᠠ ᠶᠢᠨ 17᠎ ᠤ ᠡᠳᠤᠷ ᠤᠨ 9 ᠴᠠᠭ ᠠᠴᠠ 12 ᠳ᠋ᠤᠭᠠᠷ ᠰᠠᠷ᠎ᠠ ᠶᠢᠨ 21᠎ ᠤ ᠡᠳᠦᠷ ᠤᠨ 17 ᠴᠠᠭ ᠪᠣᠯᠲᠠᠯ᠎ᠠ ᠨᠡᠷ᠎ᠡ ᠮᠡᠳᠡᠭᠦᠯᠦᠨ᠎ᠡ᠂ ᠬᠤᠭᠤᠴᠠᠭ᠎ᠠ ᠠᠴᠠ ᠪᠠᠨ ᠬᠡᠲᠦᠷᠡᠪᠠᠯ ᠬᠦᠯᠢᠶᠡᠨ ᠠᠪᠴᠤ ᠰᠢᠶᠳᠪᠦᠷᠢᠯᠡᠬᠦ ᠦᠭᠡᠢ᠃      ᠲᠣᠰ ᠤᠳᠠᠭᠠᠨ ᠤ ᠰᠢᠯᠭᠠᠯᠲᠠ ᠶᠢᠨ ᠨᠡᠷ᠎ᠡ ᠮᠡᠳᠡᠭᠦᠯᠦᠭᠰᠡᠳ ᠨᠢ ᠳᠠᠩᠰᠠ ᠲᠠᠢ ᠰᠢᠯᠭᠠᠭᠤᠯᠤᠭᠴᠢ ᠪᠠᠶᠢᠬᠤ ᠬᠡᠷᠡᠭᠲᠡᠢ᠂ 2015 ᠣᠨ ᠠᠴᠠ ᠬᠤᠶᠢᠰᠢ ︵2015 ᠣᠨ ᠳᠤ ᠰᠢᠯᠭᠠᠭᠤᠯᠤᠭᠰᠠᠨ ᠨᠢ ᠬᠤᠷᠤᠭᠤᠨ ᠤ ᠣᠷᠤᠮ ᠥᠭᠬᠦ ᠴᠢᠬᠤᠯᠠ ᠦᠬᠡᠢ︶ ᠦᠪᠡᠷᠲᠡᠭᠡᠨ ᠰᠣᠷᠣᠭᠰᠠᠳ ᠤᠨ ᠰᠢᠯᠭᠠᠯᠲᠠ ᠳᠤ ᠣᠷᠤᠯᠴᠠᠭᠰᠠᠨ ᠦᠭᠡᠢ ᠳᠠᠩᠰᠠ ᠲᠠᠢ ᠰᠢᠯᠭᠠᠭᠤᠯᠤᠭᠴᠢ᠂ ᠦᠪᠡᠷ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠠᠪᠤᠭᠠᠳ ᠥᠪᠡᠷᠲᠡᠭᠡᠨ ᠵᠠᠰᠠᠬᠤ ᠣᠷᠣᠨ ᠤ ᠠᠯᠢ ᠨᠢᠭᠡ ᠬᠤᠰᠢᠭᠤ ︵ᠰᠢᠶᠠᠨ᠂ ᠬᠤᠲᠠ᠂ ᠲᠣᠭᠤᠷᠢᠭ︶᠎ ᠶᠢᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠳᠤ ᠬᠤᠷᠤᠭᠤᠨ ᠤ ᠣᠷᠤᠮ ᠢᠶᠠᠨ ᠦᠯᠡᠳᠡᠭᠡᠨ ᠥᠭᠴᠦ ᠲᠤᠬᠠᠢ ᠶᠢᠨ ᠲᠠᠯᠠᠪᠠᠶ ᠳᠤ ᠰᠡᠭᠦᠳᠡᠷ ᠲᠠᠲᠠᠭᠤᠯᠤᠨ᠎ᠠ᠂ ᠡᠰᠡ ᠲᠡᠶᠢᠮᠦ ᠪᠣᠯ ᠰᠢᠯᠭᠠᠯᠲᠠ ᠳᠤ ᠣᠷᠤᠯᠴᠠᠭᠤᠯᠬᠤ ᠦᠬᠡᠢ᠃ ᠪᠣᠳᠠᠲᠠᠶ ᠨᠡᠷ᠎ᠡ ᠮᠡᠳᠡᠭᠦᠯᠬᠦ ᠠᠷᠭ᠎ᠠ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠥᠪᠡᠷᠲᠡᠭᠡᠨ ᠰᠤᠷᠤᠯᠴᠠᠬᠤ ᠰᠢᠯᠭᠠᠯᠲᠠ ᠶᠢᠨ ᠰᠦᠯᠵᠢᠶ᠎ᠡ ᠳᠡᠭᠡᠷ᠎ᠡ ᠨᠡᠷ᠎ᠡ ᠮᠡᠳᠡᠭᠦᠯᠬᠦ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢᠨ ᠬᠠᠮᠢᠶ᠎ᠠ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号