ᠪᠦᠬᠦ ᠤᠷᠤᠨ ᠤ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠶᠡᠭᠡ ᠬᠤᠷᠠᠯ ᠬᠦᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2018/12/14
     12 ᠳ᠋ᠤᠭᠠᠷ ᠰᠠᠷ᠎ᠠ ᠶᠢᠨ 13 ᠤ ᠡᠳᠦᠷ᠂ ᠪᠦᠬᠦ ᠤᠷᠤᠨ ᠤ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠶᠡᠭᠡ ᠬᠤᠷᠠᠯ ᠬᠦᠬᠡᠬᠤᠳᠠ ᠳᠤ ᠬᠤᠷᠠᠯᠳᠤᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠳᠡ ᠶᠢᠨ ᠠᠵᠤ ᠠᠬᠤᠢᠢᠯᠠᠯ ᠤᠨ ᠶᠠᠷᠢᠯᠴᠠᠬᠤ ᠬᠤᠷᠠᠯ ᠳᠡᠭᠡᠷ᠎ᠡ ᠶᠠᠷᠢᠭᠰᠠᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠮᠠᠨ ᠤ ᠤᠷᠤᠨ ᠤ ᠠᠷᠠᠳ ᠠᠴᠠ ᠡᠵᠡᠩᠨᠡᠭᠰᠡᠨ ᠰᠢᠯᠢᠳᠡᠭ ᠠᠵᠤ ᠠᠬᠤᠢᠢᠯᠠᠯ ᠢ ᠦᠪᠡᠳᠡᠭᠰᠢ ᠶᠡᠭᠡ ᠪᠠᠷ ᠬᠦᠬᠢᠭᠦᠯᠦᠨ ᠰᠠᠶᠢᠰᠢᠶᠠᠬᠰᠠᠨ ᠪᠦᠭᠡᠳ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠬᠦᠭᠵᠢᠯᠳᠡ ᠶᠢ ᠲᠡᠮᠵᠢᠭᠦ ᠠᠵᠢᠯ ᠳᠤ ᠲᠤᠬᠢᠷᠠᠭᠤᠯᠤᠯᠳᠠ ᠪᠠᠶᠢᠷᠢᠯᠠᠭᠤᠯᠤᠯᠳᠠ ᠬᠢᠵᠠᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠬᠤᠷᠠᠯ ᠢ ᠡᠷᠬᠢᠯᠡᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠦᠪᠡᠷᠳᠡᠭᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ ᠬᠦᠬᠢᠭᠦᠯᠦᠨ ᠰᠠᠶᠢᠰᠢᠶᠠᠬᠤ ᠲᠤᠬᠳᠠᠭᠠᠯ ᠢ ᠤᠩᠰᠢᠨ ᠨᠡᠶᠢᠳᠡᠯᠡᠪᠡ᠃ ᠦᠪᠡᠷᠳᠡᠭᠡᠨ ᠵᠠᠰᠠᠬᠤ ᠤᠷᠤᠨ ᠤ ᠨᠠᠮ  ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠤ ᠤᠳᠤᠷᠢᠳᠬᠤ ᠨᠦᠬᠦᠳ ᠪᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠭᠡ ᠶᠢᠨ ᠰᠢᠭᠦᠭᠦ ᠬᠤᠷᠢᠶᠠᠨ ᠤ ᠲᠠᠷᠤᠭ᠎ᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠠᠷᠤᠭ᠎ᠠ ᠬᠤᠷᠠᠯ ᠳᠤ ᠤᠷᠤᠯᠴᠠᠵᠠᠢ᠃      ᠯᠢ ᠵᠢᠢ ᠾᠧᠩ ᠵᠢᠭᠠᠵᠤ ᠭᠠᠷᠭᠠᠭᠰᠠᠨ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠬᠦᠭᠵᠢᠯᠳᠡ ᠶᠢ ᠲᠡᠭᠡᠳᠦ ᠬᠡᠮᠵᠢᠶ᠎ᠠ ᠪᠠᠷ ᠴᠢᠬᠤᠯᠠᠴᠢᠯᠠᠠᠵᠤ᠂ ᠶᠡᠷᠦᠩᠬᠡᠢ ᠱᠦᠵᠢ ᠰᠢ ᠶᠢᠨ ᠫᠢᠩ ᠠᠷᠠᠳ  ᠤᠨ ᠡᠵᠡᠩᠨᠡᠯᠳᠡ ᠶᠢᠨ ᠠᠵᠤ ᠠᠬᠤᠢ ᠶᠢᠨ ᠲᠤᠬᠠᠢ ᠤᠯᠠᠨ ᠤᠳᠠᠭ᠎ᠠ ᠴᠢᠬᠤᠯᠠ ᠶᠠᠷᠢᠶ᠎ᠠ ᠨᠡᠶᠢᠳᠡᠯᠡᠨ ᠴᠢᠬᠤᠯᠠ ᠵᠢᠭᠠᠪᠤᠷᠢ ᠥᠭᠴᠡᠢ᠂ ᠢᠯᠠᠩᠭᠤᠶ᠎ᠠ ᠲᠦᠷᠦᠭᠦᠭᠡᠨ ᠬᠤᠷᠠᠯᠳᠤᠭᠤᠯᠤᠬᠰᠠᠨ ᠠᠷᠠᠳ ᠠᠴᠠ ᠡᠵᠡᠩᠨᠡᠭᠰᠡᠨ ᠠᠵᠤ ᠠᠬᠤᠢᠢᠯᠠᠯ ᠤᠨ ᠶᠠᠷᠢᠯᠴᠠᠬᠤ ᠬᠤᠷᠠᠯ ᠳᠡᠭᠡᠷ᠎ᠡ ᠨᠠᠮ ᠪᠤᠯᠤᠨ ᠤᠯᠤᠰ ᠠᠴᠠ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠬᠦᠭᠵᠢᠯᠳᠡ ᠶᠢ ᠲᠡᠮᠵᠢᠭᠦ ᠢᠮᠠᠬᠳᠠ ᠶᠢᠨ ᠵᠤᠬᠰᠤᠯᠳᠠ ᠶᠢ ᠲᠠᠪᠳᠠᠨ ᠢᠯᠡᠷᠬᠡᠶᠢᠯᠡᠵᠤ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠳᠤ ︽ᠲᠤᠬᠳᠠᠪᠤᠷᠢᠵᠢᠭᠤᠯᠬᠤ ᠵᠤᠷ ᠦᠭᠴᠦ︾᠂ ᠡᠷᠴᠢ ᠬᠦᠴᠦ ᠨᠡᠮᠡᠵᠤ᠂ ᠴᠢᠭᠯᠡᠯ ᠢ ᠵᠢᠭᠠᠨ ᠦᠭᠴᠠᠢ᠃ ᠪᠢᠳᠡ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ ᠦᠨᠡᠨ ᠬᠦ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠲᠠᠢ ᠨᠢᠭᠡᠳᠦᠯᠳᠡᠢ ᠪᠠᠶᠢᠯᠭᠠᠵᠤ᠂ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠬᠦᠭᠵᠢᠯᠳᠡ ᠶᠢ ᠠᠬᠢᠭᠤᠯᠬᠤ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠠᠷᠠᠳ ᠠᠴᠠ ᠡᠵᠡᠩᠨᠡᠭᠰᠡᠨ ᠠᠵᠤ ᠠᠬᠤᠢᠢᠯᠠᠯ ᠤᠨ ᠬᠦᠭᠵᠢᠯ ᠪᠤᠵᠠᠭᠠᠢᠢᠷᠠᠯ ᠢ ᠪᠦᠬᠦ ᠬᠦᠴᠦᠨ ᠢᠶᠠᠷ ᠢᠶᠠᠨ ᠲᠡᠮᠵᠢᠵᠤ᠂ ᠪᠤᠳᠠᠳᠤ ᠠᠵᠢᠯᠯᠠᠭ᠎ᠠ ᠪᠤᠯᠤᠨ ᠦᠷ᠎ᠠ ᠪᠦᠳᠦᠮᠵᠢ ᠪᠠᠷ ᠢᠶᠠᠨ ︽ᠲᠦᠷᠪᠡᠨ ᠤᠬᠠᠮᠰᠠᠷ︾ ᠪᠠ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠭᠦ ᠬᠡᠷᠡᠭᠳᠡᠢ ᠭᠡᠵᠡᠢ᠃      ᠯᠢ ᠵᠢᠢ ᠾᠧᠩ ᠴᠢᠬᠤᠯᠠᠴᠢᠯᠠᠭᠰᠠᠨ ᠨᠢ᠂ ᠪᠤᠳᠠᠳᠠᠢ ᠶᠢ ᠡᠷᠬᠢᠮᠯᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠮᠠᠨ  ᠤ ᠤᠷᠤᠨ ᠤ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠬᠦᠭᠵᠢᠯᠳᠡ ᠶᠢ ᠬᠢᠵᠠᠭᠠᠷᠯᠠᠵᠤ ᠪᠦᠬᠦᠢ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠵᠤ᠂ ᠪᠡᠯᠡ ᠮᠦᠩᠭᠦ᠂ ᠭᠠᠵᠠᠷ ᠰᠢᠷᠤᠢ᠂ ᠴᠢᠳᠠᠪᠤᠷᠢᠳᠠᠨ ᠵᠡᠷᠭᠡ ᠡᠯᠧᠮᠧᠨ᠋ᠲ ᠤᠨ ᠪᠠᠳᠤᠯᠠᠭ᠎ᠠ ᠶᠢᠨ ᠲᠦᠪᠰᠢᠨ ᠢ ᠬᠦᠴᠦᠯᠡᠨ ᠲᠡᠭᠡᠭᠰᠢᠯᠡᠭᠦᠯᠵᠤ᠂ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠯᠳᠡ ᠶᠢ ᠴᠢᠩᠭᠠᠳᠬᠠᠨ᠂ ᠬᠤᠳᠠᠯᠳᠤᠭ᠎ᠠ ᠡᠵᠡᠩᠨᠡᠭᠦ ᠤᠷᠴᠢᠨ ᠨᠦᠬᠦᠴᠡᠯ ᠢ ᠶᠡᠭᠡ ᠪᠠᠷ ᠰᠢᠯᠢᠳᠡᠭᠵᠢᠭᠦᠯᠵᠤ᠂ ᠠᠵᠤ ᠠᠬᠤᠢᠢᠯᠠᠯᠳᠠᠨ ᠤ ᠵᠤᠷᠢᠭ ᠰᠠᠨᠠᠭ᠎ᠠ ᠶᠢ ᠬᠦᠭᠵᠢᠭᠡᠨ ᠬᠠᠮᠠᠭᠠᠠᠯᠠᠵᠤ᠂ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠪᠡᠶᠡᠯᠡᠭᠦᠯᠭᠦ ᠶᠢ ᠠᠬᠢᠭᠤᠯᠬᠤ ᠬᠡᠷᠡᠭᠳᠡᠢ᠃ ᠬᠠᠷᠢᠭᠤᠴᠠᠯᠭ᠎ᠠ ᠨᠡᠶᠢᠳᠡᠪᠦᠷᠢᠵᠢᠭᠤᠯᠤᠯᠳᠠ ᠪᠠᠨ ᠴᠢᠩᠭᠠᠳᠬᠠᠵᠤ᠂ ᠬᠢᠨᠠᠨ ᠰᠢᠯᠭᠠᠵᠤ ᠤᠷᠮᠠᠰᠢᠭᠤᠯᠬᠤ ᠪᠠ ᠪᠦᠷᠢᠳᠭᠡᠵᠤ ᠬᠢᠨᠠᠨ ᠬᠡᠮᠵᠢᠭᠦ ᠪᠠᠨ ᠴᠢᠩᠭᠠᠳᠬᠠᠵᠤ᠂ ᠶᠠᠷᠢᠶ᠎ᠠ ᠬᠡᠯᠡᠯᠴᠡᠭᠡ ᠤᠬᠠᠭᠤᠯᠭ᠎ᠠ ᠵᠢᠯᠤᠭᠤᠳᠤᠯᠭ᠎ᠠ ᠪᠠᠨ ᠴᠢᠩᠭᠠᠳᠬᠠᠨ᠂ ᠠᠷᠠᠳ ᠠᠴᠠ ᠡᠵᠡᠩᠨᠡᠭᠰᠡᠨ ᠠᠵᠤ ᠠᠬᠤᠢᠢᠯᠠᠯ ᠤᠨ ᠨᠠᠮ ᠤᠨ ᠪᠠᠶᠢᠭᠤᠯᠤᠯᠳᠠ ᠶᠢᠨ ᠠᠵᠢᠯ ᠢ ᠴᠢᠩᠭᠠᠳᠬᠠᠵᠦ᠂ ᠤᠷᠤᠨ ᠲᠠᠶᠠᠭᠠᠷ ᠲᠤ ᠠᠷᠠᠳ ᠠᠴᠠ ᠡᠵᠡᠩᠨᠡᠭᠰᠡᠨ ᠠᠵᠤ ᠠᠬᠤᠢᠢᠯᠠᠯ ᠤᠨ ᠬᠦᠭᠵᠢᠯᠳᠡ ᠶᠢ ᠲᠡᠮᠵᠢᠭᠦ ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠭᠦ ᠬᠡᠷᠡᠭᠳᠡᠢ᠃ ᠦᠷᠭᠡᠨ ᠤᠯᠠᠨ ᠠᠷᠠᠳ ᠤᠨ ᠡᠵᠡᠩᠨᠡᠯᠳᠡ ᠶᠢᠨ ᠠᠵᠤ ᠠᠬᠤᠢᠢᠯᠠᠯ ᠪᠠᠶᠢᠳᠠᠯ ᠲᠠᠢ ᠵᠤᠬᠢᠴᠠᠯᠳᠤᠵᠤ᠂ ᠲᠤᠳᠤᠷ ᠲᠠᠮᠢᠷ ᠢᠶᠠᠨ ᠴᠢᠩᠭᠠᠯᠠᠨ᠂ ᠨᠠᠮ ᠤᠨ ᠬᠤᠷᠢᠶ᠎ᠠ ᠪᠤᠯᠤᠨ ᠵᠠᠰᠠᠭ ᠤᠨ ᠤᠷᠳᠤᠨ ᠤ ᠬᠦᠴᠦᠳᠦ ᠲᠡᠮᠵᠢᠯᠭᠡ ᠲᠤᠤᠷ᠎ᠠ᠂ ᠵᠠᠬ᠎ᠠ ᠲᠡᠯᠭᠡᠭᠦᠷ ᠤᠨ ᠮᠦᠰᠦᠳᠦ ᠠᠭᠤᠯᠠ᠂ ᠪᠡᠯᠡ ᠬᠤᠷᠠᠮᠳᠤᠭᠤᠯᠬᠤ ᠦᠨᠳᠦᠷ ᠠᠭᠤᠯᠠ ᠪᠠ ᠬᠡᠯᠪᠡᠷᠢ ᠪᠠᠨ ᠬᠤᠪᠢᠷᠠᠭᠤᠯᠬᠤ ᠭᠠᠯᠳᠦ ᠠᠭᠤᠯᠠ ᠶᠢ ᠴᠢᠷᠮᠠᠶᠢᠨ ᠲᠠᠪᠠᠵᠤ᠂ ᠴᠢᠨᠠᠷ ᠰᠠᠶᠢᠳᠠᠢ ᠬᠦᠭᠵᠢᠯᠳᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ ᠭᠡᠵᠡᠢ᠃      ᠪᠦ᠋ ᠰᠢᠶᠤᠤ ᠯᠢᠨ ᠱᠠᠭᠠᠷᠳᠠᠭᠰᠠᠨ ᠨᠢ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠬᠦᠭᠵᠢᠯᠳᠡ ᠶᠢ ᠲᠡᠮᠵᠢᠭᠦ ᠡᠯ᠎ᠠ ᠵᠦᠢᠯ ᠤᠨ ᠲᠦᠷᠦ ᠶᠢᠨ ᠪᠤᠳᠤᠯᠭ᠎ᠠ ᠶᠢ ᠨᠡᠶᠢᠳᠡᠪᠦᠷᠢᠵᠢᠭᠤᠯᠵᠤ᠂ ᠲᠦᠷᠦ ᠶᠢᠨ ᠪᠤᠳᠤᠯᠭ᠎ᠠ ᠶᠢᠨ ᠲᠠᠪᠬᠤᠴᠠᠯ ᠦᠢᠯᠡᠳᠦᠯ ᠢ ᠰᠠᠶᠢᠳᠤᠷ ᠪᠠᠳᠠᠷᠠᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠢᠢᠯᠠᠯ ᠢ ᠦᠨᠡᠨ ᠬᠦ ᠬᠦᠷᠳᠡᠮᠵᠢ ᠶᠢᠨ ᠲᠦᠷᠦᠭᠳᠡᠯ ᠲᠠᠢ ᠪᠤᠯᠭᠠᠬᠤ ᠬᠡᠷᠡᠭᠳᠡᠢ᠃ ᠲᠦᠪ ᠭᠤᠤᠯᠴᠢ ᠪᠠᠷ ᠦᠷᠢᠰᠦᠯᠳᠦᠭᠦ ᠤᠷᠴᠢᠨ ᠲᠤᠭᠤᠷᠢᠨ ᠢ ᠡᠭᠦᠳᠴᠤ᠂ ᠡᠷᠭᠡ ᠲᠡᠭᠰᠢ᠂ ᠲᠦᠪ ᠭᠤᠤᠯᠴᠢ᠂ ᠢᠯᠡ ᠲᠤᠳᠤ ᠪᠠᠶᠢᠬᠤ ᠵᠠᠬ᠎ᠠ ᠲᠡᠯᠭᠡᠭᠦᠷ ᠤᠨ ᠵᠠᠷᠴᠢᠮ ᠠᠴᠠ ᠲᠡᠷᠰᠯᠡᠭᠰᠡᠨ ᠲᠦᠷᠦ ᠶᠢᠨ ᠪᠤᠳᠤᠯᠭ᠎ᠠ ᠪᠢᠴᠢᠭ ᠮᠠᠲ᠋ᠧᠷᠢᠶᠠᠯ ᠢ ᠴᠡᠪᠡᠷᠯᠡᠨ ᠠᠷᠢᠯᠭᠠᠵᠤ᠂ ᠲᠦᠪ ᠭᠤᠤᠯᠴᠢ ᠶᠢ ᠬᠠᠷᠰᠢᠯᠠᠵᠤ ᠪᠦᠬᠦᠢ ᠠᠷᠭ᠎ᠠ ᠬᠢᠳᠡᠯ ᠢ ᠬᠤᠷᠢᠬᠯᠠᠨ ᠠᠷᠢᠯᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠢᠢᠯᠠᠯ ᠤᠨ ᠬᠦᠭᠵᠢᠯᠳᠡ ᠳᠤ ᠪᠦᠷᠢᠨ ᠬᠦᠢᠴᠡᠳ ᠵᠠᠬ᠎ᠠ ᠲᠡᠯᠭᠡᠭᠦᠷ ᠤᠨ ᠤᠷᠤᠨ ᠵᠠᠢ ᠪᠦᠷᠢᠯᠳᠦᠭᠦᠯᠵᠤ ᠦᠭᠭᠦ ᠬᠡᠷᠡᠭᠳᠡᠢ᠃ ᠠᠷᠠᠳ ᠠᠴᠠ ᠡᠵᠡᠩᠨᠡᠭᠰᠡᠨ ᠠᠵᠤ ᠠᠬᠤᠢᠢᠯᠠᠯ ᠤᠨ ᠬᠦᠰᠡᠯ ᠱᠠᠭᠠᠷᠳᠠᠯᠭ᠎ᠠ ᠪᠠ ᠬᠡᠷᠡᠭᠴᠡᠭᠡ ᠶᠢ ᠰᠠᠨᠠᠭᠠᠴᠢᠯᠠᠭ᠎ᠠ ᠠᠴᠠ ᠪᠠᠨ ᠴᠠᠭ ᠲᠤᠬᠠᠢ  ᠳᠤ ᠨᠢ ᠤᠢᠢᠯᠠᠭᠠᠵᠤ᠂ ᠲᠡᠳᠡᠨ  ᠢ ᠬᠠᠪᠰᠤᠷᠤᠨ ᠬᠦᠭᠵᠢᠯᠳᠡ ᠶᠢᠨ ᠲᠤᠮᠳᠠᠬᠢ ᠬᠦᠴᠢᠷᠳᠡᠯ ᠪᠤᠯᠤᠨ ᠠᠰᠠᠭᠤᠳᠠᠯ ᠢ ᠨᠢ ᠰᠢᠢᠳᠪᠦᠷᠢᠯᠡᠨ ᠦᠭᠴᠤ᠂ ᠠᠵᠤ ᠠᠬᠤᠢᠢᠯᠠᠯ ᠤᠨ ᠬᠠᠤᠯᠢ ᠶᠣᠰᠣᠨ ᠤ ᠡᠵᠡᠩᠨᠡᠯᠲᠡ ᠶᠢ ᠬᠠᠤᠯᠢ ᠪᠠᠷ ᠪᠠᠳᠤᠯᠠᠬᠤ ᠬᠡᠷᠡᠭᠳᠡᠢ᠃ ᠰᠢᠯᠢᠳᠡᠭ ᠠᠵᠤ ᠠᠬᠤᠢᠢᠯᠠᠯᠳᠠᠨ ᠢ ᠤᠬᠠᠭᠤᠯᠵᠤ ᠮᠡᠳᠡᠭᠡᠯᠡᠬᠦ ᠠᠵᠢᠯ ᠢ ᠴᠢᠩᠭᠠᠳᠬᠠᠵᠤ᠂ ᠰᠢᠨ᠎ᠠ ᠶᠢ ᠡᠭᠦᠳᠴᠤ ᠦᠢᠯᠡᠰ ᠪᠤᠰᠬᠠᠬᠤ ᠶᠢ ᠡᠷᠬᠢᠮᠯᠡᠬᠦ ᠰᠠᠶᠢᠨ ᠰᠠᠶᠢᠬᠠᠨ ᠤᠷᠴᠢᠨ ᠨᠦᠬᠦᠴᠡᠯ ᠪᠦᠷᠢᠯᠳᠦᠭᠦ ᠶᠢ ᠠᠬᠢᠭᠤᠯᠬᠤ ᠬᠡᠷᠡᠭᠳᠡᠢ ᠭᠡᠵᠡᠢ᠃      ᠬᠤᠷᠠᠯ ᠢ ᠬᠠᠷᠠᠭᠠᠨ ᠳᠠᠪᠲᠠᠮᠵᠢ ᠶᠢᠨ ᠬᠤᠷᠠᠯ ᠤᠨ ᠬᠡᠯᠪᠡᠷᠢ ᠪᠠᠷ ᠬᠤᠷᠠᠯᠳᠤᠭᠤᠯᠪᠠ᠃ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠬᠡᠰᠡᠭ ᠠᠷᠠᠳ ᠠᠴᠠ ᠡᠵᠡᠩᠨᠡᠭᠰᠡᠨ ᠠᠵᠤ ᠠᠬᠤᠢᠢᠯᠠᠯ ᠤᠨ ᠬᠠᠷᠢᠭᠤᠴᠠᠯᠭᠠᠳᠠᠨ ᠰᠠᠨᠠᠯ ᠢᠶᠠᠨ ᠰᠤᠯᠢᠯᠴᠠᠬᠤ ᠦᠭᠡ ᠬᠡᠯᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号