ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ 2018 ᠤᠨ ᠤ 26 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/12/14

     12 ᠳ᠋ᠤᠭᠠᠷ ᠰᠠᠷ᠎ᠠ ᠶᠢᠨ 13 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠷᠠᠭᠤᠨ ᠤᠷᠤᠨ ᠢ ᠨᠡᠬᠡᠭᠡᠨ ᠬᠦᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠬᠤᠷᠠᠯ ᠤᠨ ᠲᠤᠪᠴᠢ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠳᠡ ᠶᠢ ᠰᠤᠨᠤᠰᠴᠤ᠂ ︽ᠬᠦᠬᠡᠬᠤᠳᠠ ᠪᠤᠭᠤᠳᠤ ᠤᠷᠳᠤᠰ ᠲᠡᠮᠡᠬᠡᠲᠤ ᠬᠤᠳᠠ ᠶᠢᠨ ᠪᠦᠯᠦᠭᠵᠢᠯ ᠤᠨ ᠬᠦᠭᠵᠢᠯᠳᠡ ᠶᠢᠨ ᠲᠦᠯᠦᠪᠵᠢᠭᠦᠯᠭᠡ︾ ᠶᠢᠨ ᠦᠪᠦᠷ ᠮᠤᠩᠭᠤᠯ ᠤᠨ ᠬᠡᠷᠡᠭᠵᠢᠭᠦᠯᠭᠦ ᠲᠦᠰᠦᠯ ᠪᠠ ᠬᠦᠬᠡᠬᠤᠳᠠ ᠪᠤᠭᠤᠳᠤ ᠤᠷᠳᠤᠰ ᠤᠨ ᠬᠠᠮᠵᠢᠯᠴᠠᠨ ᠬᠦᠭᠵᠢᠭᠦ ᠶᠢ ᠲᠦᠷᠭᠡᠳᠭᠡᠨ ᠠᠬᠢᠭᠤᠯᠬᠤ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠠ ᠵᠡᠷᠭᠡ ᠵᠦᠢᠯᠡᠰ ᠢ ᠰᠤᠳᠤᠯᠪᠠ᠃
     ᠬᠤᠷᠠᠯ ᠠᠴᠠ ᠵᠢᠭᠠᠭᠰᠠᠨ ᠨᠢ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠷᠠᠭᠤᠨ ᠤᠷᠤᠨ ᠢ ᠨᠡᠬᠡᠭᠡᠨ ᠬᠦᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠬᠤᠷᠠᠯ ᠠᠴᠠ ᠬᠤᠶᠢᠰᠢᠳᠠ ᠶᠢᠨ ᠨᠢᠭᠡ ᠬᠤᠭᠤᠴᠠᠭᠠᠨ ᠤ ᠪᠠᠷᠠᠭᠤᠨ ᠤᠷᠤᠨ ᠢ ᠶᠡᠭᠡ ᠪᠠᠷ ᠨᠡᠬᠡᠭᠡᠨ ᠬᠦᠭᠵᠢᠭᠦᠯᠬᠦ ᠭᠤᠤᠯ ᠡᠭᠦᠷᠭᠡ ᠪᠠ ᠭᠤᠤᠯᠳᠠᠯᠭ᠎ᠠ ᠲᠠᠢ ᠠᠵᠢᠯ ᠢ ᠲᠤᠷᠠᠳᠴᠠᠢ᠂ ᠡᠨᠡ ᠨᠢ ᠮᠠᠰᠢ ᠦᠨᠳᠦᠷ ᠲᠦᠷᠦ ᠶᠢᠨ ᠪᠤᠳᠤᠯᠭ᠎ᠠ ᠶᠢᠨ ᠦᠨ᠎ᠡ ᠴᠡᠨ᠎ᠡ ᠲᠠᠢ ᠶᠤᠮ᠃ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠠᠵᠠ ᠲᠤᠬᠢᠶᠠᠯ ᠤᠨ ᠤᠬᠠᠮᠰᠠᠷ ᠢᠶᠠᠨ ᠨᠡᠮᠡᠭᠳᠡᠭᠦᠯᠦᠨ᠂ ᠲᠦᠷᠦ ᠶᠢᠨ ᠪᠤᠳᠤᠯᠭ᠎ᠠ ᠶᠢᠨ ᠰᠤᠳᠤᠯᠭᠠᠨ ᠢᠶᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠤᠯᠤᠰ ᠤᠨ ᠶᠠᠮᠤᠨ ᠵᠦᠪᠯᠡᠯ ᠳᠤ ᠬᠠᠷᠢᠭᠤ ᠮᠡᠳᠡᠭᠦᠯᠬᠦ ᠪᠠ ᠵᠤᠯᠭᠠᠭᠤᠯᠵᠤ᠂ ᠤᠯᠤᠰ ᠤᠨ ᠲᠡᠮᠵᠢᠯᠭᠡ ᠶᠢᠨ ᠠᠷᠭ᠎ᠠ ᠬᠡᠮᠵᠢᠶ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠪᠠᠳᠤᠯᠠᠬᠤ ᠬᠡᠷᠡᠭᠳᠡᠢ᠃ ᠲᠤᠳᠠᠭᠤᠳᠠᠯ ᠢᠶᠠᠨ ᠨᠦᠬᠦᠪᠦᠷᠢᠯᠡᠭᠦ ᠤᠬᠠᠮᠰᠠᠷ ᠢᠶᠠᠨ ᠤᠯᠠᠮ ᠴᠢᠨᠠᠬᠰᠢᠳᠠ ᠴᠢᠩᠭᠠᠳᠬᠠᠵᠤ᠂ ᠦᠪᠡᠷᠳᠡᠭᠡᠨ ᠵᠠᠰᠠᠬᠤ ᠤᠷᠤᠨ ᠤ ᠬᠦᠭᠵᠢᠯᠳᠡ ᠳᠤ ᠪᠠᠴᠢᠮ ᠱᠠᠭᠠᠷᠳᠠᠭᠳᠠᠵᠤ ᠪᠠᠶᠢᠭ᠎ᠠ᠂ ᠤᠯᠤᠰ ᠤᠨ ᠲᠦᠯᠦᠪᠵᠢᠭᠦᠯᠭᠡ ᠳᠤ ᠨᠡᠶᠢᠴᠡᠬᠦ‍ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ ᠢ ᠲᠦᠷᠭᠡᠳᠭᠡᠨ ᠠᠬᠢᠭᠤᠯᠬᠤ ᠬᠡᠷᠡᠭᠳᠡᠢ᠃ ᠰᠢᠨ᠎ᠠ ᠶᠢ ᠡᠭᠦᠳᠭᠦ ᠴᠢᠳᠠᠪᠤᠷᠢ ᠶᠢᠨ ᠪᠠᠶᠢᠭᠤᠯᠤᠯᠲᠠ ᠶᠢ ᠴᠢᠬᠤᠯᠠᠴᠢᠯᠠᠵᠤ᠂ ᠤᠯᠤᠰ ᠤᠨ ᠲᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠬᠦᠢᠴᠡᠳ ᠰᠠᠶᠢᠲᠤᠷ ᠠᠰᠢᠬᠯᠠᠨ᠂ ᠡᠯ᠎ᠠ ᠱᠠᠳᠤᠨ ᠤ ᠰᠢᠨ᠎ᠠ ᠶᠢ ᠡᠭᠦᠳᠴᠤ ᠬᠦᠭᠵᠢᠭᠦ ᠤᠬᠠᠮᠰᠠᠷ ᠢᠶᠠᠨ ᠴᠢᠩᠭᠠᠳᠬᠠᠵᠤ᠂ ᠰᠢᠨ᠎ᠠ ᠶᠢ ᠡᠭᠦᠳᠭᠦ ᠤᠷᠴᠢᠨ ᠨᠦᠬᠦᠴᠡᠯ ᠢ ᠰᠢᠯᠢᠳᠡᠭᠵᠢᠭᠦᠯᠭᠦ ᠬᠡᠷᠡᠭᠳᠡᠢ᠃ ᠭᠠᠳᠠᠭᠠᠳᠦ ᠨᠡᠭᠡᠭᠡᠯᠳᠡ ᠶᠢᠨ ᠲᠦᠪᠰᠢᠨ ᠢᠶᠠᠨ ᠲᠡᠭᠡᠭᠰᠢᠯᠡᠭᠦᠯᠵᠤ᠂ ᠲᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ ᠪᠦᠳᠦᠭᠡᠨ ᠪᠠᠶᠢᠭᠤᠯᠤᠯᠲᠠ ᠪᠠᠷ ᠭᠤᠤᠯᠳᠠᠯᠭ᠎ᠠ ᠪᠤᠯᠭᠠᠵᠤ᠂ ᠤᠮᠠᠷᠠᠰᠢ ᠨᠡᠭᠡᠭᠡᠯᠳᠡ ᠬᠢᠬᠦ ᠬᠠᠭᠤᠳᠠᠰᠦ ᠶᠢ ᠰᠠᠶᠢᠲᠤᠷ ᠪᠢᠴᠢᠭᠯᠡᠵᠤ᠂ ᠤᠯᠤᠰ ᠤᠨ ᠲᠤᠳᠤᠭᠠᠳᠦ ᠶᠢᠨ ᠪᠤᠰᠤᠳ ᠮᠤᠵᠢ ᠤᠷᠤᠨ ᠬᠤᠳᠠ ᠯᠤᠭ᠎ᠠ ᠬᠠᠮᠵᠢᠯᠴᠠᠨ ᠬᠦᠭᠵᠢᠭᠦ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠭᠦᠯᠭᠦ ᠬᠡᠷᠡᠭᠳᠡᠢ᠃ ᠢᠮᠠᠬᠳᠠ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠪᠠᠷ ᠡᠯ᠎ᠠ ᠵᠦᠢᠯ ᠤᠨ ᠠᠵᠢᠯ ᠤᠨ ᠵᠤᠷᠢᠯᠳᠠ ᠪᠠ ᠵᠤᠬᠰᠤᠯᠳᠠ ᠪᠠᠨ ᠪᠤᠯᠭᠠᠵᠤ᠂ ᠠᠷᠠᠳ ᠤᠯᠠᠨ ᠤ ᠬᠠᠮᠤᠭ ᠠᠴᠠ ᠬᠠᠯᠠᠮᠵᠢᠯᠠᠵᠤ ᠪᠠᠶᠢᠬᠤ  ᠬᠠᠮᠤᠭ ᠤᠨ ᠰᠢᠭᠤᠳ ᠬᠠᠮᠤᠭ ᠤᠨ ᠪᠤᠳᠠᠳᠠᠢ ᠠᠰᠢᠭ ᠲᠤᠰᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠭᠦ ᠬᠡᠷᠡᠭᠳᠡᠢ ᠭᠡᠵᠡᠢ᠃
     ᠬᠤᠷᠠᠯ ᠠᠴᠠ ᠵᠢᠭᠠᠭᠰᠠᠨ ᠨᠢ᠂ ᠬᠦᠬᠡᠬᠤᠳᠠ ᠪᠤᠭᠤᠳᠤ ᠤᠷᠳᠤᠰ ᠲᠡᠮᠡᠬᠡᠲᠤ ᠬᠤᠳᠠ ᠶᠢᠨ ᠪᠦᠯᠦᠭᠵᠢᠯ ᠤᠨ ᠪᠦᠳᠦᠭᠡᠨ ᠪᠠᠶᠢᠭᠤᠯᠤᠯᠲᠠ ᠪᠤᠯ ᠤᠯᠤᠰ ᠤᠨ ᠤᠷᠤᠨ ᠪᠦᠰᠡ ᠶᠢᠨ ᠵᠤᠬᠢᠴᠠᠩᠭᠤᠢ ᠬᠦᠭᠵᠢᠯᠳᠡ ᠶᠢ ᠠᠬᠢᠭᠤᠯᠬᠤ ᠴᠢᠬᠤᠯᠠ ᠪᠠᠶᠢᠯᠳᠤᠬᠤ ᠪᠤᠳᠤᠯᠭ᠎ᠠ ᠶᠢᠨ ᠠᠷᠭ᠎ᠠ ᠬᠡᠮᠵᠢᠶ᠎ᠡ ᠪᠤᠯᠤᠨ᠎ᠠ᠃ ᠬᠠᠮᠢᠶ᠎ᠠ ᠪᠦᠬᠦᠢ ᠭᠠᠵᠠᠷ ᠤᠷᠤᠨ ᠪᠠ ᠰᠠᠯᠠᠭ᠎ᠠ ᠮᠦᠴᠢᠷ ᠤᠯᠤᠰ ᠤᠨ ᠬᠠᠮᠢᠶ᠎ᠠ ᠪᠦᠬᠦᠢ ᠶᠠᠮᠤᠨ ᠵᠦᠪᠯᠡᠯ ᠪᠠ ᠱᠠᠨᠰᠢ ᠮᠤᠵᠢ ᠯᠤᠭ᠎ᠠ ᠵᠤᠯᠭᠠᠯᠴᠠᠵᠤ᠂ ︽ᠬᠦᠬᠡᠬᠤᠳᠠ ᠪᠤᠭᠤᠳᠤ ᠤᠷᠳᠤᠰ ᠲᠡᠮᠡᠬᠡᠲᠤ ᠬᠤᠳᠠ ᠶᠢᠨ ᠪᠦᠯᠦᠭᠵᠢᠯ ᠤᠨ ᠬᠦᠭᠵᠢᠯᠳᠡ ᠶᠢᠨ ᠲᠦᠯᠦᠪᠵᠢᠭᠦᠯᠭᠡ︾ ᠶᠢ ᠰᠠᠶᠢᠲᠤᠷ ᠨᠠᠶᠢᠳᠠᠪᠤᠷᠢᠵᠢᠭᠤᠯᠤᠨ᠂ ᠬᠠᠮᠳᠤ ᠪᠠᠷ ᠬᠦᠬᠡᠬᠤᠳᠠ ᠪᠤᠭᠤᠳᠤ ᠤᠷᠳᠤᠰ ᠲᠡᠮᠡᠬᠡᠲᠤ ᠶᠢ ᠮᠠᠨ ᠤ ᠤᠯᠤᠰ ᠤᠨ ᠲᠤᠮᠳᠠ ᠪᠠᠷᠠᠭᠤᠨ ᠤᠷᠤᠨ ᠤ ᠴᠢᠬᠤᠯᠠ ᠨᠦᠯᠦᠭᠡᠯᠡᠭᠦ ᠬᠦᠴᠦᠨ ᠪᠦᠬᠦᠢ ᠬᠤᠳᠠ ᠶᠢᠨ ᠪᠦᠯᠦᠭᠵᠢᠯ ᠪᠤᠯᠭᠠᠨ ᠬᠦᠭᠵᠢᠭᠦᠯᠭᠦ ᠬᠡᠷᠡᠭᠳᠡᠢ᠃ ᠬᠦᠬᠡᠬᠤᠳᠠ ᠪᠤᠭᠤᠳᠤ ᠤᠷᠳᠤᠰ ᠤᠨ ᠬᠠᠮᠵᠢᠯᠴᠠᠨ ᠬᠦᠭᠵᠢᠭᠦ ᠵᠠᠩᠬᠢᠯᠠᠭ᠎ᠠ ᠪᠤᠯ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠶᠠᠪᠤᠳᠠᠯ ᠪᠤᠯᠤᠨ᠎ᠠ᠂ ᠬᠦᠬᠡᠬᠤᠳᠠ ᠪᠤᠭᠤᠳᠤ ᠤᠷᠳᠤᠰ ᠭᠤᠷᠪᠠᠨ ᠬᠤᠳᠠ ᠶᠡᠭᠡ ᠲᠠᠯ᠎ᠠ ᠶᠢᠨ ᠤᠬᠠᠮᠰᠠᠷ ᠢ ᠴᠢᠨᠠᠬᠰᠢᠳᠠ ᠪᠤᠢ ᠪᠤᠯᠭᠠᠨ᠂ ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠬᠠᠮᠵᠢᠯᠴᠠᠵᠦ ᠵᠤᠬᠢᠴᠠᠯᠳᠤᠬᠤ ᠪᠠᠨ ᠴᠢᠩᠭᠠᠳᠬᠠᠬᠤ ᠬᠡᠷᠡᠭᠳᠡᠢ᠃ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠵᠤᠬᠢᠴᠠᠭᠤᠯᠭ᠎ᠠ᠂ ᠵᠢᠯᠤᠭᠤᠳᠤᠯᠭ᠎ᠠ ᠪᠠ ᠲᠡᠮᠵᠢᠯᠭᠡ ᠪᠠᠨ ᠴᠢᠩᠭᠠᠳᠬᠠᠵᠤ᠂ ᠡᠯ᠎ᠠ ᠵᠦᠢᠯ ᠤᠨ ᠠᠵᠢᠯ ᠤᠨ ᠡᠭᠦᠷᠭᠡ᠂ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠠ ᠲᠤᠭᠤᠰᠢᠳᠠᠢ ᠨᠠᠶᠢᠳᠠᠪᠤᠷᠢᠵᠢᠭᠤᠯᠤᠭᠳᠠᠬᠤ ᠶᠢ ᠪᠠᠳᠤᠯᠠᠵᠤ᠂ ᠬᠦᠬᠡᠬᠤᠳᠠ ᠪᠤᠭᠤᠳᠤ ᠤᠷᠳᠤᠰ ᠤᠨ ᠬᠠᠮᠵᠢᠯᠴᠠᠨ ᠬᠦᠭᠵᠢᠭᠦ ᠶᠢ ᠠᠬᠢᠭᠤᠯᠬᠤ ᠬᠠᠮᠳᠤᠷᠠᠯ ᠬᠦᠴᠦᠨ ᠢ ᠪᠦᠷᠢᠯᠳᠦᠭᠦᠯᠭᠦ ᠬᠡᠷᠡᠭᠳᠡᠢ ᠭᠡᠵᠡᠢ᠃
     ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ