ᠥᠪᠥᠷ ᠮᠣᠩᠭᠤᠯ ᠤᠨ ᠠᠩᠬᠠᠳᠤᠭᠠᠷ ᠡᠭᠡᠯᠵᠢ ᠶᠢᠨ ᠣᠶᠢᠯᠠᠯᠭ᠎ᠠ ᠵᠠᠰᠠᠬᠤ ᠠᠵᠢᠯ ᠳᠠᠭᠤᠰᠴᠤ  ᠭᠤᠷᠪᠠᠨ ᠱᠠᠲᠤᠨ ᠤ ᠣᠷᠣᠨ ᠨᠤᠲᠤᠭ ᠤᠨ ᠣᠶᠢᠯᠠᠯᠭ᠎ᠠ ᠶᠢᠨ ᠨᠣᠮ ᠢ ᠪᠠᠷᠤᠭ 300 ᠲᠡᠪᠲᠡᠷ ᠪᠡᠶᠡᠯᠡᠭᠦᠯᠪᠡ
ᠨᠡᠶᠢᠲᠡᠯᠡᠭᠰᠡᠨ ᠴᠠᠭ᠄
2018/12/14
     ᠡᠯ᠎ᠡ ᠭᠠᠵᠠᠷ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠨ ᠴᠥᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠨ᠂ ᠪᠥᠬᠦ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠢᠯᠡᠷᠬᠡᠢ ᠦᠷ᠎ᠡ ᠪᠦᠲᠦᠮᠵᠢ ᠣᠯᠵᠤ᠂ ᠣᠶᠢᠯᠠᠯᠭ᠎ᠠ ᠶᠢᠨ ᠪᠢᠴᠢᠭ ᠢ ᠨᠠᠶᠢᠷᠠᠭᠤᠯᠤᠨ ᠵᠠᠰᠠᠬᠤ ᠠᠵᠢᠯ ᠡᠯᠪᠡᠭ ᠦᠷ᠎ᠡ ᠪᠦᠲᠦᠭᠡᠯ ᠣᠯᠵᠤ ᠂ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠠᠯᠬᠤᠮ ᠠᠯᠬᠤᠮ ᠢᠶᠠᠷ ᠪᠦᠷᠢᠳᠦᠵᠦ ᠪᠣᠢ᠃      ᠲᠠᠨᠢᠯᠴᠠᠭᠤᠯᠤᠭᠰᠠᠨ ᠢᠶᠠᠷ᠂ ᠪᠥᠬᠦ ᠣᠷᠣᠨ ᠤ ᠠᠩᠬᠠᠳᠤᠭᠠᠷ ᠡᠭᠡᠯᠵᠢ ᠶᠢᠨ ᠣᠶᠢᠯᠠᠯᠭ᠎ᠠ ᠵᠠᠰᠠᠬᠤ ᠠᠵᠢᠯ ᠳᠠᠭᠤᠰᠴᠤ᠂ ᠬᠤᠶᠠᠳᠤᠭᠠᠷ ᠡᠭᠡᠯᠵᠢ ᠶᠢᠨ ᠣᠶᠢᠯᠠᠯᠭ᠎ᠠ ᠵᠠᠰᠠᠬᠤ ᠠᠵᠢᠯ ᠨᠢᠭᠡᠨᠲᠡ ᠡᠬᠢᠯᠡᠭᠰᠡᠨ ᠪᠠᠶᠢᠨ᠎ᠠ᠃ ᠪᠦᠬᠦ ᠣᠷᠣᠨ ᠨᠡᠶᠢᠲᠡ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠣᠷᠣᠨ ᠨᠤᠲᠤᠭ ᠤᠨ ᠨᠣᠮ ᠢ ᠪᠠᠷᠤᠭ 300 ᠳᠡᠪᠲᠡᠷ᠂ ᠠᠵᠢᠯ ᠲᠥᠷᠥᠯ᠂ ᠰᠠᠯᠠᠭ᠎ᠠ ᠮᠥᠴᠢᠷ᠂ ᠴᠡᠷᠢᠭ ᠤᠨ ᠶᠠᠪᠤᠳᠠᠯ᠂ ᠲᠤᠰᠬᠠᠶ ᠰᠡᠳᠦᠪ᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠤ ᠣᠶᠢᠯᠠᠯᠭ᠎ᠠ ᠵᠡᠷᠭᠡ ᠶᠢ 900 ᠰᠢᠬᠠᠮ ᠳᠡᠪᠲᠡᠷ᠂ ᠣᠷᠣᠨ ᠨᠤᠲᠤᠭ ᠤᠨ ᠶᠡᠷᠦᠩᠬᠡᠶᠢᠯᠡᠭᠰᠡᠨ ᠣᠨ ᠳᠠᠷᠠᠭᠠᠯᠠᠯ ᠤᠨ ᠪᠢᠴᠢᠭ ᠢ 300 ᠰᠢᠬᠠᠮ ᠲᠡᠪᠲᠡᠷ  ᠨᠠᠶᠢᠷᠠᠭᠤᠯᠤᠨ ᠬᠡᠪᠯᠡᠵᠡᠢ᠃ ᠡᠭᠦᠨ ᠠᠴᠠ ᠭᠠᠳᠠᠨ᠎ᠠ᠂ ᠪᠤᠰᠤᠳ ᠵᠦᠢᠯ ᠤᠨ ᠭᠠᠵᠠᠷ ᠣᠷᠣᠨ ᠤ ᠪᠠᠶᠢᠳᠠᠯ ᠤᠨ ᠰᠤᠷᠪᠤᠯᠵᠢ ᠪᠢᠴᠢᠭ ᠢ ᠮᠢᠩᠭ᠎ᠠ ᠭᠠᠷᠤᠢ ᠳᠡᠪᠲᠡᠷ ᠨᠠᠶᠢᠷᠠᠭᠤᠯᠤᠨ ᠬᠡᠪᠯᠡᠪᠡ᠃ ᠡᠳᠡᠭᠡᠷ ᠣᠷᠣᠨ ᠨᠤᠲᠤᠭ ᠤᠨ ᠣᠶᠢᠯᠠᠯᠭ᠎ᠠ ᠶᠢᠨ ᠨᠣᠮ ᠨᠢ ᠤᠳᠤ ᠦᠯᠡᠳᠡᠵᠦ ᠪᠠᠶᠢᠭ᠎ᠠ ᠬᠠᠭᠤᠴᠢᠨ ᠣᠶᠢᠯᠠᠯᠭ᠎ᠠ ᠵᠢᠴᠢ ᠡᠮᠬᠢᠳᠬᠡᠭᠰᠡᠨ ᠦᠷ᠎ᠡ ᠪᠦᠲᠦᠭᠡᠯ ᠯᠦᠭᠡ ᠣᠷᠣᠨ ᠨᠤᠲᠤᠭ ᠤᠨ ᠣᠶᠢᠯᠠᠯᠭ᠎ᠠ ᠶᠢᠨ ᠡᠬᠢ ᠪᠠᠶᠠᠯᠢᠭ ᠤᠨ ᠡᠷᠳᠡᠨᠢᠰ ᠤᠨ ᠬᠥᠮᠥᠷᠭᠡ ᠪᠣᠯᠣᠭᠰᠠᠨ ᠪᠠᠶᠢᠨ᠎ᠠ ᠃      ᠣᠳᠣᠬᠠᠨ ᠳᠤ᠂ ᠪᠦᠬᠦ ᠣᠷᠣᠨ ᠳᠤ ᠣᠷᠣᠨ ᠨᠤᠲᠤᠭ ᠤᠨ ᠣᠶᠢᠯᠠᠯᠭ᠎ᠠ ᠶᠢᠨ ᠣᠷᠳᠣᠨ ᠢ ᠨᠢᠭᠡᠨᠲᠡ 9 ᠪᠠᠶᠢᠭᠤᠯᠪᠠ᠂ ᠡᠭᠦᠨ ᠳᠤ᠂ ᠠᠶᠢᠮᠠᠭ ᠬᠤᠳᠠ ᠶᠢᠨ ᠱᠠᠲᠤᠨ ᠤ ᠣᠷᠣᠨ ᠨᠤᠲᠤᠭ ᠤᠨ ᠣᠶᠢᠯᠠᠯᠭ᠎ᠠ ᠶᠢᠨ ᠣᠷᠳᠣᠨ ︵ᠬᠥᠮᠥᠷᠭᠡ︶ 3᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠱᠠᠲᠤᠨ ᠤ ᠣᠷᠣᠨ ᠨᠤᠲᠤᠭ ᠤᠨ ᠣᠶᠢᠯᠠᠯᠭ᠎ᠠ ᠶᠢᠨ ᠣᠷᠳᠣᠨ ︵ᠬᠥᠮᠥᠷᠭᠡ︶ 6 ᠪᠠᠶᠢᠨ᠎ᠠ᠃ ᠥᠪᠥᠷ ᠮᠣᠩᠭᠤᠯ ᠤᠨ ᠣᠷᠣᠨ ᠨᠤᠲᠤᠭ ᠤᠨ ᠣᠶᠢᠯᠠᠯᠭ᠎ᠠ ᠶᠢᠨ ᠣᠷᠳᠣᠨ ᠢ ᠶᠠᠭ ᠪᠠᠶᠢᠭᠤᠯᠵᠤ ᠪᠠᠶᠢᠨ᠎ᠠ᠃ ︽ᠢᠨᠲ᠋ᠧᠷ ᠰᠦᠯᠵᠢᠶ᠎ᠡ+︾ ᠬᠥᠭᠵᠢᠯᠲᠡ ᠶᠢᠨ ᠬᠠᠨᠳᠤᠰᠢ ᠳᠤ ᠵᠣᠬᠢᠴᠠᠭᠤᠯᠤᠨ᠂ ᠣᠷᠣᠨ ᠨᠤᠲᠤᠭ ᠤᠨ ᠣᠶᠢᠯᠠᠯᠭ᠎ᠠ ᠶᠢᠨ ᠰᠢᠰᠲ᠋ᠧᠮ ᠤᠨ ᠮᠡᠳᠡᠭᠡ ᠵᠠᠩᠬᠢᠴᠢᠯᠠᠯᠲᠠ ᠶᠢᠨ ᠪᠠᠶᠢᠭᠤᠯᠤᠯᠲᠠ ᠶᠢ ᠢᠳᠡᠪᠬᠢᠲᠡᠶ ᠲᠦᠯᠬᠢᠨ ᠠᠬᠢᠭᠤᠯᠵᠤ᠂ ︽ᠥᠪᠥᠷ ᠮᠣᠩᠭᠤᠯ ᠤᠨ ᠣᠷᠣᠨ ᠤ ᠪᠠᠶᠢᠳᠠᠯ ᠤᠨ ᠰᠦᠯᠵᠢᠶ᠎ᠡ︾ ᠶᠢᠨ ᠬᠢᠲᠠᠳ ᠬᠡᠪᠯᠡᠯ᠂ ᠮᠣᠩᠭᠤᠯ ᠬᠡᠯᠡᠨ ᠤ ᠬᠡᠪᠯᠡᠯ᠂ ᠭᠠᠷ ᠤᠲᠠᠰᠤᠨ ᠤ ᠬᠡᠪᠯᠡᠯ ᠢ ᠪᠠᠶᠢᠭᠤᠯᠪᠠ︔ ᠣᠷᠣᠨ ᠨᠤᠲᠤᠭ ᠤᠨ ᠣᠶᠢᠯᠠᠯᠭ᠎ᠠ ᠶᠢᠨ ᠥᠪᠥᠷ ᠮᠣᠩᠭᠤᠯ ᠤᠨ ᠸᠢᠴᠠᠲ ᠤᠨ ᠨᠡᠶᠢᠲᠡ ᠶᠢᠨ ᠨᠣᠮᠧᠷ᠂ ᠣᠷᠣᠨ ᠨᠤᠲᠤᠭ ᠤᠨ ᠣᠶᠢᠯᠠᠯᠭ᠎ᠠ ᠶᠢᠨ ᠥᠪᠥᠷ ᠮᠣᠩᠭᠤᠯ ᠭᠠᠷ ᠤᠲᠠᠰᠤᠨ ᠤ ᠰᠣᠨᠢᠨ ᠤ ᠤᠯᠠᠨ ᠵᠠᠭᠤᠴᠢᠲᠤ ᠲᠠᠪᠴᠠᠩ ᠢ ᠪᠠᠶᠢᠭᠤᠯᠪᠠ︔ ᠣᠷᠣᠨ ᠨᠤᠲᠤᠭ ᠤᠨ ᠣᠶᠢᠯᠠᠯᠭ᠎ᠠ ᠰᠦᠯᠵᠢᠶᠡᠨ ᠳᠡᠭᠡᠷ᠎ᠡ ᠨᠠᠶᠢᠷᠠᠭᠤᠯᠬᠤ ᠰᠢᠰᠲ᠋ᠧᠮ᠂ ᠣᠷᠣᠨ ᠨᠤᠲᠤᠭ ᠤᠨ ᠣᠶᠢᠯᠠᠯᠭ᠎ᠠ ᠶᠢᠨ ᠣᠯᠠᠨ ᠴᠢᠳᠠᠮᠵᠢᠳᠤ ᠲᠤᠭ᠎ᠠ ᠪᠠᠷᠢᠮᠲᠠ ᠶᠢᠨ ᠬᠥᠮᠥᠷᠭᠡ᠂ ᠭᠠᠵᠠᠷ ᠣᠷᠣᠨ ᠤ ᠪᠠᠶᠢᠳᠠᠯ ᠤᠨ ᠰᠦᠯᠵᠢᠶ᠎ᠡ ᠶᠢᠨ ᠮᠡᠳᠡᠭᠡ ᠵᠠᠩᠭᠢ ᠶᠢᠨ ᠴᠤᠭᠯᠠᠷᠠᠯ ᠢ ᠪᠠᠶᠢᠭᠤᠯᠵᠤ᠂ ᠪᠦᠬᠦ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠰᠢᠰᠲ᠋ᠧᠮ ᠵᠢᠴᠢ ᠡᠯ᠎ᠡ ᠵᠥᠪᠯᠡᠯ ᠠᠯᠪᠠᠨ ᠭᠡᠷ ᠲᠢᠩᠬᠢᠮ ᠲᠣᠪᠴᠢᠶ᠎ᠠ ᠪᠣᠯᠤᠨ ᠡᠯ᠎ᠡ ᠠᠶᠢᠮᠠᠭ ᠬᠤᠳᠠ ᠶᠢᠨ ᠲᠣᠣᠷ ᠰᠦᠯᠵᠢᠶ᠎ᠡ ᠯᠦᠭᠡ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠨ᠂ ᠡᠬᠢ ᠪᠠᠶᠠᠯᠢᠭ ᠢ ᠬᠠᠮᠲᠤ ᠪᠠᠷ ᠬᠦᠷᠲᠡᠬᠦ ᠶᠢ ᠪᠡᠶᠡᠯᠡᠭᠦᠯᠵᠦ᠂ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠤᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠰᠢᠨ᠎ᠡ ᠳᠡᠭᠲᠡᠷ ᠲᠤ ᠭᠠᠷᠤᠭᠰᠠᠨ ᠪᠠᠶᠢᠨ᠎ᠠ᠃ ᠡᠭᠦᠨ ᠤ ᠬᠠᠮᠲᠤ᠂ ᠣᠷᠣᠨ ᠨᠤᠲᠤᠭ ᠤᠨ ᠣᠶᠢᠯᠠᠯᠭ᠎ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠠᠵᠢᠯ ᠮᠡᠳᠡᠭᠳᠡᠬᠦ᠋ᠢᠴᠡ ᠠᠮᠵᠢᠯᠲᠠ ᠪᠦᠲᠦᠮᠵᠢ ᠤᠯᠪᠠ᠃ ︽ᠰᠦᠢᠶᠤᠸᠠᠨ ᠤ ᠨᠡᠪᠲᠡᠷᠬᠡᠶ ᠲᠡᠮᠳᠡᠭᠯᠡᠯ ᠤᠨ ᠨᠣᠣᠷᠠᠭ︾ ᠵᠡᠷᠭᠡ 30 ᠰᠢᠬᠠᠮ ᠬᠠᠭᠤᠴᠢᠨ ᠣᠶᠢᠯᠠᠯᠭ᠎ᠠ ᠶᠢ ᠡᠮᠬᠢᠳᠬᠡᠨ ᠬᠡᠪᠯᠡᠬᠦ ᠠᠵᠢᠯ ᠢ ᠪᠡᠶᠡᠯᠡᠭᠦᠯᠵᠦ᠂ ᠶᠡᠭᠡ ᠬᠡᠮᠵᠢᠶᠡᠨ ᠤ ᠬᠤᠪᠣᠷ ᠨᠠᠨᠳᠢᠨ ᠲᠡᠦᠬᠡᠨ ᠮᠠᠲ᠋ᠧᠷᠢᠶᠠᠯ ᠢ ᠠᠪᠤᠷᠠᠨ᠂ ᠲᠡᠤᠬᠡ ᠰᠣᠶᠣᠯ ᠤᠨ ᠤᠳᠤᠮᠰᠢᠯ ᠢ ᠨᠡᠩ ᠰᠠᠶᠢᠲᠤᠷ ᠦᠷᠭᠦᠯᠵᠢᠯᠡᠭᠦᠯᠪᠡ᠃ ︽ᠨᠤᠲᠤᠭ ᠤᠨ ᠣᠶᠢᠯᠠᠯᠭ᠎ᠠ ᠶᠢᠨ ᠥᠪᠥᠷ ᠮᠣᠩᠭᠤᠯ︾ ᠲᠤᠰᠬᠠᠢ ᠰᠡᠳᠦᠪᠲᠦ ᠹᠢᠯᠢᠮ ᠢ ᠰᠡᠭᠦᠳᠡᠷᠯᠡᠨ᠂ ᠥᠪᠥᠷ ᠮᠣᠩᠭᠤᠯ ᠤᠨ ᠲᠧᠯᠸᠢᠰ ᠬᠤᠷᠢᠶ᠎ᠠ ᠵᠠᠯᠭᠠᠪᠡᠷ ᠨᠡᠪᠲᠡᠷᠡᠭᠦᠯᠵᠦ᠂ ᠥᠪᠥᠷ ᠮᠣᠩᠭᠤᠯ ᠤᠨ ᠡᠯᠪᠡᠭ ᠪᠠᠶᠠᠯᠢᠭ ᠣᠷᠣᠨ ᠨᠤᠲᠤᠭ ᠤᠨ ᠣᠶᠢᠯᠠᠯᠭ᠎ᠠ ᠶᠢᠨ ᠰᠣᠶᠣᠯ ᠪᠣᠯᠣᠨ ᠭᠠᠵᠠᠷ ᠣᠷᠣᠨ ᠤ ᠪᠠᠶᠢᠳᠠᠯ ᠤᠨ ᠰᠤᠷᠪᠤᠯᠵᠢ ᠮᠠᠲ᠋ᠧᠷᠢᠶᠠᠯ ᠢ ᠲᠥᠪᠯᠡᠷᠡᠭᠦᠯᠦᠨ ᠤᠬᠠᠭᠤᠯᠤᠭᠰᠠᠨ ᠪᠠ ᠲᠠᠨᠢᠯᠴᠠᠭᠤᠯᠪᠠ᠃ 18 ᠳᠡᠪᠲᠡᠷ ᠮᠣᠩᠭᠤᠯ ᠬᠡᠯᠡᠨ ᠤ ᠣᠷᠣᠨ ᠨᠤᠲᠤᠭ ᠤᠨ ᠲᠡᠮᠳᠡᠭᠯᠡᠯ ᠢ ᠪᠦᠭᠦ ᠲᠠᠯ᠎ᠠ ᠪᠠᠷ ᠡᠬᠢᠯᠡᠭᠦᠯᠦᠭᠰᠡᠨ ᠪᠥᠭᠡᠳ ᠨᠠᠶᠢᠷᠠᠭᠤᠯᠤᠨ ᠣᠷᠴᠢᠭᠤᠯᠵᠤ ᠬᠡᠪᠯᠡᠪᠡ᠃ ᠲᠦᠮᠡᠳ ᠪᠠᠷᠠᠭᠤᠨ ᠬᠤᠰᠢᠭᠤ ᠶᠢᠨ ᠮᠠᠶᠢᠳᠠᠷ ᠵᠤᠤ ᠪᠠᠯᠭᠠᠰᠤ᠂ ᠬᠦᠷᠢᠶ᠎ᠡ ᠬᠤᠰᠢᠭᠤ ᠶᠢᠨ ᠮᠠᠩᠬᠠᠨ ᠰᠤᠮᠤ᠂ ᠨᠠᠢᠮᠠᠨ ᠬᠤᠰᠢᠭᠤ ᠶᠢᠨ ᠵᠢᠷᠭᠤᠳᠤᠭᠠᠷ ᠲᠠᠷᠢᠶᠠᠯᠠᠩ ᠤᠨ ᠲᠠᠯᠠᠪᠠᠢ ᠨᠢ ᠳᠤᠮᠳᠠᠳᠤ ᠤᠯᠤᠰ ᠤᠨ ᠨᠠᠷᠠᠲᠤ ᠪᠠᠯᠭᠠᠰᠤ᠂ ᠭᠠᠴᠠᠭ᠎ᠠ ᠶᠢᠨ ᠣᠶᠢᠯᠠᠯᠭ᠎ᠠ ᠶᠢᠨ ᠢᠨᠵᠧᠨᠧᠷᠢᠩ ᠳᠤ ᠰᠤᠩᠭᠤᠭᠳᠠᠪᠠ᠃ ︽ᠥᠪᠥᠷ ᠮᠣᠩᠭᠤᠯ ᠤᠨ ᠶᠠᠫᠣᠨ ᠢ ᠡᠰᠡᠷᠭᠦᠴᠡᠬᠦ ᠳᠠᠶᠢᠨ ᠤ ᠲᠡᠮᠳᠡᠭᠯᠡᠯ︾ ᠢ ᠨᠠᠶᠢᠷᠠᠭᠤᠯᠤᠨ ᠪᠢᠴᠢᠬᠦ ᠠᠵᠢᠯ ᠢ ᠡᠬᠢᠯᠡᠭᠦᠯᠵᠦ᠂ ᠶᠠᠷᠢᠶᠠᠨ ᠤ ᠲᠡᠤᠬᠡ ᠶᠢ ᠠᠶᠢᠯᠴᠢᠯᠠᠨ ᠰᠤᠷᠪᠤᠯᠵᠢᠯᠠᠵᠦ ᠢᠯᠡᠷᠡᠭᠦᠯᠬᠦ ᠠᠵᠢᠯ ᠢ ᠥᠷᠨᠢᠭᠦᠯᠵᠦ᠂ ᠣᠷᠣᠨ ᠨᠤᠲᠤᠭ ᠤᠨ ᠣᠶᠢᠯᠠᠯᠭ᠎ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号