ᠪᠤᠭᠤᠲᠤ ᠬᠤᠳᠠ 5815 ᠲᠦᠮᠡᠨ ᠲᠦᠬᠦᠷᠢᠭ ᠤᠨ ᠨᠦᠬᠦᠪᠦᠷᠢ ᠮᠥᠩᠭᠦ ᠪᠠᠷ ᠬᠦᠭᠡ ᠣᠭᠲᠠᠷᠭᠤᠢ ᠪᠠᠨ ᠬᠠᠮᠠᠭᠠᠯᠠᠬᠤ ᠳᠠᠶᠢᠯᠠᠯᠳᠤᠭᠠᠨ ᠢ ᠳᠡᠮᠵᠢᠵᠦ ᠪᠤᠢ
ᠨᠡᠶᠢᠲᠡᠯᠡᠭᠰᠡᠨ ᠴᠠᠭ᠄
2018/12/14
     ᠡᠨᠡ ᠵᠢᠯ ᠠᠴᠠ ᠨᠠᠭᠠᠰᠢ᠂ ᠪᠤᠭᠤᠲᠤ ᠬᠤᠲᠠ ᠡᠳ᠋ ᠤᠨ ᠵᠠᠰᠠᠭ ᠤᠨ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂  ᠪᠣᠬᠢᠷᠲᠤᠯ ᠶᠡᠬᠡᠲᠡᠢ ᠲᠦᠯᠡᠰᠢ ᠲᠦᠯᠡᠬᠦ ᠶᠢ ᠴᠠᠭᠠᠵᠠᠯᠠᠬᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠤᠯᠠᠨ ᠵᠦᠢᠯ ᠤᠨ ᠠᠷᠭ᠎ᠠ ᠬᠡᠮᠵᠢᠶ᠎ᠡ ᠪᠠᠷ ᠲᠦᠯᠬᠢᠨ ᠠᠬᠢᠭᠤᠯᠵᠤ᠂ ᠬᠦᠭᠡ ᠣᠭᠲᠠᠷᠭᠤᠢ ᠪᠠᠨ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠪᠡ᠃ ᠪᠣᠬᠢᠷᠲᠤᠯ ᠶᠡᠬᠡᠲᠡᠢ ᠲᠦᠯᠡᠰᠢ ᠲᠦᠯᠡᠬᠦ ᠶᠢ ᠴᠠᠭᠠᠵᠠᠯᠠᠬᠤ ᠲᠣᠭᠤᠷᠢᠭ ᠢ ᠪᠥᠲᠥᠭᠡᠨ ᠪᠠᠶᠢᠭᠤᠯᠬᠤ ᠬᠡᠷᠡᠭᠴᠡᠭᠡ ᠳᠤ ᠰᠠᠭᠤᠷᠢᠯᠠᠨ᠂  ᠬᠤᠲᠠ ᠶᠢᠨ ᠲᠤᠰ ᠱᠠᠲᠤᠨ ᠤ ᠪᠣᠬᠢᠷᠲᠤᠯ ᠶᠡᠬᠡᠲᠡᠢ ᠲᠦᠯᠡᠰᠢ ᠲᠦᠯᠡᠬᠦ ᠶᠢ ᠴᠠᠭᠠᠵᠠᠯᠠᠬᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠨᠡᠶᠢᠲᠡ 5815ᠲᠦᠮᠡᠨ ᠲᠦᠬᠦᠷᠢᠭ ᠤᠨ ᠨᠦᠬᠦᠪᠦᠷᠢ ᠮᠥᠩᠭᠦ ᠰᠠᠯᠭᠠᠨ ᠥᠭᠴᠦ᠂ ᠪᠤᠭᠤᠲᠤ ᠬᠤᠲᠠ ᠶᠢᠨ 2018 ᠣᠨ ᠤ ᠪᠣᠬᠢᠷᠲᠤᠯ ᠶᠡᠬᠡᠲᠡᠢ ᠲᠦᠯᠡᠰᠢ ᠲᠦᠯᠡᠬᠦ ᠶᠢ ᠴᠠᠭᠠᠵᠠᠯᠠᠬᠤ ᠲᠣᠭᠤᠷᠢᠭ ᠤᠨ ᠴᠡᠪᠡᠷ ᠡᠨᠧᠷᠭᠢ ᠶᠢ ᠣᠷᠣᠯᠠᠭᠤᠯᠬᠤ ᠪᠠ ᠲᠥᠪᠯᠡᠷᠡᠩᠭᠦᠢ ᠢᠯᠴᠢ ᠬᠠᠩᠭᠠᠬᠤ ᠶᠢ ᠣᠷᠣᠯᠠᠭᠤᠯᠬᠤ᠂ ᠴᠡᠪᠡᠷᠰᠢᠭᠦᠯᠦᠭᠰᠡᠨ ᠲᠦᠯᠡᠰᠢ ᠪᠠᠷ ᠣᠷᠣᠯᠠᠭᠤᠯᠬᠤ᠂ ᠠᠮᠢᠳᠤᠷᠠᠯ ᠤᠨ ᠦᠢᠯᠡᠴᠢᠯᠡᠭᠡᠨ ᠤ ᠦᠢᠯᠡᠰ ᠤᠨ ᠬᠥᠬᠡ ᠨᠡᠭᠦᠷᠡᠰᠦ ᠶᠢ ᠰᠤᠯᠠ ᠰᠢᠲᠠᠭᠠᠬᠤ ᠶᠢ ᠵᠠᠰᠠᠬᠤ᠂ ᠡᠯ᠎ᠡ ᠲᠥᠷᠥᠯ ᠤᠨ ᠲᠣᠮᠣ ᠰᠠᠷᠠᠪᠴᠢ ᠶᠢᠨ ᠬᠥᠬᠡ ᠨᠡᠭᠦᠷᠡᠰᠦ ᠰᠢᠲᠠᠭᠠᠬᠤ ᠶᠢ ᠵᠠᠰᠠᠬᠤ ᠵᠡᠷᠭᠡ ᠪᠦᠳᠤᠭᠡᠨ ᠪᠠᠶᠢᠭᠤᠯᠤᠯᠲᠠ ᠶᠢᠨ ᠠᠵᠢᠯ ᠳᠤ ᠲᠤᠰᠬᠠᠢ ᠬᠡᠷᠡᠭᠯᠡᠭᠦᠯᠪᠡ᠃ ᠲᠡᠷᠠᠭ᠎ᠠ ᠠᠯᠬᠤᠮ ᠳᠤ᠂ ᠬᠤᠲᠠ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠭᠠᠵᠠᠷ ᠣᠷᠣᠨ ᠤ ᠪᠣᠬᠢᠷᠲᠤᠯ ᠶᠡᠬᠡᠲᠡᠢ ᠲᠦᠯᠡᠰᠢ ᠲᠦᠯᠡᠬᠦ ᠶᠢ ᠴᠠᠭᠠᠵᠠᠯᠠᠬᠤ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠪᠣᠯᠤᠨ ᠬᠤᠰᠢᠭᠤ ᠰᠢᠶᠠᠨ ᠲᠣᠭᠤᠷᠢᠭ ᠤᠨ ᠢᠵᠢ ᠪᠦᠷᠢᠳᠦᠭᠦᠯᠬᠦ ᠪᠡᠯᠡ ᠮᠥᠩᠭᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠦᠨᠳᠦᠰᠦᠯᠡᠨ ᠰᠡᠯᠭᠦᠬᠦ ᠪᠡᠯᠡ ᠮᠥᠩᠭᠦ ᠲᠣᠬᠢᠷᠠᠭᠤᠯᠤᠨ ᠰᠠᠯᠭᠠᠵᠤ ᠦᠭᠭᠦᠨ᠎ᠡ᠃      ᠪᠤᠭᠤᠲᠤ ᠬᠤᠳᠠ ᠶᠢᠨ ᠡᠳ᠋ ᠤᠨ ᠵᠠᠰᠠᠭ ᠲᠣᠪᠴᠢᠶ᠎ᠠ ᠨᠢ ᠪᠣᠬᠢᠷᠲᠤᠯ ᠶᠡᠬᠡᠲᠡᠢ ᠲᠦᠯᠡᠰᠢ ᠲᠦᠯᠡᠬᠦ ᠶᠢ ᠴᠠᠭᠠᠵᠠᠯᠠᠬᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠨᠥᠬᠦᠪᠥᠷᠢ ᠮᠥᠩᠭᠦ ᠶᠢᠨ ᠬᠡᠷᠡᠭᠯᠡᠯᠲᠡ ᠳᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠨᠥᠬᠦᠪᠥᠷᠢ ᠮᠥᠩᠭᠦ ᠥᠭᠬᠦ ᠬᠡᠪᠴᠢᠶ᠎ᠡ ᠪᠣᠯᠣᠨ ᠨᠥᠬᠦᠪᠥᠷᠢᠯᠡᠬᠦ ᠪᠠᠷᠢᠮᠵᠢᠶ᠎ᠠ ᠶᠢ ᠲᠣᠭᠲᠠᠭᠠᠵᠤ᠂ ᠨᠥᠬᠦᠪᠦᠷᠢ ᠮᠥᠩᠭᠦ ᠰᠠᠯᠭᠠᠨ ᠥᠭᠬᠦ ᠴᠤᠪᠤᠷᠠᠯ ᠢ ᠵᠢᠷᠤᠮᠵᠢᠭᠤᠯᠤᠨ᠂ ᠨᠥᠬᠦᠪᠥᠷᠢ ᠮᠥᠩᠭᠦ ᠶᠢ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ  ᠨᠠᠷᠢᠯᠢᠭᠵᠢᠭᠤᠯᠵᠤ᠂ ᠪᠣᠬᠢᠷᠲᠤᠯ ᠶᠡᠬᠡᠲᠡᠢ ᠲᠦᠯᠡᠰᠢ ᠲᠦᠯᠡᠬᠦ ᠶᠢ ᠴᠠᠭᠠᠵᠠᠯᠠᠬᠤ ᠲᠣᠭᠤᠷᠢᠭ ᠤᠨ ᠪᠥᠲᠦᠭᠡᠨ ᠪᠠᠶᠢᠭᠤᠯᠤᠯᠲᠠ ᠶᠢᠨ ᠨᠥᠬᠦᠪᠥᠷᠢ ᠮᠥᠩᠭᠦ ᠶᠢᠨ ᠠᠮᠤᠷ ᠲᠦᠪᠰᠢᠨ ᠪᠠᠶᠢᠬᠤ᠂ ᠥᠨᠳᠥᠷ ᠦᠷ᠎ᠡ ᠠᠰᠢᠭ ᠲᠠᠢ ᠪᠠᠷ ᠬᠡᠷᠡᠭᠯᠡᠬᠦ ᠶᠢ ᠪᠦᠬᠦ ᠬᠦᠴᠦᠨ ᠢᠶᠠᠷ ᠢᠶᠠᠨ ᠪᠠᠲᠤᠯᠠᠵᠤ ᠪᠤᠢ᠃ ᠵᠠᠭᠤᠴᠢ ᠪᠠᠶᠢᠭᠤᠯᠤᠮᠵᠢ ᠳᠤ ᠨᠡᠶᠢᠲᠡᠨ ᠳᠡᠭᠡᠷ᠎ᠡ ᠵᠢᠯ ᠤᠨ ᠴᠡᠪᠡᠷ ᠳᠤᠯᠠᠭᠠᠯᠭ᠎ᠠ  ︵ᠬᠥᠬᠡ ᠨᠡᠭᠦᠷᠡᠰᠦ ᠶᠢ ᠰᠤᠯᠠ ᠰᠢᠲᠠᠭᠠᠬᠤ︶ ᠶᠢ ᠵᠠᠰᠠᠬᠤ ᠪᠡᠯᠡ ᠮᠥᠩᠭᠦ ᠳᠤ ᠪᠦᠬᠦ ᠲᠠᠯ᠎ᠠ ᠪᠠᠷ ᠪᠠᠶᠢᠴᠠᠭᠠᠯᠲᠠ ᠬᠢᠭᠰᠡᠨ ᠰᠠᠭᠤᠷᠢᠨ ᠳᠡᠭᠡᠷ᠎ᠡ᠂ ᠡᠨᠡ ᠵᠢᠯ ᠪᠠᠰᠠ ᠡᠷᠬᠡ ᠰᠦᠷᠲᠦ ᠪᠠᠶᠢᠭᠤᠯᠤᠮᠵᠢ ᠳᠤ ᠨᠠᠶᠢᠳᠠᠨ ᠴᠡᠪᠡᠷ ᠳᠤᠯᠠᠭᠠᠯᠠᠭ᠎ᠠ ︵ᠬᠥᠬᠡ ᠨᠡᠭᠦᠷᠡᠰᠦ ᠶᠢ ᠰᠤᠯᠠ ᠰᠢᠲᠠᠭᠠᠬᠤ︶ ᠶᠢᠨ ᠠᠵᠢᠯ  ᠳᠤ ᠪᠡᠯᠡ ᠮᠥᠩᠭᠦ ᠶᠢᠨ ᠲᠦᠷᠦᠯ ᠵᠦᠢᠯ ᠤᠨ ᠠᠮᠵᠢᠯᠲᠠ ᠪᠦᠲᠦᠮᠵᠢ ᠳᠤ ᠦᠨᠡᠯᠡᠯᠲᠡ ᠬᠢᠭᠰᠡᠨ ᠪᠥᠭᠡᠳ ᠲᠦᠷᠦᠯ ᠵᠦᠢᠯ ᠤᠨ ᠠᠮᠵᠢᠯᠲᠠ ᠪᠦᠲᠦᠮᠵᠢ ᠪᠠᠷ ᠵᠢᠯᠤᠭᠤᠳᠤᠯᠭ᠎ᠠ ᠪᠣᠯᠭᠠᠵᠤ᠂ ᠪᠤᠭᠤᠲᠤ ᠬᠤᠲᠠ ᠶᠢᠨ 2018 — 2020 ᠣᠨ ᠤ ᠪᠣᠬᠢᠷᠲᠤᠯ ᠶᠡᠬᠡᠲᠡᠢ ᠲᠦᠯᠡᠰᠢ ᠲᠦᠯᠡᠬᠦ ᠶᠢ ᠴᠠᠭᠠᠵᠠᠯᠠᠬᠤ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠠᠵᠢᠯ ᠨᠢ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ ᠲᠠᠢ ᠪᠠᠷ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠬᠦ ᠶᠢ ᠬᠠᠮᠵᠢᠨ ᠠᠬᠢᠭᠤᠯᠵᠤ ᠪᠠᠶᠢᠨ᠎ᠠ᠃  
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号