12 ᠳ᠋ᠤᠭᠠᠷ ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠯᠪᠠᠨ ᠤ ᠪᠢᠴᠢᠯ ᠪᠦᠷᠭᠡ ᠳᠤ ᠪᠠᠨ ᠮᠡᠳᠡᠭᠡ ᠨᠡᠶᠢᠲᠡᠯᠡᠵᠦ᠂ 2019 | ᠣᠨ ᠤ ᠳᠡᠭᠡᠷ᠎ᠡ ᠬᠠᠭᠠᠰ ᠵᠢᠯ ᠳᠤ ᠶᠠᠪᠤᠭᠳᠠᠬᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠥᠪᠡᠷᠲᠡᠭᠡᠨ | ᠰᠣᠷᠣᠭᠰᠠᠳ ᠤᠨ ᠰᠢᠯᠭᠠᠯᠲᠠ ᠪᠠ ᠠᠩᠭ᠍ᠯᠢ ᠬᠡᠯᠡᠨ ᠤ ᠲᠤᠰᠬᠠᠢ ᠮᠡᠷᠭᠡᠵᠢᠯ ᠤᠨ ︽ᠶᠠᠷᠢᠶᠠᠨ ᠤ ᠬᠡᠯᠡ᠂ ᠰᠣᠨᠣᠰᠬᠤ | ᠴᠢᠳᠠᠪᠤᠷᠢ︾ ︵ᠲᠤᠰᠬᠠᠶ ᠮᠡᠷᠭᠡᠵᠢᠯ︶᠂ ︽ᠠᠮᠠᠨ ᠣᠷᠴᠢᠭᠤᠯᠭ᠎ᠠ ᠬᠢᠭᠡᠳ ᠰᠣᠨᠣᠰᠬᠤ ᠴᠢᠳᠠᠪᠤᠷᠢ︾ ᠶᠢᠨ ︵ | ᠵᠢᠩᠬᠢᠨᠢ ᠠᠩᠭᠢ︶ ᠰᠦᠯᠵᠢᠶ᠎ᠡ ᠲᠡᠭᠡᠷ᠎ᠡ ᠬᠢᠴᠢᠶᠡᠯ ᠰᠣᠩᠭᠤᠬᠤ᠂ ᠰᠦᠢᠳᠭᠡᠯ ᠲᠤᠰᠢᠶᠠᠬᠤ ᠠᠵᠢᠯ ᠳᠤ 12 ᠳ᠋ᠤᠭᠠᠷ | ᠰᠠᠷ᠎ᠠ ᠶᠢᠨ 17 ᠤ ᠡᠳᠤᠷ ᠤᠨ 9 ᠴᠠᠭ ᠠᠴᠠ 12 ᠳ᠋ᠤᠭᠠᠷ ᠰᠠᠷ᠎ᠠ ᠶᠢᠨ 21 ᠤ ᠡᠳᠦᠷ ᠤᠨ 17 ᠴᠠᠭ ᠪᠣᠯᠲᠠᠯ᠎ᠠ | ᠨᠡᠷ᠎ᠡ ᠮᠡᠳᠡᠭᠦᠯᠦᠨ᠎ᠡ᠂ ᠬᠤᠭᠤᠴᠠᠭ᠎ᠠ ᠠᠴᠠ ᠪᠠᠨ ᠬᠡᠲᠦᠷᠡᠪᠠᠯ ᠬᠦᠯᠢᠶᠡᠨ ᠠᠪᠴᠤ ᠰᠢᠶᠳᠪᠦᠷᠢᠯᠡᠬᠦ ᠦᠭᠡᠢ᠃ | ᠲᠣᠰ ᠤᠳᠠᠭᠠᠨ ᠤ ᠰᠢᠯᠭᠠᠯᠲᠠ ᠶᠢᠨ ᠨᠡᠷ᠎ᠡ ᠮᠡᠳᠡᠭᠦᠯᠦᠭᠰᠡᠳ ᠨᠢ ᠳᠠᠩᠰᠠ ᠲᠠᠢ ᠰᠢᠯᠭᠠᠭᠤᠯᠤᠭᠴᠢ ᠪᠠᠶᠢᠬᠤ | ᠬᠡᠷᠡᠭᠲᠡᠢ᠂ 2015 ᠣᠨ ᠠᠴᠠ ᠬᠤᠶᠢᠰᠢ ︵2015 ᠣᠨ ᠳᠤ ᠰᠢᠯᠭᠠᠭᠤᠯᠤᠭᠰᠠᠨ ᠨᠢ ᠬᠤᠷᠤᠭᠤᠨ ᠤ ᠣᠷᠤᠮ | ᠥᠭᠬᠦ ᠴᠢᠬᠤᠯᠠ ᠦᠬᠡᠢ︶ ᠦᠪᠡᠷᠲᠡᠭᠡᠨ ᠰᠣᠷᠣᠭᠰᠠᠳ ᠤᠨ ᠰᠢᠯᠭᠠᠯᠲᠠ ᠳᠤ ᠣᠷᠤᠯᠴᠠᠭᠰᠠᠨ ᠦᠭᠡᠢ ᠳᠠᠩᠰᠠ ᠲᠠᠢ | ᠰᠢᠯᠭᠠᠭᠤᠯᠤᠭᠴᠢ᠂ ᠦᠪᠡᠷ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠠᠪᠤᠭᠠᠳ ᠥᠪᠡᠷᠲᠡᠭᠡᠨ ᠵᠠᠰᠠᠬᠤ | ᠣᠷᠣᠨ ᠤ ᠠᠯᠢ ᠨᠢᠭᠡ ᠬᠤᠰᠢᠭᠤ ︵ᠰᠢᠶᠠᠨ᠂ ᠬᠤᠲᠠ᠂ ᠲᠣᠭᠤᠷᠢᠭ︶ ᠶᠢᠨ ᠰᠤᠷᠭᠠᠨ ᠬᠥᠮᠦᠵᠢᠯ ᠤᠨ ᠰᠣᠷᠣᠭᠴᠢ | ᠡᠯᠰᠡᠬᠦ ᠰᠢᠯᠭᠠᠯᠲᠠ ᠶᠢᠨ ᠪᠠᠶᠢᠭᠤᠯᠤᠮᠵᠢ ᠳᠤ ᠬᠤᠷᠤᠭᠤᠨ ᠤ ᠣᠷᠤᠮ ᠢᠶᠠᠨ ᠦᠯᠡᠳᠡᠭᠡᠨ ᠥᠭᠴᠦ ᠲᠤᠬᠠᠢ ᠶᠢᠨ | ᠲᠠᠯᠠᠪᠠᠶ ᠳᠤ ᠰᠡᠭᠦᠳᠡᠷ ᠲᠠᠲᠠᠭᠤᠯᠤᠨ᠎ᠠ᠂ ᠡᠰᠡ ᠲᠡᠶᠢᠮᠦ ᠪᠣᠯ ᠰᠢᠯᠭᠠᠯᠲᠠ ᠳᠤ ᠣᠷᠤᠯᠴᠠᠭᠤᠯᠬᠤ ᠦᠬᠡᠢ᠃ ᠪᠣᠳᠠᠲᠠᠶ | ᠨᠡᠷ᠎ᠡ ᠮᠡᠳᠡᠭᠦᠯᠬᠦ ᠠᠷᠭ᠎ᠠ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ | ᠰᠤᠷᠭᠠᠨ ᠬᠥᠮᠦᠵᠢᠯ ᠤᠨ ᠥᠪᠡᠷᠲᠡᠭᠡᠨ ᠰᠤᠷᠤᠯᠴᠠᠬᠤ ᠰᠢᠯᠭᠠᠯᠲᠠ ᠶᠢᠨ ᠰᠦᠯᠵᠢᠶ᠎ᠡ ᠳᠡᠭᠡᠷ᠎ᠡ ᠨᠡᠷ᠎ᠡ ᠮᠡᠳᠡᠭᠦᠯᠬᠦ | ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠬᠠᠮᠢᠶ᠎ᠠ ᠪᠥᠬᠦᠶ ᠲᠣᠭᠲᠠᠭᠠᠯ ᠶᠣᠰᠣᠭᠠᠷ | ᠬᠡᠷᠡᠭᠵᠢᠭᠦᠯᠦᠨ᠎ᠡ᠃ |