12 ᠳ᠋ᠤᠭᠠᠷ ᠰᠠᠷ᠎ᠠ ᠶᠢᠨ 14 ᠤ ᠡᠳᠦᠷ ᠤᠨ ᠦᠳᠡ ᠶᠢᠨ ᠬᠤᠶᠢᠨ᠎ᠠ᠂ ᠦᠪᠡᠷᠲᠡᠭᠡᠨ ᠵᠠᠰᠠᠬᠤ ᠤᠷᠤᠨ ᠤ | ᠵᠠᠰᠠᠬ ᠤᠨ ᠤᠷᠳᠤᠨ ᠪᠦᠬᠦ ᠤᠷᠤᠨ ᠤ ᠭᠡᠷᠡᠯ ᠸᠣᠯᠲ ᠢᠶᠠᠷ ᠶᠠᠳᠠᠭᠤ ᠶᠢ ᠳᠡᠳᠬᠦᠬᠦ ᠠᠵᠢᠯ ᠤᠨ ᠲᠧᠯᠸᠢᠰ | ᠳ᠋ᠢᠶᠠᠩᠬᠤᠸᠠ ᠬᠤᠷᠠᠯ ᠬᠢᠪᠡ᠃ | ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠵᠠᠩ ᠱᠤᠤ ᠴᠦᠨ ᠬᠤᠷᠠᠯ ᠳᠤ ᠤᠷᠤᠯᠴᠠᠵᠤ ᠶᠠᠷᠢᠶ᠎ᠠ | ᠲᠠᠯᠪᠢᠵᠠᠢ᠃ | ᠵᠠᠩ ᠱᠤᠤ ᠴᠦᠨ ᠵᠢᠭᠠᠵᠤ ᠭᠠᠷᠭᠠᠭᠰᠠᠨ ᠨᠢ᠂ ᠭᠡᠷᠡᠯ ᠸᠣᠯᠲ ᠢᠶᠠᠷ ᠶᠠᠳᠠᠭᠤ ᠶᠢ ᠳᠡᠳᠬᠦᠬᠦ ᠪᠤᠯ ᠠᠵᠤ | ᠦᠢᠯᠡᠰ ᠢᠶᠠᠷ ᠶᠠᠳᠠᠭᠤ ᠶᠢ ᠳᠡᠳᠬᠦᠬᠦ ᠴᠢᠬᠤᠯᠠ ᠭᠠᠷᠳᠠᠴᠠ ᠮᠦᠨ᠂ ᠶᠠᠳᠠᠭᠤ ᠠᠴᠠ ᠠᠩᠬᠢᠵᠢᠷᠠᠭᠤᠯᠬᠤ | ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠳᠠ ᠶᠢ ᠤᠯᠬᠤ ᠴᠢᠬᠤᠯᠠ ᠠᠷᠭ᠎ᠠ ᠬᠡᠮᠵᠢᠶ᠎ᠡ ᠮᠦᠨ᠂ ᠶᠠᠳᠠᠭᠤ | ᠬᠦᠴᠢᠷᠳᠡᠯᠲᠡᠢ ᠭᠠᠵᠠᠷ ᠤᠷᠤᠨ ᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠰᠢᠨ᠎ᠡ ᠠᠵᠤ ᠦᠢᠯᠡᠰ ᠢ | ᠪᠣᠶᠢᠵᠢᠭᠤᠯᠬᠤ᠂ ᠶᠠᠳᠠᠭᠤ ᠬᠦᠴᠢᠷᠳᠡᠯᠲᠡᠢ ᠡᠷᠦᠬᠡ ᠶᠢᠨ ᠠᠰᠢᠬ ᠤᠯᠵᠠᠪᠤᠷᠢ ᠶᠢ ᠨᠡᠮᠡᠭᠳᠡᠭᠦᠯᠬᠦ ᠪᠠ ᠶᠠᠳᠠᠭᠤ | ᠬᠦᠴᠢᠷᠳᠡᠯᠲᠡᠢ ᠲᠤᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ ᠰᠢᠨ᠎ᠡ ᠵᠠᠮ ᠢ ᠨᠡᠭᠡᠭᠡᠬᠦ ᠳᠤ | ᠴᠢᠬᠤᠯᠠ ᠶᠡᠭᠡ ᠠᠴᠢ ᠬᠤᠯᠪᠤᠬᠳᠠᠯ ᠲᠠᠢ ᠶᠤᠮ ᠭᠡᠪᠠ᠃ | ᠵᠠᠩ ᠱᠤᠤ ᠴᠦᠨ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠵᠤᠬᠰᠤᠴᠠ ᠪᠠᠨ ᠤᠯᠠᠮ ᠴᠢᠨᠠᠬᠰᠢᠲᠠ | ᠳᠡᠭᠡᠭᠰᠢᠯᠡᠭᠦᠯᠵᠦ᠂ ᠭᠡᠷᠡᠯ ᠸᠣᠯᠲ ᠢᠶᠠᠷ ᠶᠠᠳᠠᠭᠤ ᠶᠢ ᠳᠡᠳᠬᠦᠬᠦ ᠠᠵᠢᠯ ᠢ ᠰᠠᠶᠢᠳᠤᠷ ᠬᠢᠬᠦ ᠬᠠᠷᠢᠭᠤᠴᠠᠯᠭᠠᠲᠤ | ᠰᠡᠳᠬᠢᠯᠭᠡ ᠪᠠ ᠡᠭᠦᠷᠭᠡᠯᠡᠯᠲᠤ ᠰᠡᠳᠬᠢᠯᠭᠡ ᠪᠠᠨ ᠦᠨᠡᠨ ᠬᠦ ᠨᠡᠮᠡᠭᠳᠡᠭᠦᠯᠵᠦ᠂ ᠭᠡᠷᠡᠯ ᠸᠣᠯᠲ ᠢᠶᠠᠷ ᠶᠠᠳᠠᠭᠤ ᠶᠢ | ᠳᠡᠳᠬᠦᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠲᠦᠷᠦᠯ | ᠵᠦᠢᠯ ᠤᠨ ᠭᠠᠷᠳᠠᠮ ᠭᠦᠢᠴᠡᠳᠬᠡᠯ ᠢ ᠲᠦᠷᠭᠡᠨ ᠬᠢᠵᠦ᠂ ᠲᠦᠷᠦᠯ ᠵᠦᠢᠯ ᠢ ᠮᠦᠷᠳᠡᠨ ᠳᠤᠬᠢᠷᠠᠭᠤᠯᠬᠤ ᠶᠢ | ᠴᠢᠩᠭᠠᠳᠬᠠᠵᠤ᠂ ᠨᠠᠶᠢᠳᠠᠪᠤᠷᠢᠵᠢᠭᠤᠯᠬᠤ ᠨᠡᠶᠢᠯᠡᠯ ᠬᠦᠴᠦᠨ ᠢ ᠪᠦᠷᠢᠯᠳᠦᠭᠦᠯᠵᠦ᠂ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠠᠬᠢᠴᠠ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ︔ ᠲᠦᠷᠦᠯ ᠵᠦᠢᠯ ᠢ ᠦᠨᠡᠯᠡᠨ | ᠵᠢᠱᠢᠵᠦ ᠰᠢᠯᠭᠠᠨ ᠠᠪᠬᠤ᠂ ᠠᠵᠢᠯᠯᠠᠭᠠᠨ ᠰᠡᠯᠪᠢᠨ ᠵᠠᠰᠠᠯᠳᠠ ᠶᠢᠨ ᠬᠠᠮᠢᠶᠠᠷᠤᠯᠳᠠ ᠪᠠ ᠠᠰᠢᠬ ᠤᠯᠵᠠᠪᠤᠷᠢ ᠶᠢ | ᠬᠤᠪᠢᠶᠠᠷᠢᠯᠠᠬᠤ ᠵᠡᠷᠭᠡ ᠠᠵᠢᠯ ᠢ ᠰᠠᠶᠢᠳᠤᠷ ᠠᠳᠬᠤᠵᠤ᠂ ᠭᠡᠷᠡᠯ ᠸᠣᠯᠲ ᠢᠶᠠᠷ ᠶᠠᠳᠠᠭᠤ ᠶᠢ ᠳᠡᠳᠬᠦᠬᠦ ᠤᠷᠲᠤ | ᠬᠤᠭᠤᠴᠠᠭᠠᠨ ᠤ ᠦᠷᠬᠦᠯᠵᠢᠯᠡᠬᠦ ᠠᠵᠢᠯᠯᠠᠭ᠎ᠠ ᠶᠢ ᠪᠠᠲᠤᠯᠠᠬᠤ ᠬᠡᠷᠡᠭᠲᠡᠢ︔ ᠶᠠᠳᠠᠭᠤ ᠬᠦᠴᠢᠷᠳᠡᠯᠲᠡᠢ ᠤᠷᠤᠨ ᠤ | ᠬᠦᠳᠡᠭᠡ ᠲᠤᠰᠬᠤᠨ ᠤ ᠴᠠᠬᠢᠯᠭᠠᠨ ᠲᠤᠤᠷ ᠤᠨ ᠦᠭᠡᠷᠡᠴᠢᠯᠡᠯᠲᠡ ᠶᠢᠨ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ | ᠭᠡᠷᠡᠯ ᠸᠣᠯᠲ ᠢᠶᠠᠷ ᠶᠠᠳᠠᠭᠤ ᠶᠢ ᠳᠡᠳᠬᠦᠬᠦ ᠢᠨᠵᠧᠨᠧᠷᠢᠩ ᠪᠤᠯᠤᠨ ᠢᠵᠢ ᠳᠦᠬᠦᠷ ᠴᠠᠬᠢᠯᠭᠠᠨ ᠲᠤᠤᠷ ᠤᠨ | ᠢᠨᠵᠧᠨᠧᠷᠢᠩ ᠤᠨ ᠢᠵᠢᠯ ᠠᠯᠬᠤᠮ ᠢᠶᠠᠷ ᠠᠰᠢᠬᠯᠠᠯᠲᠠ ᠳᠤ ᠤᠷᠤᠬᠤ ᠶᠢ ᠪᠠᠲᠤᠯᠠᠬᠤ ᠬᠡᠷᠡᠭᠲᠡᠢ ᠭᠡᠪᠠ᠃ |