ᠲᠦᠩᠯᠢᠶᠣᠤ ᠬᠤᠲᠠ 898 ᠬᠠᠮᠲᠤ ᠨᠡᠶᠢᠲᠡ ᠶᠢᠨ ᠠᠵᠤ ᠠᠬᠤᠶ ᠶᠢᠨ ︽ᠬᠤᠭᠤᠰᠣᠨ ᠲᠣᠰᠬᠤᠨ︾ ᠪᠦᠬᠦᠨ ᠢ ᠠᠮᠢᠯᠠᠭᠤᠯᠪᠠ
ᠨᠡᠶᠢᠲᠡᠯᠡᠭᠰᠡᠨ ᠴᠠᠭ᠄
2018/12/18
     ᠲᠦᠩᠯᠢᠶᠣᠤ ᠬᠤᠳᠠ ᠭᠠᠴᠠᠭ᠎ᠠ ᠲᠣᠰᠬᠤᠨ ᠤ ᠬᠠᠮᠲᠤ ᠨᠡᠶᠢᠲᠡ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ ᠶᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠬᠦᠴᠦᠨ ᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠭᠠᠨ᠂ ᠪᠤᠳᠠᠲᠠᠢ ᠠᠴᠠ ᠡᠭᠦᠰᠬᠦ ᠶᠢ ᠪᠠᠷᠢᠮᠲᠠᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠥᠭᠵᠢᠯᠲᠡ ᠶᠢᠨ ᠵᠠᠭᠪᠤᠷ ᠤᠨ ᠲᠠᠯ᠎ᠠ ᠪᠠᠷ ᠰᠢᠨ᠎ᠡ ᠶᠢ ᠡᠭᠦᠳᠴᠦ᠂ ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠶᠢ ᠴᠢᠩᠭ᠎ᠠ ᠲᠣᠳᠣᠷᠬᠠᠶ ᠪᠠᠶᠢᠯᠭᠠᠵᠤ᠂ ᠭᠠᠴᠠᠭ᠎ᠠ ᠲᠣᠰᠬᠤᠨ ᠤ ᠬᠠᠮᠲᠤ ᠨᠡᠶᠢᠲᠡ ᠶᠢᠨ ᠠᠵᠤ ᠠᠬᠤᠶ ᠶᠢ ︽ᠠᠮᠢᠯᠠᠭᠤᠯᠤᠭᠰᠠᠨ ᠤ ᠳᠠᠷᠠᠭ᠎ᠠ ᠠᠬᠢᠨ ᠨᠡᠮᠡᠭᠳᠡᠭᠦᠯᠬᠦ︾ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠪᠡ᠃ ᠣᠳᠣᠬᠠᠨ ᠪᠣᠯᠲᠠᠯ᠎ᠠ᠂ ᠶᠡᠭᠡ ᠬᠥᠰᠢᠶ᠎ᠡ ᠲᠣᠰᠬᠤᠨ ᠢ ᠪᠠᠭᠲᠠᠭᠠᠭᠰᠠᠨ ᠪᠥᠬᠦ ᠬᠤᠲᠠ ᠶᠢᠨ 898 ᠬᠠᠮᠲᠤ ᠨᠡᠶᠢᠲᠡ ᠶᠢᠨ ᠠᠵᠤ ᠠᠬᠤᠶ ᠶᠢᠨ ︽ᠬᠤᠭᠤᠰᠣᠨ ᠲᠣᠰᠬᠤᠨ︾ ᠪᠦᠬᠦᠨ ᠢ ᠦᠭᠡᠶᠢᠰᠬᠡᠬᠦ ᠡᠭᠦᠷᠭᠡ ᠶᠢ ᠪᠡᠶᠡᠯᠡᠭᠦᠯᠪᠡ᠃      ︽ᠠᠮᠢᠯᠠᠭᠤᠯᠤᠭᠰᠠᠨ ᠤ ᠳᠠᠷᠠᠭ᠎ᠠ ᠠᠬᠢᠨ ᠨᠡᠮᠡᠭᠳᠡᠭᠦᠯᠬᠦ︾ ᠠᠵᠢᠯᠯᠠᠭ᠎ᠠ ᠶᠢᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠬᠤ ᠶᠢᠨ ᠲᠥᠯᠥᠭᠡ᠂ ᠲᠦᠩᠯᠢᠶᠣᠤ ᠬᠤᠲᠠ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠯᠣᠨ ᠬᠤᠲᠠ ᠶᠢᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ᠂ ᠬᠤᠳᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠪᠠ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠳᠡᠳ᠋ ᠳᠠᠷᠤᠭ᠎ᠠ ᠪᠠᠷ ᠪᠠᠶᠢᠩᠭᠤ ᠶᠢᠨ ᠳᠡᠳ᠋ ᠳᠠᠷᠤᠭ᠎ᠠ ᠪᠣᠯᠭᠠᠵᠤ᠂ 18 ᠡᠭᠦᠷᠭᠡ ᠴᠢᠳᠠᠪᠤᠷᠢ ᠪᠦᠬᠦᠢ ᠰᠠᠯᠠᠭ᠎ᠠ ᠮᠥᠴᠢᠷ ᠢᠶᠠᠷ ᠪᠦᠷᠢᠯᠳᠦᠬᠦᠨ ᠨᠢᠭᠡᠴᠢ ᠪᠣᠯᠭᠠᠭᠰᠠᠨ ᠭᠠᠴᠠᠭ᠎ᠠ ᠲᠣᠰᠬᠤᠨ ᠤ ᠬᠠᠮᠲᠤ ᠨᠡᠶᠢᠲᠡ ᠶᠢᠨ ᠠᠵᠤ ᠠᠬᠤᠶ ᠶᠢᠨ ᠬᠥᠭᠵᠢᠯᠲᠡ ᠶᠢ ᠲᠦᠷᠭᠡᠳᠬᠡᠬᠦ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ︽ᠭᠠᠴᠠᠭ᠎ᠠ ᠲᠣᠰᠬᠤᠨ ᠤ ᠬᠠᠮᠲᠤ ᠨᠡᠶᠢᠲᠡ ᠶᠢᠨ ᠠᠵᠤ ᠠᠬᠤᠶ ᠶᠢᠨ ᠬᠥᠭᠵᠢᠯᠲᠡ ᠶᠢ ᠲᠦᠷᠭᠡᠳᠬᠡᠬᠦ ᠲᠤᠬᠠᠶ ᠬᠡᠷᠡᠭᠵᠢᠭᠦᠯᠬᠦ ᠰᠠᠨᠠᠯ︾᠎ ᠢ ᠲᠣᠭᠲᠠᠭᠠᠨ ᠨᠡᠶᠢᠲᠡᠯᠡᠵᠦ᠂ ᠡᠭᠦᠷᠭᠡ ᠬᠠᠷᠠᠯᠲᠠ ᠪᠠᠨ ᠲᠤᠲᠤᠷᠬᠠᠶᠢᠯᠠᠨ᠂ 10 ᠵᠦᠢᠯ ᠤᠨ ᠬᠥᠭᠵᠢᠯᠲᠡ ᠶᠢᠨ ᠵᠠᠭᠪᠤᠷ ᠢ ᠳᠤᠷᠠᠳᠴᠤ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠲᠤᠯᠭᠠᠪᠠ᠃ ︽ᠬᠤᠭᠤᠰᠣᠨ︾ ᠭᠠᠴᠠᠭ᠎ᠠ ᠲᠣᠰᠬᠤᠨ ᠪᠦᠷᠢ ᠳᠤ 20 ᠲᠦᠮᠡᠨ ᠲᠥᠭᠦᠷᠢᠭ ᠠᠴᠠ ᠲᠤᠲᠠᠭᠤ ᠦᠭᠡᠢ ᠪᠠᠷᠢᠮᠵᠢᠶ᠎ᠠ ᠪᠠᠷ᠂ ᠬᠠᠮᠲᠤ ᠨᠡᠶᠢᠲᠡ ᠶᠢᠨ ᠠᠵᠤ ᠠᠬᠤᠶ ᠶᠢᠨ ᠬᠥᠭᠵᠢᠯᠲᠡ ᠶᠢᠨ ᠪᠡᠯᠡ ᠮᠥᠩᠭᠦ ᠲᠣᠬᠢᠷᠠᠭᠤᠯᠵᠠᠢ᠂ ᠡᠭᠦᠨ ᠳᠤ ᠬᠤᠲᠠ ᠶᠢᠨ ᠱᠠᠲᠤᠨ ᠤ ᠡᠳ᠋ ᠤᠨ ᠵᠠᠰᠠᠭ ᠨᠢ ᠵᠢᠯ ᠪᠦᠷᠢ 1000 ᠲᠦᠮᠡᠨ ᠲᠥᠭᠦᠷᠢᠭ ᠠᠴᠠ ᠲᠤᠲᠠᠭᠤ ᠦᠭᠡᠢ ᠪᠡᠯᠡ ᠮᠥᠩᠭᠦ ᠲᠣᠬᠢᠷᠠᠭᠤᠯᠤᠨ᠂ ᠪᠤᠰᠤᠳ ᠬᠡᠰᠡᠭ ᠢ ᠨᠢ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠪᠡᠯᠡ ᠮᠥᠩᠭᠦ ᠨᠥᠬᠦᠪᠦᠷᠢᠯᠡᠬᠦ ᠪᠠᠷ ᠪᠣᠯᠪᠠ᠃ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠨᠢ ᠪᠥᠬᠦ ᠬᠤᠲᠠ ᠶᠢᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠴᠡᠭ ᠢ ᠪᠦᠲᠦᠭᠡᠨ ᠪᠠᠶᠢᠭᠤᠯᠬᠤ 500 ᠲᠦᠮᠡᠨ ᠲᠥᠭᠦᠷᠢᠭ ᠤᠨ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ᠂ ︽ᠬᠤᠭᠤᠰᠣᠨ︾ ᠭᠠᠴᠠᠭ᠎ᠠ ᠲᠣᠰᠬᠤᠨ ᠢ ᠳᠡᠮᠵᠢᠨ ᠬᠠᠮᠲᠤ ᠨᠡᠶᠢᠲᠡ ᠶᠢᠨ ᠠᠵᠤ ᠠᠬᠤᠶ ᠶᠢ ᠬᠥᠭᠵᠢᠭᠦᠯᠦᠨ᠎ᠡ᠃      ᠣᠳᠣᠬᠠᠨ ᠪᠣᠯᠲᠠᠯ᠎ᠠ᠂ ᠲᠦᠩᠯᠢᠶᠣᠤ ᠬᠤᠲᠠ ᠭᠠᠴᠠᠭ᠎ᠠ ᠲᠣᠰᠬᠤᠨ ᠤ ᠬᠠᠮᠲᠤ ᠨᠡᠶᠢᠲᠡ ᠶᠢᠨ ᠠᠵᠤ ᠠᠬᠤᠶ ᠶᠢ ︽ᠠᠮᠢᠯᠠᠭᠤᠯᠤᠭᠰᠠᠨ ᠤ ᠳᠠᠷᠠᠭ᠎ᠠ ᠠᠬᠢᠨ ᠨᠡᠮᠡᠭᠳᠡᠭᠦᠯᠬᠦ︾ ᠠᠵᠢᠯᠯᠠᠭ᠎ᠠ ᠶᠢ ᠳᠡᠮᠵᠢᠬᠦ ᠲᠤᠰᠬᠠᠢ ᠪᠡᠯᠡ ᠮᠥᠩᠭᠦ ᠶᠢ ᠨᠡᠶᠢᠲᠡ 5515 ᠲᠦᠮᠡᠨ ᠲᠥᠭᠦᠷᠢᠭ ᠪᠠᠭᠤᠯᠭᠠᠪᠠ᠃ ᠶᠡᠭᠡ ᠬᠥᠰᠢᠶ᠎ᠡ ᠲᠣᠰᠬᠤᠨ ᠤ ᠢᠳᠡᠰᠢᠨ ᠮᠥᠭᠦ ᠲᠠᠷᠢᠬᠤ ᠦᠢᠯᠡᠳᠪᠦᠷᠢ ᠶᠢᠨ ᠠᠩᠬᠠᠳᠤᠭᠠᠷ ᠬᠤᠭᠤᠴᠠᠭᠠᠨ ᠤ ᠢᠨᠵᠧᠨᠧᠷᠢᠩ ᠳᠤ ᠴᠤᠭᠯᠠᠭᠤᠯᠤᠭᠰᠠᠨ150 ᠲᠦᠮᠡᠨ ᠲᠥᠭᠦᠷᠢᠭ ᠤᠨ ᠪᠡᠯᠡ ᠮᠥᠩᠭᠦ  ᠠᠴᠠ ᠡᠳ᠋ ᠤᠨ ᠵᠠᠰᠠᠭ ᠪᠣᠯᠤᠨ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠣᠷᠣᠭᠤᠯᠤᠯᠲᠠ ᠬᠢᠭᠰᠡᠨ 110 ᠲᠦᠮᠡᠨ ᠲᠥᠭᠦᠷᠢᠭ ᠤᠨ ᠳᠡᠳᠬᠦᠮᠵᠢ ᠶᠢᠨ ᠪᠡᠯᠡ ᠮᠥᠩᠭᠦ ᠶᠢ ᠭᠠᠷᠭᠠᠪᠠᠯ᠂ ᠶᠠᠳᠠᠭᠤ ᠶᠢ ᠲᠡᠳᠬᠦᠬᠦ ᠠᠯᠪᠠᠨ ᠬᠡᠷ ᠪᠠᠰᠠ ᠠᠵᠤ ᠦᠢᠯᠡᠰ ᠤᠨ ᠬᠥᠭᠵᠢᠯᠲᠡ ᠶᠢᠨ ᠪᠠᠯᠠ ᠮᠥᠩᠭᠦ 40 ᠲᠦᠮᠡᠨ ᠲᠥᠭᠦᠷᠢᠭ ᠢ ᠢᠵᠢ ᠪᠦᠷᠢᠳᠦᠭᠦᠯᠦᠨ ᠣᠷᠣᠭᠤᠯᠤᠯᠲᠠ  ᠬᠢᠵᠦ᠂ 40 ᠶᠠᠳᠠᠭᠤ ᠬᠦᠴᠢᠷᠳᠡᠯᠲᠡᠢ ᠡᠷᠦᠬᠡ ᠪᠦᠷᠢ ᠳᠤ 10000 ᠲᠥᠭᠦᠷᠢᠭ ᠤᠨ ᠰᠲ᠋ᠣᠺ ᠲᠣᠬᠢᠷᠠᠭᠤᠯᠤᠨ ᠥᠭᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号