ᠪᠦᠭᠦ ᠤᠷᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠢ ᠠᠬᠢᠭᠤᠯᠬᠤ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/12/18

     12 ᠳ᠋ᠤᠭᠠᠷ ᠰᠠᠷ᠎ᠠ ᠶᠢᠨ 17 ᠤ ᠡᠳᠤᠷ᠂ ᠪᠦᠭᠦ ᠤᠷᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠢ ᠠᠬᠢᠭᠤᠯᠬᠤ ᠲᠧᠯᠸᠢᠰ ᠳ᠋ᠢᠶᠠᠩᠬᠤᠸᠠ ᠬᠤᠷᠠᠯ ᠭᠦᠭᠡᠬᠤᠳᠠ ᠳᠤ ᠬᠤᠷᠠᠯᠳᠤᠵᠤ᠂ 2018 ᠤᠨ ᠤ ᠪᠦᠭᠦ ᠤᠷᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠭᠤᠤᠯᠳᠠᠯᠭᠠᠳᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠠᠷᠯᠠᠵᠤ᠂ ᠤᠳᠤᠬᠠᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠦᠢᠯᠡᠴᠢᠯᠡᠭᠦ ᠬᠠᠮᠢᠶᠠᠷᠤᠯᠳᠠ ᠶᠢᠨ ᠪᠠᠳᠤᠯᠠᠭ᠎ᠠ ᠶᠢᠨ ᠠᠵᠢᠯ ᠢ ᠪᠠᠶᠢᠷᠢᠯᠠᠭᠤᠯᠪᠠ᠃
     ᠦᠪᠡᠷᠳᠠᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠡᠸᠤ ᠶᠠᠩ ᠰᠢᠶᠤᠤ ᠬᠤᠢ ᠬᠤᠷᠠᠯ ᠳᠤ ᠤᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃
     ᠡᠸᠤ ᠶᠠᠩ ᠰᠢᠶᠤᠤ ᠬᠤᠢ ᠴᠢᠬᠤᠯᠠᠴᠢᠯᠠᠭᠰᠠᠨ ᠨᠢ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠢ ᠰᠠᠶᠢᠲᠤᠷ ᠬᠢᠭᠦ ᠪᠤᠯ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠲᠦᠯᠬᠢᠵᠦ ᠪᠤᠯᠤᠰᠢ ᠦᠭᠡᠢ ᠤᠯᠤᠰ ᠲᠦᠷᠤ ᠶᠢᠨ ᠬᠠᠷᠢᠭᠤᠴᠠᠯᠭ᠎ᠠ ᠮᠦᠨ᠃ ᠪᠦᠭᠦ ᠤᠷᠤᠨ ᠤ ᠡᠯ᠎ᠠ ᠭᠠᠵᠠᠷ ᠤᠨ ᠬᠠᠮᠢᠶ᠎ᠠ ᠪᠦᠭᠦᠢ ᠰᠠᠯᠠᠭ᠎ᠠ ᠮᠦᠴᠢᠷ ᠤᠯᠤᠰ ᠲᠦᠷᠤ ᠶᠢᠨ ᠵᠤᠭᠰᠤᠴᠠ ᠪᠠᠨ ᠲᠡᠭᠡᠭᠰᠢᠯᠡᠭᠦᠯᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠦᠵᠡᠯ ᠰᠠᠨᠠᠭ᠎ᠠ ᠪᠤᠯᠤᠨ ᠠᠵᠢᠯᠯᠠᠭ᠎ᠠ ᠪᠠᠨ ᠶᠡᠷᠤᠩᠭᠡᠢ ᠱᠦᠵᠢ ᠰᠢ ᠶᠢᠨ ᠫᠢᠡᠭ ᠤᠨ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠪᠠ ᠨᠠᠮ ᠤᠨ ᠲᠦᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠲᠠᠢ ᠦᠨᠡᠨ ᠭᠦ ᠨᠢᠭᠡᠳᠭᠡᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠤᠰᠤᠭᠠᠷ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠢ ᠵᠤᠬᠢᠶᠠᠨ ᠪᠠᠶᠢᠭᠤᠯᠵᠤ ᠤᠳᠤᠷᠢᠳᠬᠤ ᠪᠠᠨ ᠦᠨᠡᠨ ᠭᠦ ᠴᠢᠩᠭᠠᠳᠬᠠᠵᠤ᠂ ᠭᠤᠤᠯ ᠴᠤᠭᠴᠠ ᠶᠢᠨ ᠬᠠᠷᠢᠭᠤᠴᠠᠯᠭ᠎ᠠ ᠶᠢ ᠪᠤᠲᠠᠲᠠᠶᠢᠵᠢᠭᠤᠯᠵᠤ᠂ ᠵᠤᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ ᠪᠠᠶᠢᠭᠤᠯᠤᠮᠵᠢ ᠪᠠᠨ ᠰᠢᠯᠢᠳᠡᠭᠵᠢᠬᠦᠯᠦᠨ ᠴᠢᠩᠭᠠᠳᠬᠠᠵᠦ᠂ ᠠᠵᠢᠯ ᠤᠨ ᠭᠤᠤᠯᠳᠠᠯᠭ᠎ᠠ ᠪᠠᠨ ᠳᠤᠪᠤᠶᠢᠯᠭᠠᠵᠤ᠂ ᠡᠯ᠎ᠠ ᠵᠦᠢᠯ ᠤᠨ ᠠᠵᠢᠯ ᠤᠨ ᠡᠭᠦᠷᠭᠡ ᠪᠠᠨ ᠪᠤᠲᠠᠲᠠᠢ ᠳᠤ ᠨᠠᠶᠢᠳᠠᠪᠤᠷᠢᠵᠢᠭᠤᠯᠤᠨ ᠨᠠᠷᠢᠯᠢᠬᠵᠢᠭᠤᠯᠬᠤ ᠶᠢ ᠠᠬᠢᠭᠤᠯᠬᠤ ᠭᠡᠷᠡᠭᠳᠠᠢ ᠭᠡᠵᠡᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ