ᠡᠷᠢᠶᠡᠨ ᠬᠤᠲᠠ ᠪᠣᠯ ᠤᠯᠤᠰ ᠠᠴᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠤᠢ ᠶᠢᠨ | ᠬᠡᠷᠡᠭᠯᠡᠯᠲᠡ ᠶᠢᠨ ᠡᠷᠬᠡ ᠶᠢ ᠰᠢᠯᠵᠢᠭᠦᠯᠬᠦ᠂ ᠲᠦᠷᠢᠶᠡᠰᠦᠯᠡᠬᠦ᠂ ᠪᠠᠷᠢᠴᠠᠭᠠᠯᠠᠬᠤ ᠶᠢ ᠪᠦᠷᠢᠨᠰᠢᠭᠦᠯᠬᠦ ᠬᠤᠶᠠᠳᠣᠭᠠᠷ | ᠳᠡᠰ ᠤᠨ ᠵᠠᠬ᠎ᠠ ᠳᠡᠯᠭᠡᠭᠦᠷ ᠤᠨ ᠲᠤᠷᠰᠢᠯᠲᠠ ᠶᠢᠨ ᠬᠤᠲᠠ ᠶᠢᠨ ᠨᠢᠭᠡ ᠨᠢ ᠪᠣᠯᠣᠨ᠎ᠠ᠂ ᠮᠥᠨ ᠴᠦ ᠥᠪᠡᠷᠲᠡᠭᠡᠨ | ᠵᠠᠰᠠᠬᠤ ᠣᠷᠣᠨ ᠤ ᠴᠤᠷ ᠤᠨ ᠭᠠᠭᠴᠠ ᠲᠤᠷᠰᠢᠯᠲᠠ ᠶᠢᠨ ᠬᠤᠲᠠ ᠪᠣᠯᠬᠤ ᠶᠤᠮ᠂ ᠡᠷᠢᠶᠠᠨ ᠬᠤᠲᠠ ᠨᠢ ︽ | ᠠᠬᠢᠴᠠ ᠶᠢ ᠲᠦᠷᠭᠡᠳᠬᠡᠵᠦ᠂ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠦᠢᠯᠡᠴᠢᠯᠡᠭᠡ ᠶᠢ ᠳᠡᠰ ᠳᠡᠪᠰᠢᠭᠦᠯᠬᠦ︾ | ᠪᠠᠷ ᠬᠠᠷᠠᠯᠲᠠ ᠪᠠᠨ ᠪᠣᠯᠭᠠᠵᠤ᠂ ᠪᠣᠭᠤᠮᠲᠠ ᠶᠢᠨ ᠪᠤᠳᠠᠲᠠᠢ ᠲᠠᠢ ᠤᠶᠠᠯᠳᠤᠭᠤᠯᠤᠨ ︽ᠰᠦᠯᠵᠢᠶᠡᠨ ᠳᠡᠭᠡᠷ᠎ᠡ | ᠰᠦᠯᠵᠢᠶᠡᠨ ᠭᠠᠳᠠᠨ᠎ᠠ ᠬᠤᠯᠪᠣᠭᠠᠯᠠᠨ ᠬᠦᠳᠡᠯᠦᠯᠴᠡᠬᠦ᠂ ᠠᠷᠠᠯᠵᠢᠶᠠᠯᠠᠬᠤ ᠪᠠ ᠳᠠᠩᠰᠠᠯᠠᠬᠤ ᠶᠢ ᠨᠢᠭᠡ ᠴᠣᠭᠴᠠᠵᠢᠭᠤᠯᠬᠤ᠂ | ᠨᠢᠭᠡ ᠬᠤᠶᠠᠳᠣᠭᠠᠷ ᠳᠡᠰ ᠤᠨ ᠵᠠᠬ᠎ᠠ ᠳᠡᠯᠭᠡᠭᠦᠷ ᠢ ᠵᠣᠬᠢᠴᠠᠭᠤᠯᠬᠤ︾ ᠲᠤᠰᠬᠠᠢ ᠰᠡᠳᠦᠪᠲᠦ ᠰᠤᠳᠤᠯᠭᠠᠨ ᠢ | ᠰᠢᠨ᠎ᠡ ᠪᠠᠷ ᠨᠡᠮᠡᠵᠦ᠂ ᠲᠤᠰ ᠵᠢᠯ ᠤᠨ 9 ᠳ᠋ᠦ᠋ᠭᠡᠷ ᠰᠠᠷ᠎ᠠ ᠶᠢᠨ 5 ᠤ ᠡᠳᠦᠷ ᠪᠠᠶᠢᠭᠠᠯᠢ ᠶᠢᠨ ᠡᠬᠢ ᠪᠠᠶᠠᠯᠢᠭ ᠤᠨ | ᠶᠠᠮᠤᠨ ᠤ ᠵᠣᠬᠢᠶᠠᠨ ᠪᠠᠶᠢᠭᠤᠯᠤᠭᠰᠠᠨ ᠰᠢᠯᠭᠠᠨ ᠠᠪᠬᠤ ᠳᠤ ᠠᠮᠵᠢᠯᠲᠠ ᠲᠠᠢ ᠪᠠᠲᠤᠯᠠᠭᠳᠠᠪᠠ᠃ | ᠨᠢᠭᠡ ᠳᠤ ︽ᠰᠦᠯᠵᠢᠶᠡᠨ ᠳᠡᠭᠡᠷ᠎ᠡ ᠰᠦᠯᠵᠢᠶᠡᠨ ᠭᠠᠳᠠᠨ᠎ᠠ ᠬᠤᠯᠪᠣᠭᠠᠯᠠᠨ ᠬᠦᠳᠡᠯᠦᠯᠴᠡᠬᠦ᠂ ᠠᠷᠠᠯᠵᠢᠶᠠᠯᠠᠬᠤ | ᠪᠠ ᠳᠠᠩᠰᠠᠯᠠᠬᠤ ᠶᠢ ᠨᠢᠭᠡ ᠴᠣᠭᠴᠠᠵᠢᠭᠤᠯᠬᠤ᠂ ᠨᠢᠭᠡ ᠬᠤᠶᠠᠳᠣᠭᠠᠷ ᠳᠡᠰ ᠤᠨ ᠵᠠᠬ᠎ᠠ ᠳᠡᠯᠭᠡᠭᠦᠷ ᠢ ᠵᠣᠬᠢᠴᠠᠭᠤᠯᠬᠤ︾ | ᠵᠠᠭᠪᠤᠷᠰᠢᠯ ᠢ ᠬᠡᠷᠡᠭᠵᠢᠭᠦᠯᠪᠡ᠃ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠮᠡᠳᠡᠭᠡ ᠵᠠᠩᠭᠢ ᠶᠢ ᠵᠡᠷᠭᠡᠪᠡᠷ | ᠨᠡᠶᠢᠲᠡᠯᠡᠵᠦ᠂ ᠰᠦᠯᠵᠢᠶᠡᠨ ᠳᠡᠭᠡᠷᠡᠬᠢ ᠦᠨ᠎ᠡ ᠬᠠᠩᠰᠢ ᠶᠢᠨ ᠦᠷᠢᠰᠦᠯᠳᠦᠭᠡᠨ ᠠᠴᠠ ᠭᠠᠳᠠᠨ᠎ᠠ᠂ ᠬᠡᠷᠡᠭᠴᠡᠭᠡ ᠲᠠᠢ | ᠨᠢ ᠰᠦᠯᠵᠢᠶᠡᠨ ᠭᠠᠳᠠᠨ᠎ᠠ ᠢᠯᠡᠷᠬᠡᠶᠢᠯᠡᠯ ᠡᠯᠭᠦᠬᠦ ᠪᠠ ᠲᠣᠬᠠᠢ ᠶᠢᠨ ᠲᠠᠯᠠᠪᠤᠷ ᠲᠤ ᠦᠨ᠎ᠡ ᠦᠷᠢᠰᠦᠯᠳᠦᠬᠦ ᠶᠢ ᠵᠡᠷᠭᠡᠪᠡᠷ | ᠶᠠᠪᠤᠭᠤᠯᠵᠠᠢ᠃ ᠠᠷᠠᠯᠵᠢᠶᠠᠯᠠᠬᠤ ᠠᠴᠠ ᠠᠪᠤᠭᠠᠳ ᠳᠠᠩᠰᠠᠯᠠᠭᠤᠯᠬᠤ ᠪᠦᠬᠦ ᠴᠤᠪᠤᠷᠡᠯ ᠢ ᠰᠢᠯᠤᠭᠤᠳᠬᠠᠵᠤ᠂ | ᠠᠷᠠᠯᠵᠢᠶᠠᠯᠠᠭᠰᠠᠨ ᠤ ᠳᠠᠷᠠᠭ᠎ᠠ ᠰᠢᠭᠤᠳ ᠦᠯᠦ ᠬᠥᠳᠡᠯᠬᠦ ᠬᠦᠷᠥᠩᠭᠡ ᠶᠢᠨ ᠳᠠᠩᠰᠠᠯᠠᠭᠤᠯᠤᠯ ᠬᠢᠯᠭᠡᠵᠡᠢ᠃ ᠡᠭᠦᠨ ᠤ | ᠬᠠᠮᠲᠤ ᠨᠢᠭᠡᠳᠦᠭᠡᠷ ᠳᠡᠰ ᠤᠨ ᠵᠠᠬ᠎ᠠ ᠳᠡᠯᠭᠡᠭᠦᠷ ᠤᠨ ᠶᠡᠷᠦᠩᠬᠡᠢ ᠬᠡᠮᠵᠢᠶ᠎ᠡ ᠶᠢ ᠡᠵᠡᠮᠳᠡᠬᠦ ᠬᠢᠭᠡᠳ ᠬᠤᠶᠠᠳᠤᠭᠠᠷ | ᠳᠡᠰ ᠤᠨ ᠵᠠᠬ᠎ᠠ ᠳᠡᠯᠭᠡᠭᠦᠷ ᠤᠨ ᠠᠷᠠᠯᠵᠢᠶ᠎ᠠ ᠶᠢ ᠵᠣᠬᠢᠴᠠᠭᠤᠯᠤᠨ ᠲᠦᠯᠬᠢᠨ ᠠᠬᠢᠭᠤᠯᠵᠤ᠂ ᠬᠡᠷᠪᠡ ᠬᠤᠶᠠᠳᠣᠭᠠᠷ | ᠳᠡᠰ ᠤᠨ ᠵᠠᠬ᠎ᠠ ᠳᠡᠯᠭᠡᠭᠦᠷ ᠵᠥᠪᠰᠢᠶᠡᠷᠡᠭᠦᠯᠦᠭᠰᠡᠨ ᠪᠠᠶᠢᠲᠠᠯ᠎ᠠ ᠪᠠᠨ ᠦᠯᠦ ᠬᠠᠩᠭᠠᠭᠰᠠᠨ᠂ ᠳᠣᠣᠷ᠎ᠠ ᠪᠦᠲᠦᠮᠵᠢ ᠪᠠᠷ | ᠭᠠᠵᠠᠷ ᠬᠡᠷᠡᠭᠯᠡᠭᠰᠡᠨ ᠵᠡᠷᠭᠡ ᠡᠬᠢ ᠪᠠᠶᠠᠯᠢᠭ ᠨᠡᠯᠢᠶᠡᠳ ᠠᠷᠪᠢᠨ ᠪᠠᠶᠢᠪᠠᠯ᠂ ᠨᠢᠭᠡᠳᠦᠭᠡᠷ ᠳᠡᠰ ᠤᠨ ᠵᠠᠬ᠎ᠠ ᠳᠡᠯᠭᠡᠭᠦᠷ | ᠭᠠᠵᠠᠷ ᠰᠢᠷᠤᠢ ᠬᠠᠩᠭᠠᠬᠤ ᠪᠠᠨ ᠪᠠᠭᠠᠰᠬᠠᠨ᠎ᠠ ; ᠬᠡᠷᠪᠡ ᠬᠤᠶᠠᠳᠣᠭᠠᠷ ᠳᠡᠰ ᠤᠨ ᠵᠠᠬ᠎ᠠ ᠳᠡᠯᠭᠡᠭᠦᠷ ᠤᠨ ᠭᠠᠵᠠᠷ | ᠰᠢᠷᠤᠢ ᠠᠷᠠᠯᠵᠢᠶᠠᠯᠠᠬᠤ ᠡᠬᠢ ᠪᠠᠶᠠᠯᠢᠭ ᠨᠢ ᠨᠡᠯᠢᠶᠡᠳ ᠪᠠᠭ᠎ᠠ ᠪᠠᠶᠢᠪᠠᠯ᠂ ᠨᠢᠭᠡᠳᠦᠭᠡᠷ ᠳᠡᠰ ᠤᠨ ᠵᠠᠬ᠎ᠠ ᠳᠡᠯᠭᠡᠭᠦᠷ ᠤᠨ | ᠬᠠᠩᠭᠠᠯᠭ᠎ᠠ ᠶᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠵᠡᠢ᠃ | ᠬᠤᠶᠠᠷ ᠲᠤ ᠵᠠᠰᠠᠭ ᠵᠠᠬᠢᠷᠭᠠᠨ ᠤ ᠵᠢᠯᠣᠭᠤᠳᠤᠮᠵᠢ ᠠᠴᠠ ᠠᠯᠬᠤᠮ ᠠᠯᠬᠤᠮ ᠢᠶᠠᠷ ᠵᠠᠬ᠎ᠠ ᠳᠡᠯᠭᠡᠭᠦᠷ ᠢᠶᠠᠷ | ᠭᠤᠣᠯᠯᠠᠬᠤ ᠵᠦᠭ ᠤᠯᠠᠷᠢᠭᠤᠯᠵᠤ᠂ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠠᠷᠠᠯᠵᠢᠶ᠎ᠠ ᠶᠢ ᠪᠦᠬᠦᠨ ᠢ | ᠠᠷᠠᠯᠵᠢᠶᠠᠨ ᠤ ᠲᠠᠪᠴᠠᠩ ᠳᠤ ᠣᠷᠣᠭᠤᠯᠵᠠᠢ᠃ ᠠᠵᠤ ᠠᠬᠤᠶᠢᠯᠠᠯ ᠬᠢᠭᠡᠳ ᠬᠤᠪᠢ ᠬᠥᠮᠦᠨ ᠬᠤᠶᠠᠳᠤᠭᠠᠷ ᠳᠡᠰ ᠤᠨ | ᠵᠠᠬ᠎ᠠ ᠳᠡᠯᠭᠡᠭᠦᠷ ᠤᠨ ᠲᠠᠪᠴᠠᠩ ᠳᠤ ᠣᠷᠣᠵᠤ ᠠᠷᠠᠯᠵᠢᠶ᠎ᠠ ᠬᠢᠬᠦ ᠶᠢ ᠪᠦᠲᠦᠮᠵᠢᠲᠡᠶ ᠪᠠᠷ ᠤᠬᠠᠭᠤᠯᠤᠨ ᠬᠦᠲᠦᠯᠦᠨ | ᠵᠢᠯᠣᠭᠤᠳᠣᠭᠰᠠᠨ ᠰᠠᠭᠤᠷᠢᠨ ᠳᠡᠭᠡᠷ᠎ᠡ᠂ ᠦᠯᠦ ᠬᠥᠳᠡᠯᠬᠦ ᠬᠦᠷᠦᠩᠭᠡ ᠶᠢᠨ ᠳᠠᠩᠰᠠᠯᠠᠯ ᠢᠶᠠᠷ ᠳᠠᠮᠵᠢᠭᠤᠯᠤᠨ᠂ ᠨᠢᠭᠡᠨᠲᠡ | ᠥᠪᠡᠷᠲᠡᠭᠡᠨ ᠠᠷᠠᠯᠵᠢᠶᠠᠯᠠᠭᠰᠠᠨ ᠲᠥᠷᠥᠯ ᠵᠦᠢᠯ ᠢ ᠴᠤ ᠬᠦᠲᠦᠯᠦᠨ ᠵᠢᠯᠣᠭᠤᠳᠴᠦ ᠪᠠᠶᠢᠭᠠᠳ ᠲᠠᠪᠴᠠᠩ ᠲᠤ | ᠣᠷᠣᠭᠤᠯᠤᠨ ᠠᠷᠠᠯᠵᠢᠶᠠᠯᠠᠭᠤᠯᠪᠠ᠃ ᠠᠷᠠᠯᠵᠢᠶᠠᠯᠠᠬᠤ ᠥᠪᠡᠷ ᠤᠨ ᠥᠷᠲᠡᠭ ᠪᠣᠯᠣᠨ ᠴᠠᠭ ᠢ ᠨᠡᠮᠡᠭᠳᠡᠭᠦᠯᠬᠦ ᠦᠭᠡᠢ | ᠪᠠᠶᠢᠬᠤ ᠤᠷᠢᠲᠠᠯ ᠳᠣᠣᠷ᠎ᠠ᠂ ᠨᠢᠭᠡ ᠲᠠᠯ᠎ᠠ ᠪᠠᠷ ᠠᠵᠤ ᠠᠬᠤᠶᠢᠯᠠᠯ ᠪᠠ ᠬᠤᠪᠢ ᠬᠥᠮᠦᠨ ᠤ ᠥᠪᠡᠷᠲᠡᠭᠡᠨ | ᠠᠷᠠᠯᠵᠢᠶᠠᠯᠠᠬᠤ ᠤᠢᠢᠯᠠ ᠠᠵᠢᠯᠯᠠᠭᠠᠨ ᠤ ᠳᠠᠳᠬᠠᠯ ᠢ ᠠᠯᠬᠤᠮ ᠠᠯᠬᠤᠮ ᠢᠶᠠᠷ ᠬᠤᠪᠢᠷᠠᠭᠤᠯᠵᠠᠢ︔ ᠨᠦᠬᠦᠭᠡ | ᠲᠠᠯ᠎ᠠ ᠪᠠᠷ ᠴᠢᠨᠠᠷᠯᠢᠭ ᠪᠦᠲᠦᠮᠵᠢᠲᠡᠢ ᠦᠢᠯᠡᠴᠢᠯᠡᠭᠡ ᠪᠠᠷ ᠳᠠᠮᠵᠢᠭᠤᠯᠤᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ | ᠲᠠᠪᠴᠠᠩ ᠤᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠯ ᠢ ᠠᠯᠬᠤᠮ ᠠᠯᠬᠤᠮ ᠢᠶᠠᠷ ᠪᠤᠢ ᠪᠣᠯᠭᠠᠵᠤ᠂ ᠠᠵᠤ | ᠠᠬᠤᠶᠢᠯᠠᠯ ᠪᠣᠯᠣᠨ ᠬᠤᠪᠢ ᠬᠥᠮᠦᠨ ᠢ ᠬᠥᠲᠥᠯᠦᠨ ᠵᠢᠯᠣᠭᠤᠳᠴᠤ ᠪᠠᠶᠢᠭᠠᠳ ᠲᠠᠪᠴᠠᠩ ᠤᠨ ᠠᠷᠭ᠎ᠠ ᠵᠠᠮ ᠤᠨ | ᠲᠦᠰᠢᠭ ᠢ ᠪᠣᠢ ᠪᠣᠯᠭᠠᠵᠠᠢ᠃ | ᠭᠤᠷᠪᠠ ᠳᠤ ᠲᠤᠷᠰᠢᠯᠲᠠ ᠶᠢᠨ ᠠᠵᠢᠯ ᠢᠶᠠᠷ ᠠᠵᠠ ᠲᠣᠬᠢᠶᠠᠯ ᠪᠣᠯᠭᠠᠵᠤ᠂ ᠲᠡᠦᠬᠡᠨ ᠠᠴᠠ ᠦᠯᠡᠳᠡᠭᠳᠡᠵᠦ | ᠢᠷᠡᠭᠰᠡᠨ ᠠᠰᠠᠭᠤᠳᠠᠯ ᠢ ᠰᠢᠢᠳᠪᠦᠷᠢᠯᠡᠵᠡᠢ᠃ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠢ | ᠪᠠᠶᠢᠭᠤᠯᠬᠤ ᠠᠴᠠ ᠡᠮᠦᠨ᠎ᠡ᠂ ᠲᠦᠷᠦ ᠶᠢᠨ ᠪᠤᠳᠤᠯᠭ᠎ᠠ᠂ ᠪᠡᠯᠡ ᠮᠥᠩᠭᠦ ᠵᠡᠷᠭᠡ ᠬᠦᠴᠦᠨ ᠵᠦᠢᠯ ᠤᠨ ᠨᠥᠯᠥᠭᠡ ᠵᠢᠴᠢ | ᠬᠤᠯᠪᠣᠭᠳᠠᠯ ᠪᠦᠬᠦᠢ ᠠᠷᠠᠯᠵᠢᠶᠠᠨ ᠤ ᠲᠦᠷᠢᠮ ᠤᠨ ᠬᠢᠵᠠᠭᠠᠷᠯᠠᠯ ᠠᠴᠠ ᠪᠣᠯᠣᠭᠠᠳ᠂ ᠡᠷᠢᠶᠡᠨ ᠬᠤᠲᠠ ᠶᠢᠨ ᠭᠠᠵᠠᠷ | ᠰᠢᠷᠣᠶ ᠶᠢᠨ ᠠᠷᠠᠯᠵᠢᠶᠠᠨ ᠤ ᠡᠷᠭᠢᠯᠲᠡ ᠰᠠᠭᠠᠳ ᠲᠠᠢ ᠪᠣᠯᠵᠠᠢ᠂ ᠭᠠᠵᠠᠷ ᠰᠢᠷᠣᠶ ᠬᠡᠷᠡᠭᠯᠡᠬᠦ ᠦᠷ᠎ᠡ ᠠᠰᠢᠭ ᠨᠡᠯᠢᠶᠡᠳ | ᠳᠣᠣᠷ᠎ᠠ ᠪᠠᠶᠢᠵᠤ᠂ ᠴᠢᠨᠠᠭᠰᠢᠯᠠᠪᠠᠯ ᠭᠠᠵᠠᠷ ᠲᠠᠷᠢᠶ᠎ᠠ ᠶᠢ ᠰᠤᠯᠠ ᠬᠠᠶᠠᠬᠤ ᠦᠵᠡᠭᠳᠡᠯ ᠭᠠᠷᠴᠣ ᠪᠠᠶᠢᠪᠠ᠃ ᠭᠠᠵᠠᠷ | ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠢ ᠪᠠᠶᠢᠭᠤᠯᠤᠭᠰᠠᠨ ᠤ ᠳᠠᠷᠠᠭ᠎ᠠ᠂ ᠲᠦᠷᠦ ᠶᠢᠨ ᠪᠤᠳᠤᠯᠭ᠎ᠠ ᠶᠢᠨ | ᠰᠢᠨ᠎ᠡ ᠡᠭᠦᠳᠦᠯᠲᠡ ᠪᠠᠷ ᠲᠠᠮᠵᠢᠵᠤ᠂ ᠥᠩᠭᠡᠷᠡᠭᠰᠡᠨ ᠳᠤ ᠠᠷᠠᠯᠵᠢᠶᠠᠯᠠᠬᠤ ᠠᠷᠭ᠎ᠠ ᠦᠭᠡᠢ ᠪᠠᠶᠢᠭᠰᠠᠨ ᠨᠢᠭᠡ ᠬᠡᠰᠡᠭ | ᠭᠠᠵᠠᠷ ᠰᠢᠷᠣᠶ ᠶᠢ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠠᠷᠠᠯᠵᠢᠶ᠎ᠠ ᠳᠤ ᠣᠷᠣᠭᠤᠯᠵᠤ᠂ ᠭᠠᠵᠠᠷ ᠰᠢᠷᠣᠶ | ᠠᠷᠠᠯᠵᠢᠶᠠᠯᠠᠬᠤ ᠬᠡᠮᠵᠢᠶ᠎ᠡ ᠪᠣᠯᠣᠨ ᠲᠦᠬᠦᠮ ᠦᠵᠡᠭᠦᠯᠬᠦ ᠬᠡᠮᠵᠢᠶ᠎ᠡ ᠶᠢ ᠲᠦᠢᠯ ᠤᠨ ᠶᠡᠭᠡ ᠪᠠᠷ ᠳᠡᠭᠡᠭᠰᠢᠯᠡᠭᠦᠯᠦᠭᠰᠡᠨ | ᠪᠠᠶᠢᠨ᠎ᠠ᠃ ᠵᠢᠱᠢᠶᠡᠯᠡᠪᠡᠯ ᠭᠠᠵᠠᠷ ᠰᠢᠷᠤᠢ ᠬᠡᠷᠡᠭᠯᠡᠬᠦ ᠡᠷᠬᠡ ᠶᠢ ᠰᠢᠯᠵᠢᠭᠦᠯᠬᠦ ᠲᠠᠯ᠎ᠠ ᠪᠠᠷ ᠬᠡᠷ ᠭᠠᠵᠠᠷ ᠬᠥᠷᠥᠩᠭᠡ ᠶᠢᠨ | ᠨᠡᠭᠡᠭᠡᠨ ᠬᠥᠭᠵᠢᠭᠦᠯᠬᠦ ᠲᠥᠷᠥᠯ ᠵᠦᠢᠯ᠂ ᠳᠣᠣᠷ᠎ᠠ ᠠᠰᠢᠭᠯᠠᠮᠵᠢ ᠪᠠᠷ ᠬᠡᠷᠡᠭᠯᠡᠵᠦ ᠪᠠᠶᠢᠬᠤ ᠪᠤᠶᠤ ᠤᠯᠠᠷᠢᠯ ᠤᠨ | ᠴᠢᠨᠠᠷᠲᠠᠶ ᠬᠡᠷᠡᠭᠯᠡᠵᠦ ᠪᠠᠶᠢᠭ᠎ᠠ ᠠᠵᠤ ᠦᠢᠯᠡᠳᠪᠦᠷᠢ᠂ ᠬᠥᠮᠥᠷᠭᠡ ᠳᠤ ᠬᠡᠷᠡᠭᠯᠡᠬᠦ ᠭᠠᠵᠠᠷ ᠢ ᠠᠩᠬ᠎ᠠ ᠤᠳᠠᠭ᠎ᠠ | ᠰᠢᠯᠵᠢᠭᠦᠯᠦᠨ ᠥᠭᠬᠦ ᠳᠤ ᠪᠠᠨ ᠪᠡᠶᠡᠯᠡᠭᠦᠯᠦᠭᠰᠡᠨ ᠨᠡᠭᠡᠭᠡᠨ ᠠᠰᠢᠭᠯᠠᠯᠲᠠ ᠶᠢᠨ ᠪᠡᠯᠠ ᠣᠷᠣᠭᠤᠯᠤᠯᠲᠠ ᠶᠢᠨ ᠪᠦᠬᠦ | ᠲᠣᠭᠠᠨ ᠤ 25% ᠪᠠᠷ ᠮᠠᠭᠠᠳᠯᠠᠨ ᠲᠣᠭᠲᠠᠭᠠᠬᠤ ᠦᠨᠳᠦᠰᠦ ᠪᠠᠷᠢᠮᠲᠠ ᠪᠣᠯᠭᠠᠬᠤ ᠶᠢ ᠬᠠᠶᠢᠨ ᠰᠦᠪᠡᠭᠴᠢᠯᠡᠵᠦ᠂ | ᠪᠣᠳᠠᠲᠠᠶ ᠠᠷᠭ᠎ᠠ ᠬᠡᠮᠵᠢᠶ᠎ᠡ ᠨᠡᠶᠢᠲᠡᠯᠡᠵᠦ᠂ ᠬᠠᠶᠠᠭᠳᠠᠵᠤ ᠪᠠᠶᠢᠭ᠎ᠠ ᠬᠡᠷ ᠭᠠᠵᠠᠷ ᠬᠥᠷᠥᠩᠭᠡ ᠶᠢᠨ ᠬᠡᠷᠡᠭᠯᠡᠬᠦ ᠭᠠᠵᠠᠷ᠂ | ᠳᠣᠤᠷ᠎ᠠ ᠠᠰᠢᠬᠯᠠᠮᠵᠢᠳᠤ ᠬᠡᠷᠡᠭᠯᠡᠬᠦ ᠭᠠᠵᠠᠷ ᠪᠣᠯᠤᠨ ᠰᠤᠯᠠ ᠬᠠᠶᠠᠭᠰᠠᠨ ᠬᠡᠰᠡᠭ ᠭᠠᠵᠠᠷ ᠰᠢᠷᠤᠢ ᠶᠢ ᠤᠯᠠᠮ ᠨᠢᠭᠡ | ᠠᠯᠬᠤᠮ ᠠᠮᠢᠳᠤᠯᠢᠭᠵᠢᠭᠤᠯᠵᠤ ᠠᠷᠪᠢᠲᠠᠶ ᠡᠷᠴᠢᠮᠯᠢᠭ ᠠᠰᠢᠭᠯᠠᠵᠠᠢ᠃ | ᠣᠲᠣ ᠪᠣᠯᠲᠠᠯ᠎ᠠ᠂ ᠪᠥᠬᠦ ᠬᠤᠲᠠ ᠶᠢᠨ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ | ᠠᠷᠠᠯᠵᠢᠶᠠᠨ ᠤ ᠶᠡᠷᠦᠩᠬᠡᠶ ᠲᠤᠭ᠎ᠠ ᠨᠢ 332 ᠲᠦᠷᠦᠯ ᠳᠤ ᠬᠦᠷᠴᠦ᠂ 360.57 ᠡᠾᠧᠺᠲ᠋ᠠᠷ ᠭᠠᠵᠠᠷ ᠲᠠᠯᠠᠪᠠᠢ ᠂ | 11.16 ᠳ᠋ᠦᠩᠰᠢᠭᠤᠷ ᠲᠦᠬᠦᠷᠢᠭ ᠲᠤ ᠬᠤᠯᠪᠣᠭᠳᠠᠵᠠᠢ᠃ ᠡᠭᠦᠨ ᠳᠤ 213 ᠲᠥᠷᠥᠯ ᠢ ᠪᠠᠷᠢᠴᠠᠭᠠᠯᠠᠵᠤ᠂ | ᠲᠠᠯᠠᠪᠠᠶ ᠨᠢ 299.01 ᠾᠧᠺᠲ᠋ᠠᠷ ᠪᠣᠯᠵᠤ᠂ ᠪᠠᠷᠢᠴᠠᠭᠠᠯᠠᠭᠰᠠᠨ ᠮᠥᠩᠭᠦ ᠨᠢ 10.45 ᠳ᠋ᠦᠩᠰᠢᠭᠤᠷ ᠲᠥᠭᠦᠷᠢᠭ | ᠪᠣᠯᠵᠠᠢ︔ 119 ᠲᠥᠷᠥᠯ ᠢ ᠰᠢᠯᠵᠢᠭᠦᠯᠦᠨ ᠥᠭᠴᠦ᠂ ᠬᠤᠯᠪᠣᠭᠳᠠᠭᠰᠠᠨ ᠭᠠᠵᠠᠷ ᠲᠠᠯᠠᠪᠠᠢ ᠨᠢ 61.56 | ᠾᠧᠺᠲ᠋ᠠᠷ᠂ ᠦᠨ᠎ᠡ ᠨᠢ 0.71 ᠳ᠋ᠦᠩᠰᠢᠭᠤᠷ ᠲᠥᠭᠦᠷᠢᠭ ᠪᠣᠯᠵᠠᠢ᠃ |