12 ᠳ᠋ᠤᠭᠠᠷ ᠰᠠᠷ᠎ᠠ ᠶᠢᠨ 20 ᠤ ᠡᠳᠦᠷ᠂ ᠪᠦᠬᠦ ᠤᠷᠤᠨ ᠤ ᠨᠠᠮ ᠤᠨ ᠬᠤᠷᠢᠶᠠᠨ ᠤ ᠨᠠᠷᠢᠨ ᠪᠢᠴᠢᠭ ᠤᠨ | ᠳᠠᠷᠤᠭ᠎ᠠ ᠨᠠᠷ ᠤᠨ ᠬᠤᠷᠠᠯ ᠬᠦᠬᠡᠬᠤᠳᠠ ᠳᠤ ᠬᠤᠷᠠᠯᠳᠤᠪᠠ᠃ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠴᠤᠬᠤᠯᠠᠪᠤᠷᠢ ᠦᠭᠴᠦ᠂ ᠦᠪᠡᠷᠲᠡᠭᠡᠨ | ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠨᠠᠷᠢᠨ ᠪᠢᠴᠢᠭ ᠤᠨ ᠳᠠᠷᠤᠭ᠎ᠠ᠂ ᠤᠯᠤᠰ | ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠦᠸᠧ ᠶᠦᠩ ᠭᠠᠩ ᠬᠤᠷᠠᠯ ᠳᠤ ᠤᠷᠤᠯᠴᠠᠬᠰᠠᠨ ᠪᠦᠬᠡᠳ | ᠶᠠᠷᠢᠶ᠎ᠠ ᠲᠠᠯᠪᠢᠵᠠᠢ᠃ | ᠯᠢ ᠵᠢᠢ ᠾᠧᠩ ᠴᠤᠬᠤᠯᠠᠪᠤᠷᠢ ᠳᠤ ᠪᠠᠨ ᠵᠢᠭᠠᠭᠰᠠᠨ ᠨᠢ᠂ ᠨᠠᠮ ᠤᠨ ᠬᠤᠷᠢᠶᠠᠨ ᠤ ᠠᠯᠪᠡᠨ ᠲᠢᠩᠬᠢᠮ ︵ | ᠠᠯᠪᠠᠨ ᠭᠡᠷ︶ ᠪᠤᠯ ᠨᠠᠮ ᠤᠨ ᠬᠤᠷᠢᠶᠠᠨ ᠤ ᠶᠡᠷᠦᠩᠬᠡᠶᠢᠯᠡᠭᠰᠡᠨ ᠰᠠᠯᠠᠭ᠎ᠠ ᠮᠦᠴᠢᠷ ᠮᠦᠨ᠂ ᠪᠠᠶᠢᠷᠢ ᠰᠠᠭᠤᠷᠢ ᠪᠠ | ᠦᠢᠯᠡᠳᠦᠯ ᠨᠢ ᠲᠤᠶᠢᠯ ᠤᠨ ᠴᠢᠬᠤᠯᠠ ᠪᠠᠶᠢᠳᠠᠭ᠃ ᠤᠶᠢᠷ᠎ᠠ ᠶᠢᠨ ᠵᠢᠯ ᠳᠤ᠂ ᠪᠦᠬᠦ ᠤᠷᠤᠨ ᠤ ᠡᠯ᠎ᠠ ᠱᠠᠳᠤᠨ ᠤ ᠨᠠᠮ | ᠤᠨ ᠬᠤᠷᠢᠶᠠᠨ ᠤ ᠠᠯᠪᠡᠨ ᠲᠢᠩᠬᠢᠮ ︵ᠠᠯᠪᠠᠨ ᠭᠡᠷ︶ ᠤᠨ ᠬᠢᠨ ︽ᠲᠠᠪᠤᠨ ᠪᠠᠷᠢᠮᠳᠠᠯᠠᠯ︾ ᠢ ᠨᠠᠷᠢᠨ ᠬᠢᠨᠠᠮᠠᠭᠠᠢ | ᠦᠢᠯᠡᠳᠦᠯᠭᠡᠵᠢᠬᠦᠯᠵᠦ᠂ ᠭᠤᠤᠯᠳᠠᠯᠭ᠎ᠠ ᠶᠢᠨ ᠲᠤᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠬᠦᠴᠦᠯᠡᠨ ᠲᠠᠪᠰᠢᠵᠦ | ᠦᠨᠡᠨ ᠬᠦ ᠠᠳᠬᠤᠨ ᠪᠤᠳᠠᠳᠠᠢ ᠠᠵᠢᠯᠯᠠᠵᠦ᠂ ᠥᠪᠦᠷ ᠮᠤᠩᠭᠤᠯ ᠤᠨ ᠡᠯ᠎ᠠ ᠵᠦᠢᠯ ᠤᠨ ᠠᠵᠢᠯ ᠦᠢᠯᠡᠰ ᠤᠨ | ᠬᠦᠭᠵᠢᠯᠳᠠ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠬᠦᠯᠵᠡᠢ᠃ ᠰᠢᠨ᠎ᠠ ᠴᠠᠭ ᠦᠶ᠎ᠠ ᠶᠢᠨ ᠠᠶᠠᠨ ᠳᠤ᠂ | ᠪᠦᠬᠦ ᠤᠷᠤᠨ ᠤ ᠡᠯ᠎ᠠ ᠱᠠᠳᠤᠨ ᠤ ᠨᠠᠮ ᠤᠨ ᠬᠤᠷᠢᠶᠠᠨ ᠤ ᠠᠯᠪᠡᠨ ᠲᠢᠩᠬᠢᠮ ︵ᠠᠯᠪᠠᠨ ᠭᠡᠷ︶ ᠤᠨ ᠬᠢᠨ ᠰᠢ ᠶᠢᠨ | ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠶᠡᠷᠦᠩᠭᠡᠢ ᠱᠦᠵᠢ ᠰᠢ ᠶᠢᠨ ᠫᠢᠩ ᠤᠨ ᠨᠠᠮ ᠤᠨ ᠬᠤᠷᠢᠶᠠᠨ ᠤ ᠠᠯᠪᠡᠨ | ᠲᠢᠩᠬᠢᠮ ︵ᠠᠯᠪᠠᠨ ᠭᠡᠷ︶ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ | ᠰᠤᠷᠤᠯᠴᠠᠨ ᠲᠤᠭᠤᠰᠢᠯᠠᠭᠤᠯᠵᠦ᠂ ᠪᠦᠬᠦ ᠤᠯᠤᠰ ᠤᠨ ᠨᠠᠮ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠨᠠᠷ | ᠤᠨ ᠬᠤᠷᠠᠯ ᠤᠨ ᠡᠯ᠎ᠠ ᠵᠦᠢᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠭᠤᠷᠪᠠ ᠳᠤ | ᠦᠢᠯᠡᠴᠢᠯᠡᠬᠦ︾ ᠦᠢᠯᠡᠰ ᠤᠨ ᠰᠢᠨ᠎ᠠ ᠪᠠᠶᠢᠳᠠᠯ ᠢ ᠴᠢᠷᠮᠠᠶᠢᠨ ᠡᠬᠦᠳᠬᠦ ᠭᠡᠷᠡᠭᠲᠡᠢ᠃ ︽ᠲᠦᠷᠪᠡᠨ ᠤᠬᠠᠮᠰᠠᠷ︾ ᠢ | ᠪᠠᠳᠤ ᠪᠤᠢ ᠪᠤᠯᠭᠠᠨ᠂ ︽ᠬᠤᠶᠠᠷ ᠢ ᠡᠷᠡᠰ ᠬᠠᠮᠠᠭᠠᠯᠠᠬᠤ︾ ᠶᠢ ᠡᠷᠡᠰ ᠪᠡᠶᠡᠯᠡᠬᠦᠯᠵᠦ᠂ ᠦᠵᠡᠯ ᠰᠠᠨᠠᠭᠠᠨ ᠤ ᠲᠠᠯ᠎ᠠ᠂ | ᠤᠯᠤᠰ ᠲᠦᠷᠦ ᠶᠢᠨ ᠲᠠᠯ᠎ᠠ᠂ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠬᠳᠠ ᠰᠢ ᠶᠢᠨ ᠫᠢᠩ ᠨᠦᠬᠦᠷ ᠢᠶᠠᠷ ᠭᠤᠤᠯ | ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠳᠡᠭᠡᠳᠦ ᠭᠡᠮᠵᠢᠶ᠎ᠠ ᠪᠠᠷ ᠨᠢᠭᠡᠳᠦᠯᠳᠠᠢ ᠪᠠᠶᠢᠬᠤ ᠭᠡᠷᠡᠭᠲᠡᠢ᠃ ᠲᠤᠰᠢᠶᠠᠯ | ᠬᠠᠷᠢᠭᠤᠴᠠᠯᠭ᠎ᠠ ᠶᠢᠨ ᠪᠠᠶᠢᠷᠢ ᠲᠤᠭᠳᠠᠭᠠᠯᠳᠠ ᠳᠤ ᠠᠩᠬᠠᠷᠤᠯ ᠢᠶᠠᠨ ᠲᠦᠪᠯᠡᠷᠡᠬᠦᠯᠵᠦ᠂ ᠦᠭᠡᠷᠡᠴᠢᠯᠡᠯᠳᠠ ᠬᠢᠵᠦ | ᠰᠢᠨ᠎ᠠ ᠶᠢ ᠡᠬᠦᠳᠬᠦ ᠶᠢ ᠭᠦᠨᠵᠡᠭᠡᠶᠢᠷᠡᠭᠦᠯᠦᠨ᠂ ᠰᠢᠯᠢᠳᠡᠭ ᠰᠤᠷᠳᠠᠯ ᠢ ᠪᠠᠳᠠᠷᠠᠭᠤᠯᠵᠦ᠂ ᠠᠵᠢᠯ ᠤᠨ ᠲᠦᠪᠰᠢᠨ ᠢᠶᠠᠨ | ᠳᠡᠭᠡᠭᠰᠢᠯᠡᠬᠦᠯᠵᠦ᠂ ᠵᠦᠪᠯᠡᠭᠴᠢ ᠦᠭᠴᠦ ᠲᠤᠰᠠᠯᠠᠭᠴᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ᠂ | ᠨᠠᠶᠢᠳᠠᠪᠤᠷᠢᠵᠢᠭᠤᠯᠤᠯᠲᠠ ᠶᠢ ᠠᠳᠬᠤᠬᠤ ᠦᠨᠳᠦᠰᠦᠨ ᠡᠬᠦᠷᠭᠡ ᠴᠢᠳᠠᠪᠬᠢ ᠪᠠᠨ ᠰᠠᠶᠢᠲᠤᠷ ᠬᠦᠢᠴᠡᠳᠭᠡᠵᠦ᠂ ᠨᠠᠮ ᠤᠨ | ᠲᠦᠪ ᠬᠤᠷᠢᠶᠠᠨ ᠤ ᠡᠯ᠎ᠠ ᠵᠤᠶᠢᠢᠯ ᠤᠨ ᠰᠢᠢᠳᠪᠤᠷᠢᠳᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢᠨ ᠪᠤᠳᠠᠳᠠᠢ ᠳᠤ | ᠨᠠᠶᠢᠳᠠᠪᠤᠷᠢᠵᠢᠭᠤᠯᠤᠭᠳᠠᠵᠤ ᠦᠷ᠎ᠠ ᠪᠦᠳᠦᠮᠵᠢ ᠭᠠᠷᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠭᠡᠷᠡᠭᠲᠡᠢ᠃ | ᠺᠠᠳ᠋ᠷ ᠤᠨ ᠬᠡᠪ ᠪᠤᠯᠪᠠᠰᠤᠷᠠᠯ ᠢ ᠳᠡᠭᠡᠭᠰᠢᠯᠡᠬᠦᠯᠵᠦ᠂ ᠡᠷᠳᠡᠮ ᠴᠢᠳᠠᠪᠤᠷᠢ ᠤᠷᠤᠶᠢᠯᠠᠭᠰᠠᠨ ᠡᠩᠨᠡᠭᠡ ᠶᠢ ᠴᠤᠬᠴᠠᠯᠠᠨ | ᠪᠠᠶᠢᠭᠤᠯᠵᠤ᠂ ᠨᠠᠮ ᠳᠤ ᠪᠠᠨ ᠨᠠᠶᠢᠳᠠᠪᠤᠷᠢᠲᠠᠢ᠂ ᠠᠷᠠᠳ ᠲᠦᠮᠡᠨ ᠳᠤ ᠪᠠᠨ ᠲᠠᠭᠠᠰᠢᠶᠠᠯ ᠲᠠᠢ ᠵᠢᠱᠢᠶᠡᠴᠢ | ᠪᠠᠶᠢᠭᠤᠯᠭ᠎ᠠ ᠶᠢ ᠪᠠᠶᠢᠭᠤᠯᠬᠤ ᠭᠡᠷᠡᠭᠲᠡᠢ ᠭᠡᠵᠡᠢ᠃ | ᠬᠤᠷᠠᠯ ᠠᠴᠠ ᠱᠠᠭᠠᠷᠳᠠᠭᠰᠠᠨ ᠨᠢ᠂ ᠡᠯ᠎ᠠ ᠱᠠᠳᠤᠨ ᠤ ᠨᠠᠮ ᠤᠨ ᠬᠤᠷᠢᠶᠠᠨ ᠤ ᠠᠯᠪᠡᠨ ᠲᠢᠩᠬᠢᠮ ︵ᠠᠯᠪᠠᠨ | ᠭᠡᠷ︶ ᠤᠨ ᠬᠢᠨ ᠲᠤᠭ ᠳᠡᠮᠳᠡᠭ ᠳᠤᠳᠤᠷᠬᠠᠢ ᠪᠠᠷ ᠤᠯᠤᠰ ᠲᠦᠷᠦ ᠶᠢ ᠡᠷᠬᠢᠮᠯᠡᠵᠦ᠂ ︽ᠬᠤᠶᠠᠷ ᠢ ᠡᠷᠡᠰ ᠬᠠᠮᠠᠭᠠᠯᠠᠬᠤ | ︾ ᠶᠢ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠡᠯ᠎ᠠ ᠲᠠᠯ᠎ᠠ ᠡᠯ᠎ᠠ ᠭᠤᠭᠴᠤᠭ᠎ᠠ ᠳᠤ ᠦᠨᠡᠨ ᠬᠦ | ᠨᠠᠶᠢᠳᠠᠪᠤᠷᠢᠵᠢᠭᠤᠯᠵᠤ᠂ ᠵᠦᠪ ᠲᠠᠨᠢᠯᠳᠠ ᠪᠠ ᠦᠢᠯᠡ ᠠᠵᠢᠯᠯᠠᠭ᠎ᠠ ᠪᠠᠷ ᠢᠶᠠᠨ ᠶᠡᠷᠦᠩᠭᠡᠢ ᠱᠦᠵᠢ ᠰᠢ ᠶᠢᠨ ᠫᠢᠩ ᠤᠨ | ᠭᠤᠤᠯᠯᠠᠬᠴᠢ ᠶᠢᠨ ᠪᠠᠶᠢᠷᠢ ᠰᠠᠭᠤᠷᠢ ᠶᠢ ᠡᠷᠰ ᠬᠠᠮᠠᠭᠠᠯᠠᠵᠦ᠂ ᠨᠠᠮ ᠤᠨ ᠲᠦᠪ ᠬᠤᠷᠢᠶᠠᠨ ᠤ ᠡᠷᠭᠡ ᠰᠦᠷ ᠪᠠ | ᠲᠦᠪᠯᠡᠷᠡᠩᠬᠦᠢ ᠨᠢᠭᠡᠳᠦᠯᠳᠠᠢ ᠤᠳᠤᠷᠢᠳᠤᠯᠭ᠎ᠠ ᠶᠢ ᠡᠷᠡᠰ ᠬᠠᠮᠠᠭᠠᠯᠠᠵᠦ᠂ ᠶᠡᠷᠦᠩᠭᠡᠢ ᠱᠦᠵᠢ ᠰᠢ ᠶᠢᠨ ᠫᠢᠩ ᠤᠨ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠪᠤᠯᠤᠨ ᠨᠠᠮ ᠤᠨ ᠲᠦᠪ ᠬᠤᠷᠢᠶᠠᠨ ᠤ ᠴᠢᠬᠤᠯᠠ ᠶᠡᠭᠡ | ᠰᠢᠢᠳᠪᠤᠷᠢᠳᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢᠨ ᠲᠤᠭᠤᠰᠢᠯᠠᠭᠤᠯᠤᠯᠳᠠ ᠨᠠᠶᠢᠳᠠᠪᠤᠷᠢᠵᠢᠭᠤᠯᠤᠯᠲᠠ ᠶᠢ ᠪᠦᠬᠦ | ᠬᠦᠴᠦᠨ ᠢᠶᠠᠷ ᠠᠬᠢᠭᠤᠯᠬᠤ ᠭᠡᠷᠡᠭᠲᠡᠢ᠃ ᠰᠤᠷᠳᠠᠯ ᠢᠶᠠᠨ ᠦᠷᠬᠦᠯᠵᠢᠯᠡᠨ ᠬᠤᠪᠢᠷᠠᠭᠤᠯᠵᠦ᠂ ᠭᠡᠯᠪᠡᠷᠢᠴᠢ ᠦᠵᠡᠯ | ᠨᠤᠶᠠᠨᠴᠢ ᠰᠤᠷᠳᠠᠯ ᠤᠨ ᠠᠰᠠᠭᠤᠳᠠᠯ ᠢ ᠰᠢᠢᠳᠪᠤᠷᠢᠯᠡᠬᠦ ᠶᠢ ᠠᠬᠢᠭᠤᠯᠬᠤ ᠭᠡᠷᠡᠭᠲᠡᠢ᠃ ᠤᠯᠤᠰ ᠲᠦᠷᠦ ᠵᠢ᠊ | ᠪᠠᠶᠢᠭᠤᠯᠤᠯᠲᠠ ᠪᠠᠷ ᠬᠦᠳᠦᠯᠦᠮᠵᠢ ᠪᠤᠯᠭᠠᠬᠤ ᠶᠢ ᠪᠠᠷᠢᠮᠳᠠᠯᠠᠨ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ | ᠯᠠᠪᠳᠠᠭᠤᠨ ᠪᠠᠳᠤᠳᠠᠢ ᠠᠬᠢᠭᠤᠯᠵᠦ᠂ ᠰᠢᠨ᠎ᠠ ᠴᠠᠭ ᠦᠶ᠎ᠠ ᠶᠢᠨ ︽ᠭᠤᠷᠪᠠ ᠳᠤ ᠦᠢᠯᠡᠴᠢᠯᠡᠬᠦ︾ ᠠᠵᠢᠯ ᠢ | ᠳᠠᠰᠤᠷᠠᠯᠳᠠ ᠦᠭᠡᠢ ᠰᠢᠨ᠎ᠠ ᠲᠦᠪᠰᠢᠨ ᠳᠤ ᠬᠦᠷᠲᠡᠯ᠎ᠡ ᠳᠡᠭᠡᠭᠰᠢᠯᠡᠬᠦᠯᠬᠦ ᠭᠡᠷᠡᠭᠲᠡᠢ ᠭᠡᠵᠡᠢ᠃ | ᠬᠤᠷᠠᠯ ᠳᠡᠭᠡᠷ᠎ᠠ ᠭᠡᠰᠡᠭ ᠠᠶᠢᠮᠠᠭ ᠬᠤᠳᠠ ᠪᠠ ᠨᠢᠭᠡᠴᠢ ᠶᠢᠨ ᠬᠢᠨ ᠰᠠᠨᠠᠯ ᠢᠶᠠᠨ ᠰᠤᠯᠢᠯᠴᠠᠬᠤ ᠦᠬᠡ ᠬᠡᠯᠡᠪᠡ᠃ |