ᠤᠯᠠᠭᠠᠨᠬᠠᠳᠠ ᠬᠤᠲᠠ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠠᠶᠢᠮᠠᠭ ᠬᠤᠲᠠ ᠶᠢᠨ ᠲᠠᠰ ᠤᠨ ᠮᠣᠩᠭᠤᠯ ᠬᠢᠲᠠᠳ ᠬᠤᠤᠰ ᠬᠡᠯᠡᠨ ᠤ ᠬᠠᠤᠯᠢ ᠴᠠᠭᠠᠵᠠ ᠶᠢᠨ ᠦᠶᠯᠡᠴᠢᠯᠡᠭᠡᠨ ᠤ ᠰᠦᠯᠵᠢᠶ᠎ᠡ ᠶᠢ ᠪᠠᠶᠢᠭᠤᠯᠵᠠᠢ
ᠨᠡᠶᠢᠲᠡᠯᠡᠭᠰᠡᠨ ᠴᠠᠭ᠄
2018/12/21
     12 ᠳ᠋ᠤᠭᠠᠷ ᠰᠠᠷ᠎ᠠ ᠶᠢᠨ 10᠎ ᠤ ᠡᠳᠦᠷ᠂ 12348 ᠤᠯᠠᠭᠠᠨᠬᠠᠳᠠ ᠶᠢᠨ ᠬᠠᠤᠯᠢ ᠶᠢᠨ ᠰᠦᠯᠵᠢᠶ᠎ᠡ ︵ᠤᠯᠠᠭᠠᠨᠬᠠᠳᠠ ᠶᠢᠨ ᠬᠠᠤᠯᠢ ᠴᠠᠭᠠᠵᠠ ᠶᠢᠨ ᠦᠶᠯᠡᠴᠢᠯᠡᠭᠡᠨ ᠤ ᠰᠦᠯᠵᠢᠶ᠎ᠡ︶ ᠵᠢᠩᠬᠢᠨᠢ ᠪᠠᠷ ᠡᠬᠢᠯᠡᠵᠤ ᠠᠵᠢᠯᠯᠠᠪᠠ᠃ ᠲᠠᠪᠴᠠᠩ ᠨᠢ ︽ᠢᠨᠲ᠋ᠧᠷ ᠰᠦᠯᠵᠢᠶ᠎ᠡ +︾ ᠰᠡᠳᠬᠢᠴᠡ‌‍ᠶᠢ ᠲᠠᠲᠠᠨ ᠣᠷᠤᠭᠤᠯᠵᠤ᠂ ︽ᠢᠨᠲ᠋ᠧᠷ ᠰᠦᠯᠵᠢᠶ᠎ᠡ + ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ︾᠎ ᠶᠢ ᠪᠠᠶᠢᠭᠤᠯᠵᠤ᠂ ᠤᠯᠠᠨ ᠲᠦᠮᠡᠨ ᠳᠤ ᠤᠯᠠᠨ ᠠᠷᠭ᠎ᠠ ᠵᠠᠮ᠂ ᠨᠢᠭᠡ ᠴᠣᠭᠴᠠᠵᠢᠭᠰᠠᠨ 12348 ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ ᠥᠭᠴᠡᠢ᠃ ᠣᠶᠢᠯᠠᠭᠠᠭᠰᠠᠨ ᠢᠶᠠᠷ᠂ ᠡᠨᠡ ᠪᠣᠯ ᠪᠦᠬᠦ ᠣᠷᠣᠨ ᠤ ᠠᠩᠬᠠᠳᠠᠭᠴᠢ ᠠᠶᠢᠮᠠᠭ ᠬᠤᠲᠠ ᠶᠢᠨ ᠲᠠᠰ ᠤᠨ ᠮᠣᠩᠭᠤᠯ ᠬᠢᠲᠠᠳ ᠬᠤᠤᠰ ᠬᠡᠯᠡᠨ ᠤ ᠬᠠᠤᠯᠢ ᠴᠠᠭᠠᠵᠠ ᠶᠢᠨ ᠦᠶᠯᠡᠴᠢᠯᠡᠭᠡᠨ ᠤ ᠰᠦᠯᠵᠢᠶ᠎ᠡ ᠪᠣᠯᠤᠨ᠎ᠠ᠃      12348 ᠤᠯᠠᠭᠠᠨᠬᠠᠳᠠ ᠶᠢᠨ ᠬᠠᠤᠯᠢ ᠶᠢᠨ ᠰᠦᠯᠵᠢᠶ᠎ᠡ ᠨᠢ ᠬᠥᠨᠳᠡᠯᠡᠨ ᠢᠶᠠᠷ ︽ᠤᠯᠠᠭᠠᠨᠬᠠᠳᠠ ᠶᠢᠨ ᠠᠯᠠᠭᠠᠨ ᠳᠡᠭᠡᠷᠡᠬᠢ 12348︾ ᠸᠢᠴᠠᠲ ᠦᠢᠯᠡᠴᠢᠯᠡᠭᠡᠨ ᠤ ᠲᠤᠨᠤᠯᠵᠢ᠂ ᠡᠭᠦᠯᠡᠨᠴᠢᠷ ᠰᠦᠯᠵᠢᠶᠡᠨ ᠳᠡᠭᠡᠷᠡᠬᠢ ᠬᠠᠤᠯᠢ ᠴᠠᠭᠠᠵᠠ ᠶᠢᠨ ᠦᠶᠯᠡᠴᠢᠯᠡᠭᠡᠨ ᠤ ᠲᠠᠪᠴᠠᠩ ᠪᠠ ᠬᠤᠲᠠ ᠶᠢᠨ ᠬᠠᠤᠯᠢ ᠴᠠᠭᠠᠵᠠ ᠶᠢᠨ ᠲᠣᠪᠴᠢᠶᠠᠨ ᠤ ᠠᠯᠪᠠᠨ ᠰᠦᠯᠵᠢᠶ᠎ᠡ ᠲᠠᠢ ᠳ᠋ᠠᠶᠢᠲ᠋ᠠ ᠪᠠᠨ ᠬᠠᠮᠲᠤ ᠪᠠᠷ ᠬᠦᠷᠲᠡᠵᠦ᠂ ᠢᠵᠢᠯ ᠠᠯᠬᠤᠮ ᠳᠤ ᠠᠭᠤᠯᠭ᠎ᠠ ᠪᠠᠨ ᠰᠢᠨᠡᠳᠭᠡᠬᠦ ᠪᠣᠯᠭᠠᠵᠤ᠂ ᠭᠤᠯᠳᠤ ᠪᠠᠷ12348 ᠳᠤᠮᠳᠠᠳᠤ ᠤᠯᠤᠰ ᠤᠨ ᠬᠠᠤᠯᠢ ᠶᠢᠨ ᠰᠦᠯᠵᠢᠶ᠎ᠡ ᠶᠢᠨ ᠬᠡᠷᠡᠭ ᠤᠨ ᠵᠢᠱᠢᠶ᠎ᠡ ᠶᠢᠨ ᠬᠥᠮᠥᠷᠭᠡ᠂ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠬᠠᠶᠢᠯᠲᠠ ᠶᠢᠨ ᠰᠢᠰᠲ᠋ᠧᠮ ᠎ ᠯᠦᠭᠡ ᠵᠠᠯᠭᠠᠭᠤᠯᠤᠭᠰᠠᠨ ᠢᠶᠠᠷ᠂ ᠰᠦᠯᠵᠢᠶᠡᠨ ᠳᠡᠭᠡᠷ᠎ᠡ ᠪᠠᠶᠢᠴᠠᠭᠠᠵᠤ ᠯᠠᠪᠯᠠᠬᠤ᠂ ᠠᠵᠢᠯ ᠶᠠᠪᠤᠳᠠᠯ ᠭᠦᠢᠴᠡᠳᠭᠡᠬᠦ᠂ ᠦᠢᠯᠡᠴᠢᠯᠡᠭᠡ ᠶᠢ ᠨᠢᠭᠡ ᠴᠣᠠᠠᠴᠠᠵᠢᠭᠤᠯᠥᠠᠠᠰᠠᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠠᠪᠴᠠᠩ ᠪᠣᠯᠤᠨ᠎ᠠ᠃      ᠲᠠᠪᠴᠠᠩ ᠨᠢ ᠬᠠᠤᠯᠢᠴᠢ ᠵᠠᠯᠠᠬᠤ᠂ ᠬᠠᠤᠯᠢ ᠶᠢᠨ ᠪᠠᠲᠤᠯᠠᠭ᠎ᠠ ᠬᠢᠬᠦ᠂ ᠬᠠᠤᠯᠢ ᠶᠢᠨ ᠲᠤᠰᠠᠯᠠᠮᠵᠢ ᠡᠷᠢᠬᠦ᠂ ᠡᠶᠡᠳᠡᠭᠦᠯᠬᠦ᠂ ᠬᠢᠨᠠᠨ ᠲᠣᠭᠲᠠᠭᠠᠬᠤ᠂ ᠬᠠᠤᠯᠢ ᠶᠢᠨ ᠰᠢᠯᠭᠠᠯᠳᠠ ᠶᠢ ᠪᠠᠶᠢᠴᠠᠭᠠᠬᠤ᠂ ᠠᠯᠤᠰ ᠠᠴᠠ ᠡᠵᠡᠮᠳᠡᠨ ᠦᠵᠡᠬᠦ ᠵᠡᠷᠭᠡ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠬᠡᠰᠡᠭ ᠢ ᠪᠠᠭᠲᠠᠭᠠᠵᠤ᠂ ︽ᠰᠦᠯᠵᠢᠶᠡᠨ ᠳᠡᠭᠡᠷ᠎ᠡ ᠭᠤᠶᠤᠴᠢᠯᠠᠬᠤ︾᠂ ︽ᠰᠦᠯᠵᠢᠶᠡᠨ ᠳᠡᠭᠡᠷ᠎ᠡ ᠭᠦᠢᠴᠡᠳᠭᠡᠬᠦ︾᠂ ︽ᠯᠠᠪᠯᠠᠵᠤ ᠪᠠᠶᠢᠴᠠᠭᠠᠨ ᠠᠰᠠᠭᠤᠬᠤ︾᠂ ︽ᠪᠠᠶᠢᠭᠤᠯᠤᠮᠵᠢ ᠶᠢᠨ ᠭᠠᠵᠠᠷ ᠤᠨ ᠵᠢᠷᠤᠭ︾ ᠵᠡᠷᠭᠡ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠴᠢᠳᠠᠮᠵᠢ ᠶᠢ ᠲᠣᠬᠢᠷᠠᠭᠤᠯᠵᠤ᠂ ᠤᠯᠠᠨ ᠲᠦᠮᠡᠨ ᠳᠤ ᠴᠤᠪᠤᠷᠠᠯ ᠢ ᠪᠠᠶᠢᠴᠠᠭᠠᠨ ᠯᠠᠪᠯᠠᠬᠤ᠂ ᠰᠦᠯᠵᠢᠶᠡᠨ ᠳᠡᠭᠡᠷ᠎ᠡ ᠭᠤᠶᠤᠴᠢᠯᠠᠬᠤ ᠪᠤᠶᠤ ᠪᠣᠯᠵᠤᠨ ᠰᠢᠶᠳᠪᠦᠷᠢᠯᠡᠬᠦ ᠵᠡᠷᠭᠡ ᠦᠢᠯᠡᠴᠢᠯᠡᠭᠡ ᠶᠢ ᠬᠠᠩᠭᠠᠵᠤ᠂ ᠠᠷᠠᠳ ᠤᠯᠠᠨ ᠢ ᠬᠠᠮᠤᠭ ᠤᠨ ᠣᠬᠤᠷ ᠴᠠᠭ ᠎ ᠲᠤ᠂ ᠬᠠᠮᠤᠭ ᠤᠨ ᠣᠶᠢᠷ᠎ᠠ ᠪᠠᠶᠢᠭ᠎ᠠ ᠬᠠᠤᠯᠢᠴᠢ ᠬᠦᠮᠦᠨ ᠢ ᠡᠷᠢᠵᠦ ᠣᠯᠬᠤ ᠪᠣᠯᠭᠠᠵᠠᠢ᠃      12348 ᠤᠯᠠᠭᠠᠨᠬᠠᠳᠠ ᠶᠢᠨ ᠬᠠᠤᠯᠢ ᠶᠢᠨ ᠰᠦᠯᠵᠢᠶ᠎ᠡ ᠶᠢ ᠨᠡᠪᠲᠡᠷᠡᠭᠦᠯᠦᠭᠰᠡᠨ ᠨᠢ᠂ ᠪᠥᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ ᠤᠯᠠᠮ ᠴᠢᠨᠠᠭᠰᠢᠳᠠ ᠳᠥᠯᠭᠢᠨ ᠠᠬᠢᠭᠤᠯᠵᠤ᠂  ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠵᠦ᠂ ᠤᠯᠠᠨ ᠲᠦᠮᠡᠨ ᠤ ᠬᠠᠤᠯᠢ ᠴᠠᠭᠠᠵᠠ ᠶᠢᠨ ᠦᠶᠯᠡᠴᠢᠯᠡᠭᠡᠨ ᠤ ᠬᠡᠷᠡᠭᠴᠡᠭᠡ ᠶᠢ ᠨᠡᠩ ᠰᠠᠶᠢᠨ ᠬᠠᠩᠭᠠᠵᠤ ᠴᠢᠳᠠᠬᠤ ᠪᠣᠯᠤᠨ᠎ᠠ᠃ ᠬᠤᠶᠢᠰᠢᠳᠠ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠨ᠂ ᠭᠤᠣᠯᠳᠠᠯᠭ᠎ᠠ ᠶᠢ ᠴᠢᠩᠭ᠎ᠠ ᠠᠳᠬᠤᠵᠤ᠂ ᠠᠯᠬᠤᠮ ᠠᠯᠬᠤᠮ ᠢᠶᠠᠷ ᠪᠦᠬᠦᠨ ᠢ ᠬᠠᠮᠤᠷᠤᠭᠰᠠᠨ᠂ ᠪᠦᠬᠦᠶᠢᠯᠡ ᠶᠠᠪᠤᠴᠠ ᠶᠢᠨ᠂ ᠪᠦᠬᠦᠯᠢ ᠡᠳᠤᠷ ᠢᠶᠠᠷ ᠰᠦᠯᠵᠢᠶᠡᠨ ᠲᠡᠭᠡᠷ᠎ᠡ ᠦᠢᠯᠡᠴᠢᠯᠡᠭᠡ ᠬᠠᠩᠭᠠᠬᠤ ᠰᠢᠨ᠎ᠡ ᠨᠠᠷᠠᠲᠤ ᠲᠡᠮᠳᠡᠭ ᠢ ᠡᠭᠦᠳᠦᠨ ᠪᠠᠶᠢᠭᠤᠯᠵᠤ᠂ ︽ᠢᠨᠲ᠋ᠧᠷ ᠰᠦᠯᠵᠢᠶ᠎ᠡ + ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ︾᠎ ᠶᠢᠨ ᠤᠯᠠᠭᠠᠨᠬᠠᠳᠠ ᠶᠢᠨ ᠨᠡᠷᠡᠲᠦ ᠲᠡᠮᠳᠡᠭ ᠢ ᠪᠠᠬᠢᠵᠢᠭᠦᠯᠦᠨ ᠬᠥᠭᠵᠢᠭᠦᠯᠬᠦ ᠪᠣᠯᠤᠨ᠎ᠠ  ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号