ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠭᠠᠶᠢᠯᠢ ᠲᠠᠲᠠᠪᠤᠷᠢ ᠶᠢ ᠪᠠᠲᠤᠯᠠᠬᠤ ᠠᠷᠭ᠎ᠠ
ᠨᠡᠶᠢᠲᠡᠯᠡᠭᠰᠡᠨ ᠴᠠᠭ᠄
2018/12/21

     ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ
                                        235 ᠳ᠋ᠤᠭᠠᠷ ᠲᠤᠭᠠᠳᠤ


     ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠭᠠᠶᠢᠯᠢ ᠲᠠᠲᠠᠪᠤᠷᠢ ᠶᠢ ᠪᠠᠲᠤᠯᠠᠬᠤ ᠠᠷᠭ᠎ᠠ︾ ᠶᠢ 2018 ᠣᠨ ᠤ 7 ᠳ᠋ᠤᠭᠠᠷ ᠰᠠᠷ᠎ᠠ ᠶᠢᠨ 31 ᠤ ᠡᠳᠦᠷ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ 9 ᠳ᠋ᠤᠭᠡᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠦᠪᠯᠡᠵᠦ ᠪᠠᠲᠤᠯᠠᠭᠠᠳ᠂ ᠡᠳᠦᠭᠡ ᠨᠡᠶᠢᠲᠡᠯᠡᠪᠡ᠂ 2018 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
                            ᠥᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ   ᠪᠥ᠋ ᠰᠢᠶᠣᠣ ᠯᠢᠨ
                                   2018 ᠣᠨ ᠤ 8 ᠳ᠋ᠤᠭᠠᠷ ᠰᠠᠷ᠎ᠠ ᠶᠢᠨ 31 ᠤ ᠡᠳᠦᠷ


     ᠨᠢᠭᠡᠳᠦᠭᠡᠷ ᠵᠦᠢᠯ ᠭᠠᠶᠢᠯᠢ ᠲᠠᠲᠠᠪᠤᠷᠢᠯᠠᠵᠤ ᠬᠠᠮᠢᠶᠠᠷᠬᠤ ᠠᠵᠢᠯ ᠢ ᠴᠢᠩᠭᠠᠳᠬᠠᠵᠤ᠂ ᠭᠠᠶᠢᠯᠢ ᠶᠢᠨ ᠤᠷᠤᠯᠭ᠎ᠠ ᠶᠢ ᠪᠠᠲᠤᠯᠠᠨ᠂ ᠭᠠᠶᠢᠯᠢ ᠲᠠᠲᠠᠪᠤᠷᠢ ᠶᠢᠨ ᠡᠷᠬᠡ ᠲᠡᠭᠰᠢ ᠤᠷᠴᠢᠨ ᠨᠦᠬᠦᠴᠡᠯ ᠢ ᠬᠠᠮᠠᠭᠠᠯᠠᠵᠤ᠂ ᠭᠠᠶᠢᠯᠢ ᠲᠤᠰᠢᠶᠠᠭᠴᠢᠳ ᠤᠨ ᠬᠠᠤᠯᠢ ᠶᠤᠰᠤᠨ ᠤ ᠡᠷᠬᠡ ᠠᠰᠢᠭ ᠢ ᠪᠠᠲᠤᠯᠠᠬᠤ ᠶᠢᠨ ᠲᠤᠰᠠᠳᠠ᠂ ︽ᠪᠦᠭᠦᠲᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠶᠢᠯᠢ ᠲᠠᠲᠠᠪᠤᠷᠢᠯᠠᠨ ᠬᠤᠷᠢᠶᠠᠬᠤ ᠬᠠᠮᠢᠶᠠᠷᠤᠯᠲᠠ ᠶᠢᠨ ᠬᠠᠤᠯᠢ︾ ᠵᠡᠷᠭᠡ ᠬᠠᠤᠯᠢ ᠴᠠᠭᠠᠵᠠ᠂ ᠬᠠᠤᠯᠢ ᠲᠤᠭᠲᠠᠭᠠᠯ ᠢ ᠦᠨᠳᠦᠰᠦᠯᠡᠨ᠂ ᠦᠪᠡᠷᠲᠡᠭᠡᠨ ᠵᠠᠰᠠᠬᠤ ᠤᠷᠤᠨ ᠤ ᠪᠤᠲᠠᠲᠠᠢ ᠲᠠᠢ ᠤᠶᠠᠯᠳᠤᠭᠤᠯᠤᠨ᠂ ᠲᠤᠰ ᠠᠷᠭ᠎ᠠ ᠶᠢ ᠲᠤᠭᠲᠠᠭᠠᠪᠠ᠃
     ᠬᠤᠶᠠᠳᠤᠭᠠᠷ ᠵᠦᠢᠯ ᠦᠪᠡᠷᠲᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠬᠡᠪᠴᠢᠶᠡᠨ ᠳᠤᠲᠤᠷ᠎ᠠ ᠭᠠᠶᠢᠯᠢ ᠲᠠᠲᠠᠪᠤᠷᠢ ᠶᠢ ᠬᠠᠮᠢᠶᠠᠷᠬᠤ᠂ ᠭᠠᠶᠢᠯᠢ ᠲᠠᠳᠠᠪᠤᠷᠢᠯᠠᠬᠤ ᠳᠤ ᠬᠠᠮᠵᠢᠯᠴᠠᠬᠤ᠂ ᠭᠠᠶᠢᠯᠢ ᠲᠠᠳᠠᠪᠤᠷᠢᠯᠠᠬᠤ ᠳᠤ ᠦᠢᠯᠡᠴᠢᠯᠡᠬᠦ᠂ ᠭᠠᠶᠢᠯᠢ ᠲᠠᠲᠠᠪᠤᠷᠢᠯᠠᠬᠤ ᠳᠤ ᠬᠢᠨᠠᠯᠲᠠ ᠲᠠᠯᠪᠢᠬᠤ ᠵᠡᠷᠭᠡ ᠭᠠᠶᠢᠯᠢ ᠲᠠᠲᠠᠪᠤᠷᠢ ᠶᠢᠨ ᠪᠠᠲᠤᠯᠠᠬᠤ ᠠᠵᠢᠯᠯᠠᠭ᠎ᠠ ᠶᠢ ᠦᠷᠨᠢᠭᠦᠯᠬᠦ ᠳᠤ ᠲᠤᠰ ᠠᠷᠭ᠎ᠠ ᠲᠤᠬᠢᠷᠠᠨ᠎ᠠ᠃
     ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠨᠢ ᠭᠠᠶᠢᠯᠢ ᠲᠠᠲᠠᠪᠤᠷᠢ ᠶᠢ ᠪᠠᠲᠤᠯᠠᠬᠤ ᠠᠵᠢᠯ ᠳᠤ ᠤᠳᠤᠷᠢᠳᠤᠯᠭ᠎ᠠ ᠪᠠᠨ ᠴᠢᠩᠭᠠᠳᠬᠠᠵᠤ᠂ ᠭᠠᠶᠢᠯᠢ ᠲᠠᠲᠠᠪᠤᠷᠢ ᠶᠢᠨ ᠪᠠᠲᠤᠯᠠᠨ ᠵᠤᠬᠢᠴᠠᠭᠤᠯᠬᠤ ᠲᠤᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃
     ᠭᠠᠶᠢᠯᠢ ᠲᠠᠲᠠᠪᠤᠷᠢ ᠶᠢ ᠪᠠᠲᠤᠯᠠᠬᠤ ᠠᠵᠢᠯ ᠳᠤ ᠬᠡᠷᠡᠭᠰᠡᠭᠦ ᠵᠠᠷᠤᠳᠠᠯ ᠢ ᠡᠳ᠋ ᠤᠨ ᠵᠠᠰᠠᠭ ᠤᠨ ᠲᠦᠰᠦᠪ ᠲᠤ ᠤᠷᠤᠭᠤᠯᠬᠤ ᠬᠡᠷᠡᠭᠲᠡᠢ᠃
     ᠳᠦᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠭᠠᠶᠢᠯᠢ ᠲᠠᠲᠠᠪᠤᠷᠢ ᠶᠢ ᠪᠠᠲᠤᠯᠠᠬᠤ ᠶᠢᠨ ᠶᠡᠷᠦᠩᠬᠡᠶᠢᠯᠡᠨ ᠵᠤᠬᠢᠴᠠᠭᠤᠯᠬᠤ ᠠᠵᠢᠯ ᠢ ᠬᠠᠷᠢᠭᠤᠴᠠᠨ᠎ᠠ᠃ ᠡᠯ᠎ᠡ ᠱᠠᠲᠤᠨ ᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠭᠠᠶᠢᠯᠢ ᠲᠠᠲᠠᠪᠤᠷᠢ ᠶᠢᠨ ᠪᠠᠲᠤᠯᠠᠬᠤ ᠪᠤᠲᠠᠲᠠᠢ ᠠᠵᠢᠯ ᠤᠳ ᠢ ᠬᠠᠷᠢᠭᠤᠴᠠᠨ᠎ᠠ᠃
     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠦᠴᠢᠷ ᠪᠤᠯᠤᠨ ᠨᠢᠭᠡᠴᠢ ᠨᠢ ᠬᠠᠤᠯᠢ ᠴᠠᠭᠠᠵᠠ᠂ ᠬᠠᠤᠯᠢ ᠲᠤᠭᠲᠠᠭᠠᠯ ᠪᠠ ᠲᠤᠰ ᠠᠷᠭ᠎ᠠ ᠶᠢᠨ ᠲᠤᠭᠲᠠᠭᠠᠯ ᠶᠤᠰᠤᠭᠠᠷ᠂ ᠭᠠᠶᠢᠯᠢ ᠲᠠᠲᠠᠪᠤᠷᠢ ᠶᠢᠨ ᠪᠠᠲᠤᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃
     ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠤᠰ ᠬᠠᠷᠢᠶᠠᠲᠦ ᠤᠷᠤᠨ ᠳᠠᠬᠢ ᠭᠠᠶᠢᠯᠢ ᠲᠠᠲᠠᠪᠤᠷᠢ ᠶᠢᠨ ᠪᠠᠲᠤᠯᠠᠬᠤ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠢ᠃
     ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠵᠢᠴᠢ ᠲᠡᠳᠡᠭᠡᠷ ᠤᠨ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠤᠭᠴᠠ ᠶᠢ ᠬᠦᠲᠦᠯᠦᠨ ᠵᠢᠯᠤᠭᠤᠳᠬᠤ ᠪᠠ ᠵᠤᠷᠢᠬᠵᠢᠭᠤᠯᠵᠤ ᠪᠠᠶᠢᠭᠠᠳ ᠦᠪᠡᠷᠲᠡᠭᠡᠨ ᠵᠠᠰᠠᠬᠤ ᠤᠷᠤᠨ ᠳᠤ ᠬᠠᠤᠯᠢ ᠶᠢᠨ ᠡᠷᠬᠡᠲᠡᠲᠦ ᠠᠵᠤ ᠠᠬᠤᠶᠢᠯᠠᠯ ᠢ ᠪᠠᠶᠢᠭᠤᠯᠤᠭᠤᠯᠵᠤ᠂ ᠲᠥᠪ ᠤᠨ ᠠᠵᠤ ᠠᠬᠤᠶᠢᠯᠠᠯ ᠪᠤᠯᠤᠨ ᠪᠤᠰᠤᠳ ᠮᠤᠵᠢ ︵ᠤᠷᠤᠨ᠂ ᠬᠤᠲᠠ︶ ᠶᠢᠨ ᠠᠵᠤ ᠠᠬᠤᠶᠢᠯᠠᠯ ᠤᠨ ᠬᠢᠨ ᠤ ᠦᠪᠦᠷ ᠮᠤᠩᠭᠤᠯ ᠳᠤ ᠬᠢ ᠰᠠᠯᠪᠤᠷᠢ ᠪᠠᠶᠢᠭᠤᠯᠤᠮᠵᠢ ᠪᠠᠨ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠪᠤᠯᠭᠠᠨ ᠬᠤᠪᠢᠷᠠᠭᠤᠯᠬᠤ ᠶᠢ ᠵᠤᠷᠢᠬᠵᠢᠭᠤᠯᠤᠨ᠂ ᠭᠠᠶᠢᠯᠢ ᠲᠠᠲᠠᠪᠤᠷᠢ ᠶᠢᠨ ᠬᠠᠷᠢᠶᠠᠲᠤ ᠣᠷᠤᠨᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃
     ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠵᠢᠴᠢ ᠲᠡᠳᠡᠭᠡᠷ ᠤᠨ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠲᠤᠭᠲᠠᠭᠠᠬᠤ ᠲᠥᠷᠥ ᠶᠢᠨ ᠪᠣᠳᠣᠯᠭ᠎ᠠ ᠨᠢ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠲᠠᠢ ᠬᠤᠯᠪᠤᠭᠳᠠᠭᠰᠠᠨ ᠪᠠᠶᠢᠪᠠᠯ᠂ ᠡᠷᠬᠡᠪᠰᠢ ᠲᠤᠰ ᠱᠠᠲᠤᠨ ᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠰᠠᠨᠠᠯ ᠢ ᠬᠤᠷᠢᠶᠠᠬᠤ ᠬᠡᠷᠡᠭᠲᠡᠢ᠃
     ᠳᠤᠯᠤᠳᠤᠭᠠᠷ ᠵᠦᠢᠯ ᠠᠵᠤ ᠠᠬᠤᠶᠢᠯᠠᠯ ᠤᠨ ᠠᠰᠢᠭ ᠤᠷᠤᠯᠭ᠎ᠠ ᠶᠢᠨ ᠭᠠᠶᠢᠯᠢ ᠶᠢᠨ ᠤᠷᠤᠨ ᠨᠤᠲᠤᠭ ᠲᠤ ᠬᠤᠪᠢᠳᠠᠨ ᠬᠥᠷᠲᠡᠬᠦ ᠬᠡᠰᠡᠭ ᠤᠨ ᠬᠠᠰᠤᠵᠤ ᠬᠡᠯᠲᠦᠷᠢᠭᠦᠯᠬᠦ ᠶᠢ ᠨᠢ ᠬᠠᠤᠯᠢ ᠶᠣᠰᠤᠭᠠᠷ᠂ ᠰᠢᠨᠵᠢᠯᠡᠬᠦ ᠤᠬᠠᠭᠠᠨᠴᠢ᠂ ᠵᠦᠢ ᠵᠤᠬᠢᠰᠲᠠᠢ ᠪᠠᠶᠢᠯᠭᠠᠵᠤ᠂ ᠬᠠᠰᠤᠵᠤ ᠬᠡᠯᠲᠦᠷᠢᠭᠦᠯᠬᠦ ᠬᠡᠪᠴᠢᠶ᠎ᠡ ᠪᠤᠯᠤᠨ ᠪᠡᠶᠡᠯᠡᠭᠦᠯᠬᠦ ᠪᠠᠷ ᠵᠢᠱᠢᠭᠰᠡᠨ ᠦᠷ᠎ᠡ ᠳ᠋ᠦᠩ ᠢ ᠡᠷᠬᠡᠪᠰᠢ ᠲᠦᠰᠦᠭᠡᠯᠡᠨ ᠪᠤᠳᠤᠬᠤ ᠪᠠ ᠦᠨᠡᠯᠡᠨ ᠵᠢᠱᠢᠵᠦ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠬᠦ ᠳᠤ ᠳᠤᠷ᠎ᠠ ᠵᠣᠷᠢᠭ ᠤᠨ ᠪᠠ ᠰᠤᠬᠤᠷ ᠪᠠᠯᠠᠢ ᠪᠠᠶᠢᠬᠤ ᠠᠴᠠ ᠵᠠᠶᠢᠯᠠᠭᠤᠯᠬᠤ ᠬᠡᠷᠡᠭᠲᠡᠢ᠃
     ᠨᠠᠢᠮᠠᠳᠤᠭᠠᠷ ᠵᠦᠢᠯ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠭᠠᠶᠢᠯᠢ ᠲᠠᠲᠠᠪᠤᠷᠢ ᠶᠢᠨ ᠢᠲᠡᠬᠡᠮᠵᠢᠲᠦ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠠᠶᠢᠯᠢ ᠲᠤᠰᠢᠶᠠᠭᠴᠢᠳ ᠤᠨ ᠢᠲᠡᠭᠡᠮᠵᠢ ᠳᠤ ᠦᠨᠡᠯᠡᠯᠲᠡ ᠬᠢᠬᠦ ᠠᠵᠢᠯ ᠢ ᠬᠠᠤᠯᠢ ᠶᠤᠰᠤᠭᠠᠷ᠂ ᠲᠥᠪ ᠭᠤᠣᠯᠴᠢ᠂ ᠢᠯᠡ ᠪᠠᠷ ᠦᠷᠨᠢᠭᠦᠯᠵᠦ᠂ ᠦᠨᠡᠯᠡᠭᠰᠡᠨ ᠦᠷ᠎ᠡ ᠳ᠋ᠦᠩ ᠢᠶᠠᠨ ᠲᠤᠭᠲᠠᠭᠠᠯ ᠶᠤᠰᠤᠭᠠᠷ ᠴᠠᠭ ᠲᠤᠬᠠᠢ ᠳᠤ ᠨᠢ ᠢᠯᠡ ᠨᠡᠶᠢᠲᠡᠯᠡᠬᠦ ᠬᠡᠷᠡᠭᠲᠡᠢ᠃
     ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠭᠠᠶᠢᠯᠢ ᠲᠠᠲᠠᠪᠤᠷᠢ ᠪᠠᠨ ᠦᠨᠡᠨᠴᠢ ᠢᠲᠡᠬᠡᠮᠵᠢ ᠲᠠᠢ ᠪᠠᠷ ᠲᠤᠰᠢᠶᠠᠵᠤ ᠪᠠᠶᠢᠭ᠎ᠠ ᠭᠠᠶᠢᠯᠢ ᠲᠤᠰᠢᠶᠠᠭᠴᠢᠳ ᠲᠤ ᠮᠠᠲ᠋ᠧᠷᠢᠶᠠᠯ ᠮᠡᠳᠡᠭᠦᠯᠦᠨ ᠬᠦᠷᠭᠡᠬᠦ᠂ ᠪᠠᠷᠢᠮᠲᠠ ᠠᠪᠴᠤ ᠬᠡᠷᠡᠭᠯᠡᠬᠦ᠂ ᠭᠠᠳᠠᠭᠠᠳᠤ ᠭᠠᠷᠭᠠᠯᠲᠠ ᠳᠤ ᠭᠠᠶᠢᠯᠢ ᠶᠢ ᠨᠢ ᠪᠤᠴᠠᠭᠠᠬᠤ ᠵᠡᠷᠭᠡ ᠲᠠᠯ᠎ᠠ ᠪᠠᠷ ᠬᠠᠤᠯᠢ ᠶᠤᠰᠤᠭᠠᠷ ᠳᠦᠭᠦᠮ ᠦᠵᠡᠭᠦᠯᠵᠦ᠂ ᠭᠠᠶᠢᠯᠢ ᠶᠢᠨ ᠮᠦᠩᠭᠦ ᠦᠷᠢᠲᠦᠵᠦ ᠪᠠᠶᠢᠭ᠎ᠠ ᠭᠠᠶᠢᠯᠢ ᠲᠤᠰᠢᠶᠠᠭᠴᠢᠳ ᠤᠨ ᠨᠡᠷᠡᠰ ᠢ ᠲᠤᠭᠲᠠᠮᠠᠯ ᠬᠤᠭᠤᠴᠠᠭ᠎ᠠ ᠲᠠᠢ ᠪᠠᠷ ᠵᠠᠷᠯᠠᠨ ᠨᠡᠶᠢᠲᠡᠯᠡᠬᠦ ᠬᠡᠷᠡᠭᠲᠡᠢ᠃
     ᠶᠢᠰᠦᠳᠦᠭᠡᠷ ᠵᠦᠢᠯ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠪᠦᠬᠦ ᠤᠷᠤᠨ ᠤ ᠭᠠᠶᠢᠯᠢ ᠶᠢ ᠶᠡᠷᠦᠩᠬᠡᠶᠢᠯᠡᠨ ᠵᠠᠰᠬᠠᠤ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠦᠴᠢᠷ᠂ ᠨᠢᠭᠡᠴᠢ ᠶᠢ ᠵᠤᠬᠢᠶᠠᠨ ᠪᠠᠶᠢᠭᠤᠯᠵᠤ ᠪᠠᠶᠢᠭᠠᠳ ᠭᠠᠶᠢᠯᠢ ᠲᠠᠲᠠᠪᠤᠷᠢ ᠳᠤ ᠬᠤᠯᠪᠤᠭᠳᠠᠭᠰᠠᠨ ᠮᠡᠳᠡᠭᠡ ᠵᠠᠩᠬᠢ ᠶᠢ ᠰᠤᠯᠢᠯᠴᠠᠬᠤ ᠪᠠ ᠬᠠᠮᠲᠤ ᠳᠤ ᠪᠠᠨ ᠬᠦᠷᠲᠡᠬᠦ ᠶᠢ ᠪᠡᠶᠡᠯᠡᠭᠦᠯᠬᠦ ᠬᠡᠷᠡᠭᠲᠡᠢ᠃
     ᠠᠷᠪᠠᠳᠤᠭᠠᠷ ᠵᠦᠢᠯ ᠭᠠᠶᠢᠯᠢ ᠲᠠᠢ ᠬᠤᠯᠪᠤᠭᠳᠠᠭᠰᠠᠨ ᠮᠡᠳᠡᠭᠡ ᠵᠠᠩᠬᠢ ᠳᠤ ᠭᠠᠷᠴᠠᠭᠯᠠᠭᠰᠠᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃
     ᠭᠠᠶᠢᠯᠢ ᠳᠤ ᠬᠤᠯᠪᠤᠭᠳᠠᠭᠰᠠᠨ ᠮᠡᠳᠡᠭᠡ ᠵᠠᠩᠬᠢ ᠶᠢᠨ ᠭᠠᠷᠴᠠᠭ ᠢ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠲᠠᠢ ᠬᠠᠮᠲᠤᠷᠠᠨ ᠲᠤᠭᠲᠠᠭᠠᠵᠤ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠭᠦᠯᠦᠭᠰᠡᠨ ᠤ ᠳᠠᠷᠠᠭ᠎ᠠ ᠢᠯᠡ ᠨᠡᠶᠢᠲᠡᠯᠡᠨ ᠬᠡᠷᠡᠭᠵᠢᠭᠦᠯᠬᠦ ᠶᠢᠨ ᠬᠠᠮᠲᠤ᠂ ᠠᠵᠤ ᠠᠬᠤᠢ ᠪᠠ ᠨᠡᠶᠢᠭᠡᠮ ᠤᠨ ᠬᠦᠭᠵᠢᠯᠲᠡ ᠶᠢᠨ ᠪᠠᠶᠢᠳᠠᠯ ᠢ ᠦᠨᠳᠦᠰᠦᠯᠡᠨ ᠴᠠᠭ ᠲᠤ ᠨᠢ ᠵᠣᠬᠢᠴᠠᠭᠤᠯᠤᠨ ᠲᠤᠬᠢᠷᠠᠭᠤᠯᠤᠯᠲᠠ ᠬᠢᠬᠦ ᠬᠡᠷᠡᠭᠲᠡᠢ᠃
     ᠠᠷᠪᠠᠨ ᠨᠢᠭᠡᠳᠦᠭᠡᠷ ᠵᠦᠢᠯ ᠬᠤᠯᠪᠣᠭᠳᠠᠯ ᠪᠦᠬᠦᠢ ᠰᠠᠯᠠᠭ᠎ᠠ ᠮᠦᠴᠢᠷ ᠪᠤᠯᠤᠨ ᠨᠢᠭᠡᠴᠢ ᠨᠢ ᠭᠠᠶᠢᠯᠢ ᠳᠤ ᠬᠤᠯᠪᠤᠭᠳᠠᠭᠰᠠᠨ ᠮᠡᠳᠡᠭᠡ ᠵᠠᠩᠬᠢ ᠶᠢᠨ ᠭᠠᠷᠴᠠᠭ ᠢ ᠦᠨᠳᠦᠰᠦᠯᠡᠨ᠂ ᠡᠳ᠋ ᠤᠨ ᠵᠠᠰᠠᠭ ᠤᠨ ᠰᠠᠯᠠᠭ᠎ᠠ ᠮᠦᠴᠢᠷ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠲᠠᠢ ᠪᠣᠯᠵᠤᠨ ᠲᠣᠭᠲᠠᠭᠠᠭᠰᠠᠨ ᠠᠷᠭ᠎ᠠ ᠬᠡᠯᠪᠡᠷᠢ ᠪᠠ ᠴᠠᠭ ᠤᠨ ᠶᠤᠰᠤᠭᠠᠷ᠂ ᠲᠤᠰ ᠰᠠᠯᠠᠭ᠎ᠠ ᠮᠦᠴᠢᠷ ᠪᠤᠶᠤ ᠲᠤᠰ ᠨᠢᠭᠡᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤ ᠡᠵᠡᠮᠰᠢᠭᠰᠡᠨ ᠭᠠᠶᠢᠯᠢ ᠳᠤ ᠬᠤᠯᠪᠤᠭᠳᠠᠭᠰᠠᠨ ᠮᠡᠳᠡᠭᠡ ᠵᠠᠩᠬᠢ ᠪᠠᠨ ᠭᠠᠶᠢᠯᠢ ᠶᠢ ᠶᠡᠷᠦᠩᠬᠡᠶᠢᠯᠡᠨ ᠵᠠᠰᠠᠬᠤ ᠮᠡᠳᠡᠭᠡ ᠵᠠᠩᠭᠢ ᠶᠢᠨ ᠲᠠᠪᠴᠠᠩ ᠳᠤ ᠤᠨᠤᠪᠴᠢᠲᠠᠢ ᠪᠦᠭᠡᠳ ᠪᠦᠷᠢᠨ ᠪᠦᠲᠦᠨ ᠢᠶᠠᠷ ᠮᠡᠳᠡᠭᠦᠯᠦᠨ ᠬᠦᠷᠭᠡᠬᠦ ᠬᠡᠷᠡᠭᠲᠡᠢ᠃
     ᠠᠷᠪᠠᠨ ᠬᠤᠶᠠᠳᠤᠭᠠᠷ ᠵᠦᠢᠯ ᠬᠤᠯᠪᠣᠭᠳᠠᠯ ᠪᠦᠬᠦᠢ ᠰᠠᠯᠠᠭ᠎ᠠ ᠮᠦᠴᠢᠷ ᠪᠤᠯᠤᠨ ᠨᠢᠭᠡᠴᠢ ᠨᠢ ᠬᠤᠷᠢᠶᠠᠵᠤ ᠴᠤᠭᠯᠠᠭᠤᠯᠤᠭᠰᠠᠨ᠂ ᠰᠤᠯᠢᠯᠴᠠᠭᠰᠠᠨ᠂ ᠬᠡᠷᠡᠭᠯᠡᠭᠰᠡᠨ ᠪᠠ ᠬᠠᠳᠠᠭᠠᠯᠠᠨ ᠬᠠᠮᠢᠶᠠᠷᠴᠤ ᠪᠠᠶᠢᠭ᠎ᠠ ᠭᠠᠶᠢᠯᠢ ᠲᠤᠰᠢᠶᠠᠭᠴᠢᠳ ᠤᠨ ᠭᠠᠶᠢᠯᠢ ᠳᠤ ᠬᠤᠯᠪᠤᠭᠳᠠᠭᠰᠠᠨ ᠮᠡᠳᠡᠭᠡ ᠵᠠᠩᠬᠢ ᠶᠢ ᠬᠠᠤᠯᠢ ᠳᠤ ᠲᠤᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠠᠴᠠ ᠪᠣᠰᠣᠳ ᠬᠡᠷᠡᠭᠴᠡᠭᠡ ᠪᠠᠷ ᠬᠡᠷᠡᠭᠯᠡᠵᠦ ᠪᠣᠯᠬᠤ ᠦᠭᠡᠢ᠃ ᠭᠠᠶᠢᠯᠢ ᠳᠤ ᠬᠤᠯᠪᠤᠭᠳᠠᠭᠰᠠᠨ ᠮᠡᠳᠡᠭᠡ ᠵᠠᠩᠬᠢ ᠨᠢ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ ᠬᠦᠮᠦᠨ ᠤ ᠨᠢᠭᠤᠴᠠ ᠲᠠᠢ ᠬᠤᠯᠪᠤᠭᠳᠠᠭᠰᠠᠨ ᠪᠠᠶᠢᠪᠠᠯ᠂ ᠡᠷᠬᠡᠪᠰᠢ ᠨᠢᠭᠤᠴᠠ ᠶᠢ ᠨᠢ ᠬᠠᠮᠠᠭᠠᠯᠠᠵᠤ ᠥᠭᠬᠦ ᠬᠡᠷᠡᠭᠲᠡᠢ᠃
     ᠠᠷᠪᠠᠨ ᠭᠤᠷᠪᠠᠳᠤᠭᠠᠷ ᠵᠦᠢᠯ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠭᠠᠶᠢᠯᠢ ᠲᠠᠲᠠᠪᠤᠷᠢᠯᠠᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠠᠴᠠ ᠪᠣᠯᠵᠤ᠂ ᠬᠤᠯᠪᠣᠭᠳᠠᠯ ᠪᠦᠬᠦᠢ ᠨᠢᠭᠡᠴᠢ ᠪᠠ ᠬᠤᠪᠢ ᠬᠦᠮᠦᠨ ᠢᠶᠠᠷ ᠬᠠᠮᠵᠢᠯᠴᠠᠭᠤᠯᠬᠤ ᠴᠢᠬᠤᠯᠠᠲᠠᠢ ᠪᠠᠶᠢᠪᠠᠯ᠂ ᠬᠤᠯᠪᠣᠭᠳᠠᠯ ᠪᠦᠬᠦᠢ ᠨᠢᠭᠡᠴᠢ ᠪᠠ ᠬᠤᠪᠢ ᠬᠦᠮᠦᠨ ᠡᠷᠬᠡᠪᠰᠢ ᠬᠠᠤᠯᠢ ᠶᠤᠰᠤᠭᠠᠷ ᠬᠠᠮᠵᠢᠯᠴᠠᠬᠤ ᠬᠡᠷᠡᠭᠲᠡᠢ᠃
     ᠠᠷᠪᠠᠨ ᠳᠦᠷᠪᠡᠳᠦᠭᠡᠷ ᠵᠦᠢᠯ ᠦᠯᠦ ᠬᠦᠳᠡᠯᠬᠦ ᠬᠦᠷᠦᠩᠭᠡ ᠶᠢ ᠳᠠᠩᠰᠠᠯᠠᠨ ᠲᠡᠮᠲᠡᠭᠯᠡᠬᠦ ᠪᠠᠶᠢᠭᠤᠯᠤᠮᠵᠢ ᠨᠢ ᠭᠠᠵᠠᠷ ᠰᠢᠷᠤᠢ᠂ ᠭᠡᠷ ᠪᠠᠶᠢᠰᠢᠩ ᠵᠡᠷᠭᠡ ᠦᠯᠦ ᠬᠦᠳᠡᠯᠬᠦ ᠬᠦᠷᠦᠩᠭᠡ ᠪᠠᠶᠢᠭᠤᠯᠬᠤ᠂ ᠬᠤᠪᠢᠷᠠᠭᠤᠯᠬᠤ᠂ ᠰᠢᠯᠵᠢᠭᠦᠯᠦᠨ ᠥᠭᠬᠦ ᠶᠢᠨ ᠳᠠᠩᠰᠠᠯᠠᠯ ᠲᠡᠮᠲᠡᠭᠯᠡᠯ ᠢ ᠭᠦᠢᠴᠡᠳᠭᠡᠬᠦ ᠳᠤ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠬᠠᠤᠯᠢ ᠴᠠᠭᠠᠵᠠ᠂ ᠬᠠᠤᠯᠢ ᠲᠤᠭᠲᠠᠭᠠᠯ ᠢ ᠦᠨᠳᠦᠰᠦᠯᠡᠨ ᠣᠯᠭᠤᠭᠰᠠᠨ ᠭᠠᠶᠢᠯᠢ ᠲᠤᠰᠢᠶᠠᠵᠤ ᠳᠠᠭᠤᠰᠤᠭᠰᠠᠨ ᠭᠡᠷᠡᠴᠢ ᠪᠠᠷᠢᠮᠲᠠ ᠪᠤᠶᠤ ᠭᠠᠶᠢᠯᠢ ᠲᠠᠲᠠᠪᠤᠷᠢ ᠶᠢᠨ ᠭᠡᠷᠡᠴᠢ ᠶᠢ ᠬᠠᠩᠭᠠᠨ ᠥᠭᠴᠦ ᠴᠢᠳᠠᠬᠤ ᠦᠭᠡᠢ ᠪᠣᠯ ᠦᠯᠦ ᠬᠦᠳᠡᠯᠬᠦ ᠬᠦᠷᠦᠩᠭᠡ ᠶᠢᠨ ᠳᠠᠩᠰᠠᠯᠠᠨ ᠲᠡᠮᠲᠡᠭᠯᠡᠬᠦ ᠭᠠᠷᠳᠠᠮ ᠢ ᠭᠦᠢᠴᠡᠳᠭᠡᠨ ᠥᠭᠴᠦ ᠪᠣᠯᠬᠤ ᠦᠭᠡᠢ᠃
     ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠦᠯᠦ ᠬᠦᠳᠡᠯᠬᠦ ᠬᠦᠷᠦᠩᠭᠡ ᠶᠢ ᠬᠠᠤᠯᠢ ᠶᠤᠰᠤᠭᠠᠷ ᠪᠠᠶᠢᠴᠠᠭᠠᠨ ᠪᠢᠲᠡᠭᠦᠮᠵᠢᠯᠡᠬᠦ ᠳᠤ ᠪᠠᠨ ᠦᠯᠦ ᠬᠦᠳᠡᠯᠬᠦ ᠬᠦᠷᠦᠩᠭᠡ ᠶᠢᠨ ᠳᠠᠩᠰᠠᠯᠠᠨ ᠲᠡᠮᠲᠡᠭᠯᠡᠬᠦ ᠪᠠᠶᠢᠭᠤᠯᠤᠮᠵᠢ ᠪᠠᠷ ᠬᠠᠮᠵᠢᠭᠤᠯᠵᠤ ᠭᠦᠢᠴᠡᠳᠭᠡᠯᠭᠡᠬᠦ ᠴᠢᠬᠤᠯᠠᠲᠠᠢ ᠪᠠᠶᠢᠪᠠᠯ᠂ ᠦᠯᠦ ᠬᠦᠳᠡᠯᠬᠦ ᠬᠦᠷᠦᠩᠭᠡ ᠳᠠᠩᠰᠠᠯᠠᠨ ᠲᠡᠮᠲᠡᠭᠯᠡᠬᠦ ᠪᠠᠶᠢᠭᠤᠯᠤᠮᠵᠢ ᠨᠢ ᠬᠠᠮᠵᠢᠵᠤ ᠭᠦᠢᠴᠡᠳᠭᠡᠬᠦ ᠵᠦᠢᠯᠡᠰ ᠢ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠬᠦᠴᠦᠨ ᠲᠠᠢ ᠬᠠᠤᠯᠢ ᠴᠠᠭᠠᠵᠠ ᠶᠢᠨ ᠪᠢᠴᠢᠭ ᠬᠠᠷ᠎ᠠ ᠪᠤᠯᠤᠨ ᠬᠠᠮᠵᠢᠭᠤᠯᠵᠤ ᠭᠦᠢᠴᠡᠳᠭᠡᠯᠭᠡᠬᠦ ᠮᠡᠳᠡᠭᠳᠡᠯ ᠤᠨ ᠶᠤᠰᠤᠭᠠᠷ ᠭᠦᠢᠴᠡᠳᠭᠡᠬᠦ ᠬᠡᠷᠡᠭᠲᠡᠢ᠃
     ᠠᠷᠪᠠᠨ ᠲᠠᠪᠤᠳᠤᠭᠠᠷ ᠵᠦᠢᠯ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠦᠢᠯᠡᠳᠪᠤᠷᠢᠯᠠᠯ᠂ ᠡᠵᠡᠩᠨᠡᠯᠲᠡ ᠬᠢᠵᠦ ᠪᠠᠶᠢᠭ᠎ᠠ ᠭᠠᠶᠢᠯᠢ ᠲᠤᠰᠢᠶᠠᠭᠴᠢ᠂ ᠰᠠᠭᠤᠯᠭᠠᠨ ᠲᠤᠰᠢᠶᠠᠬᠤ ᠡᠭᠦᠷᠭᠡᠲᠦ ᠬᠦᠮᠦᠨ ᠤ ᠬᠠᠳᠠᠭᠠᠯᠠᠮᠵᠢ ᠶᠢᠨ ᠳᠠᠩᠰᠠᠨ ᠡᠷᠦᠬᠡ ᠪᠤᠯᠤᠨ ᠭᠠᠶᠢᠯᠢ ᠲᠠᠲᠠᠪᠤᠷᠢ ᠶᠢᠨ ᠬᠠᠤᠯᠢ ᠠᠴᠠ ᠵᠦᠷᠢᠴᠡᠭᠰᠡᠨ ᠬᠡᠷᠡᠭ ᠤᠨ ᠰᠡᠵᠢᠭᠲᠡᠨ ᠤ ᠬᠠᠳᠠᠭᠠᠯᠠᠮᠵᠢ ᠶᠢᠨ ᠮᠦᠩᠭᠦ ᠵᠡᠷᠭᠡ ᠬᠠᠮᠢᠶ᠎ᠠ ᠪᠦᠬᠦᠢ ᠮᠡᠳᠡᠭᠡ ᠵᠠᠩᠬᠢ ᠶᠢ ᠨᠢ ᠬᠠᠤᠯᠢ ᠶᠤᠰᠤᠭᠠᠷ ᠠᠰᠠᠭᠤᠵᠤ ᠯᠠᠪᠯᠠᠬᠤ᠂ ᠭᠠᠶᠢᠯᠢ ᠲᠠᠲᠠᠪᠤᠷᠢ ᠶᠢᠨ ᠪᠠᠲᠤᠯᠠᠬᠤ ᠪᠠ ᠠᠯᠪᠠᠳᠠᠨ ᠭᠦᠢᠴᠡᠳᠭᠡᠯᠭᠡᠬᠦ ᠳᠤ ᠮᠦᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠬᠠᠮᠵᠢᠯᠴᠠᠬᠤ ᠬᠡᠷᠡᠭᠲᠡᠢ᠃
     ᠠᠷᠪᠠᠨ ᠵᠢᠷᠭᠤᠳᠤᠭᠠᠷ ᠵᠦᠢᠯ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠭᠠᠶᠢᠯᠢ ᠳᠤ ᠬᠤᠯᠪᠣᠭᠳᠠᠬᠤ ᠮᠡᠳᠡᠭᠡ ᠵᠠᠩᠬᠢ ᠲᠠᠢ ᠣᠯᠠᠨ ᠨᠡᠶᠢᠲᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠠᠴᠠ ᠭᠤᠷᠪᠠᠳᠡᠬᠢ ᠡᠲᠡᠭᠡᠳ ᠪᠦᠬᠦᠢ ᠭᠠᠶᠢᠯᠢ ᠲᠤᠰᠢᠶᠠᠭᠴᠢᠳ ᠤᠨ ᠭᠠᠶᠢᠯᠢ ᠳᠤ ᠬᠤᠯᠪᠤᠭᠳᠠᠭᠰᠠᠨ ᠮᠡᠳᠡᠭᠡ ᠵᠠᠩᠬᠢ ᠶᠢ ᠬᠠᠤᠯᠢ ᠶᠤᠰᠤᠭᠠᠷ ᠪᠠᠶᠢᠴᠠᠭᠠᠬᠤ ᠳᠤ᠂ ᠣᠯᠠᠨ ᠨᠡᠶᠢᠲᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠦᠭᠦᠳ ᠬᠠᠮᠵᠢᠯᠴᠠᠬᠤ ᠬᠡᠷᠡᠭᠲᠡᠢ᠃
     ᠠᠷᠪᠠᠨ ᠳᠤᠯᠤᠳᠤᠭᠠᠷ ᠵᠦᠢᠯ ᠬᠤᠳᠠᠯᠳᠤᠭᠠᠨ ᠤ ᠴᠢᠨᠠᠷᠲᠠᠢ ᠲᠣᠭᠯᠠᠯᠲᠠ᠂ ᠬᠤᠷᠠᠯ ᠦᠵᠡᠰᠭᠦᠯᠡᠩ᠂ ᠠᠷᠠᠯᠵᠢᠶ᠎ᠠ ᠬᠤᠳᠠᠯᠳᠤᠭ᠎ᠠ ᠰᠤᠯᠢᠯᠴᠠᠭ᠎ᠠ ᠵᠡᠷᠭᠡ ᠠᠵᠢᠯᠯᠠᠭ᠎ᠠ ᠶᠢ ᠭᠤᠣᠯᠯᠠᠨ ᠡᠷᠬᠢᠯᠡᠭᠰᠡᠨ ᠨᠢᠭᠡᠴᠢ ᠨᠢ ᠭᠡᠷ᠎ᠡ ᠲᠤᠭᠲᠠᠭᠰᠠᠨ ᠡᠳᠦᠷ ᠠᠴᠠ ᠡᠬᠢᠯᠡᠵᠦ ᠠᠷᠪᠠᠨ ᠡᠳᠦᠷ ᠲᠤ ᠭᠡᠷ᠎ᠡ ᠪᠠ ᠤᠷᠤᠯᠭ᠎ᠠ ᠬᠤᠪᠢᠶᠠᠷᠢᠯᠠᠬᠤ ᠲᠦᠰᠦᠪ ᠢᠶᠠᠨ ᠠᠵᠢᠯᠯᠠᠭ᠎ᠠ ᠡᠷᠬᠢᠯᠡᠭᠰᠡᠨ ᠭᠠᠵᠠᠷ ᠤᠨ ᠭᠤᠤᠯᠴᠢᠯᠠᠨ ᠬᠠᠮᠢᠶᠠᠷᠴᠤ ᠪᠠᠶᠢᠭ᠎ᠠ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠮᠡᠳᠡᠭᠦᠯᠦᠨ ᠬᠦᠷᠭᠡᠬᠦ ᠶᠢᠨ ᠬᠠᠮᠲᠤ᠂ ᠭᠠᠶᠢᠯᠢ ᠶᠢᠨ ᠮᠦᠩᠭᠦ ᠶᠢ ᠨᠢ ᠬᠠᠤᠯᠢ ᠶᠤᠰᠤᠭᠠᠷ ᠤᠷᠤᠯᠠᠨ ᠰᠠᠭᠤᠯᠭᠠᠵᠤ ᠠᠪᠬᠤ ᠪᠠ ᠤᠷᠤᠯᠠᠨ ᠲᠤᠰᠢᠶᠠᠬᠤ ᠬᠡᠷᠡᠭᠲᠡᠢ᠃
     ᠠᠷᠪᠠᠨ ᠨᠠᠢᠮᠠᠳᠤᠭᠠᠷ ᠵᠦᠢᠯ ᠭᠠᠶᠢᠯᠢ ᠶᠢᠨ ᠮᠦᠩᠭᠦ ᠦᠷᠢᠲᠦᠵᠦ ᠪᠠᠶᠢᠭ᠎ᠠ ᠭᠠᠶᠢᠯᠢ ᠲᠤᠰᠢᠶᠠᠭᠴᠢ ᠪᠤᠶᠤ ᠲᠡᠭᠦᠨ ᠤ ᠬᠠᠤᠯᠢ ᠪᠠᠷ ᠲᠣᠭᠲᠠᠭᠠᠭᠰᠠᠨ ᠲᠦᠯᠦᠭᠡᠯᠡᠭᠴᠢ ᠨᠢ ᠬᠢᠯᠢ ᠠᠴᠠ ᠭᠠᠷᠬᠤ ᠶᠢᠨ ᠡᠮᠦᠨ᠎ᠡ ᠲᠤᠰᠢᠶᠠᠪᠠᠰᠤ ᠵᠣᠬᠢᠬᠤ ᠭᠠᠶᠢᠯᠢ ᠶᠢᠨ ᠮᠦᠩᠭᠦ᠂ ᠬᠤᠭᠤᠴᠠᠭ᠎ᠠ ᠰᠠᠭᠠᠳᠠᠭᠠᠭᠰᠠᠨ ᠮᠦᠩᠭᠦ ᠪᠠᠨ ᠪᠦᠷᠢᠨ ᠲᠤᠰᠢᠶᠠᠭᠰᠠᠨ ᠦᠭᠡᠢ ᠮᠦᠷᠲᠡᠭᠡᠨ ᠭᠠᠶᠢᠯᠢ ᠲᠤᠰᠢᠶᠠᠭᠰᠠᠨ ᠳᠠᠭᠠᠭᠠᠯᠲᠠ ᠪᠠᠨ ᠬᠠᠩᠭᠠᠵᠤ ᠥᠭᠬᠦ ᠦᠭᠡᠢ ᠪᠠᠶᠢᠪᠠᠯ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠬᠢᠯᠢ ᠪᠠᠷ ᠤᠷᠤᠵᠤ ᠭᠠᠷᠬᠤ ᠶᠢ ᠬᠠᠮᠢᠶᠠᠷᠬᠤ ᠪᠠᠶᠢᠭᠤᠯᠭ᠎ᠠ ᠳᠤ ᠮᠡᠳᠡᠭᠳᠡᠨ ᠬᠢᠯᠢ ᠠᠴᠠ ᠭᠠᠷᠬᠤ ᠶᠢ ᠨᠢ ᠬᠤᠷᠢᠭᠯᠠᠵᠤ ᠪᠤᠯᠤᠨ᠎ᠠ᠃
     ᠠᠷᠪᠠ ᠶᠢᠰᠦᠳᠦᠭᠡᠷ ᠵᠦᠢᠯ ᠤᠯᠤᠰ ᠤᠨ ᠪᠠᠶᠢᠭᠤᠯᠭ᠎ᠠ ᠪᠠ ᠤᠯᠠᠨ ᠨᠡᠶᠢᠲᠡ ᠶᠢᠨ ᠬᠡᠷᠡᠭ ᠶᠠᠪᠤᠳᠠᠯ ᠢ ᠬᠠᠤᠯᠢ ᠶᠤᠰᠤᠭᠠᠷ ᠬᠠᠮᠢᠶᠠᠷᠬᠤ ᠡᠭᠦᠷᠭᠡ ᠴᠢᠳᠠᠮᠵᠢ ᠲᠠᠢ ᠵᠤᠬᠢᠶᠠᠨ ᠪᠠᠶᠢᠭᠤᠯᠤᠯᠲᠠ ᠨᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤ ᠭᠠᠶᠢᠯᠢ ᠲᠠᠲᠠᠪᠤᠷᠢ ᠶᠢᠨ ᠲᠠᠯ᠎ᠠ ᠪᠠᠷ ᠬᠢ ᠬᠠᠤᠯᠢ ᠠᠴᠠ ᠵᠦᠷᠢᠴᠡᠭᠰᠡᠨ ᠰᠡᠵᠢᠭᠯᠡᠯᠲᠡᠢ ᠦᠢᠯᠡ ᠠᠵᠢᠯᠯᠠᠭ᠎ᠠ ᠲᠠᠢ ᠪᠠᠶᠢᠬᠤ ᠶᠢ ᠮᠡᠳᠡᠪᠡᠯ᠂ ᠴᠠᠭ ᠲᠤᠬᠠᠢ ᠳᠤ ᠨᠢ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠮᠡᠳᠡᠭᠳᠡᠬᠦ ᠬᠡᠷᠡᠭᠲᠡᠢ᠃ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠬᠠᠤᠯᠢ ᠶᠤᠰᠤᠭᠠᠷ ᠪᠠᠶᠢᠴᠠᠭᠠᠨ ᠰᠢᠢᠳᠪᠤᠷᠢᠯᠡᠬᠦ ᠶᠢᠨ ᠬᠠᠮᠲᠤ᠂ ᠰᠢᠢᠳᠪᠤᠷᠢᠯᠡᠭᠰᠡᠨ ᠦᠷ᠎ᠡ ᠳ᠋ᠦᠩ ᠢᠶᠠᠨ ᠴᠠᠭ ᠲᠤᠬᠠᠢ ᠳᠤ ᠨᠢ ᠬᠠᠷᠢᠭᠤ ᠲᠤᠰᠬᠠᠵᠤ ᠥᠭᠬᠦ ᠬᠡᠷᠡᠭᠲᠡᠢ᠃
     ᠬᠤᠷᠢᠳᠤᠭᠠᠷ ᠵᠦᠢᠯ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠡᠯ᠎ᠡ ᠱᠠᠲᠤᠨ ᠤ ᠠᠷᠠᠳ ᠤᠨ ᠰᠢᠭᠦᠭᠦ ᠬᠤᠷᠢᠶ᠎ᠠ ᠲᠠᠢ ᠬᠠᠮᠵᠢᠯᠴᠠᠨ ᠠᠵᠢᠯᠯᠠᠬᠤ ᠲᠤᠭᠲᠠᠴᠠ ᠶᠢ ᠪᠠᠶᠢᠭᠤᠯᠵᠤ᠂ ᠮᠡᠳᠡᠭᠡ ᠵᠠᠩᠬᠢ ᠶᠢ ᠬᠠᠮᠲᠤ ᠳᠤ ᠪᠠᠨ ᠬᠦᠷᠲᠡᠬᠦ ᠶᠢ ᠴᠢᠩᠭᠠᠳᠬᠠᠬᠤ ᠬᠡᠷᠡᠭᠲᠡᠢ᠃ ᠠᠷᠠᠳ ᠤᠨ ᠰᠢᠭᠦᠭᠦ ᠬᠤᠷᠢᠶ᠎ᠠ ᠠᠯᠪᠠᠳᠠᠨ ᠭᠡᠷᠡᠭᠵᠢᠭᠦᠯᠬᠦ᠂ ᠠᠵᠤ ᠠᠬᠤᠶᠢᠯᠠᠯ ᠤᠨ ᠲᠠᠮᠫᠤᠷᠠᠯ ᠢ ᠨᠠᠷᠢᠪᠴᠢᠯᠠᠨ ᠲᠤᠭᠠᠴᠠᠯᠠᠬᠤ ᠳᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠲᠡᠳᠡᠨ ᠳᠤ ᠭᠠᠶᠢᠯᠢ ᠶᠢᠨ ᠮᠦᠩᠭᠦ ᠶᠢ ᠬᠠᠤᠯᠢ ᠶᠤᠰᠤᠭᠠᠷ ᠬᠠᠮᠵᠢᠯᠴᠠᠨ ᠲᠤᠰᠢᠶᠠᠯᠭᠠᠬᠤ ᠪᠠᠷ ᠱᠠᠭᠠᠷᠳᠠᠵᠤ᠂ ᠭᠠᠶᠢᠯᠢ ᠲᠠᠲᠠᠪᠤᠷᠢ ᠶᠢᠨ ᠪᠠᠲᠤᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃
     ᠬᠤᠷᠢᠨ ᠨᠢᠭᠡᠳᠦᠭᠡᠷ ᠵᠦᠢᠯ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠦᠢᠯᠡᠴᠢᠯᠡᠭᠡᠨ ᠤ ᠠᠷᠭ᠎ᠠ ᠬᠡᠯᠪᠡᠷᠢ ᠳᠤ ᠰᠢᠨ᠎ᠡ ᠶᠢ ᠡᠭᠦᠳᠴᠦ᠂ ᠭᠠᠶᠢᠯᠢ ᠭᠦᠢᠴᠡᠳᠭᠡᠬᠦ ᠦᠢᠯᠡᠴᠢᠯᠡᠭᠡᠨ ᠤ ᠪᠡᠯᠡᠳᠭᠡᠮᠵᠢ ᠪᠠᠨ ᠰᠠᠶᠢᠵᠢᠷᠠᠭᠤᠯᠤᠨ᠂ ᠣᠳᠣ ᠦᠶ᠎ᠡ ᠶᠢᠨ ᠮᠡᠳᠡᠭᠡ ᠵᠠᠩᠬᠢ ᠶᠢᠨ ᠮᠡᠷᠭᠡᠵᠢᠯ ᠢ ᠠᠰᠢᠭᠯᠠᠵᠤ᠂ ᠭᠠᠶᠢᠯᠢ ᠭᠦᠢᠴᠡᠳᠭᠡᠬᠦ ᠦᠢᠯᠡᠴᠢᠯᠡᠭᠡᠨ ᠤ ᠳᠡᠰ ᠳᠠᠷᠠᠭᠠᠯᠠᠯ ᠢ ᠰᠢᠯᠢᠳᠡᠭᠵᠢᠭᠦᠯᠦᠨ᠂ ᠭᠠᠶᠢᠯᠢ ᠲᠤᠰᠢᠶᠠᠭᠴᠢᠳ ᠤᠨ ᠭᠠᠶᠢᠯᠢ ᠭᠦᠢᠴᠡᠳᠭᠡᠬᠦ ᠦᠪᠡᠷ ᠤᠨ ᠦᠷᠲᠡᠭ ᠢ ᠨᠢ ᠪᠠᠭᠤᠷᠠᠭᠤᠯᠬᠤ ᠬᠡᠷᠡᠭᠲᠡᠢ᠃
     ᠬᠤᠷᠢᠨ ᠬᠤᠶᠠᠳᠤᠭᠠᠷ ᠵᠦᠢᠯ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠭᠠᠶᠢᠯᠢ ᠲᠤᠰᠢᠶᠠᠬᠤ ᠲᠠᠯ᠎ᠠ ᠪᠠᠷ ᠬᠢ ᠮᠠᠷᠭᠤᠯᠳᠤᠭᠠᠨ ᠵᠠᠭᠠᠯᠳᠤᠯᠭ᠎ᠠ ᠶᠢ ᠰᠢᠢᠳᠪᠤᠷᠢᠯᠡᠬᠦ ᠲᠤᠭᠲᠠᠴᠠ ᠪᠠᠨ ᠪᠠᠶᠢᠭᠤᠯᠤᠨ ᠲᠡᠭᠦᠯᠳᠡᠷᠵᠢᠭᠦᠯᠵᠦ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠪᠤᠯᠤᠨ ᠭᠠᠶᠢᠯᠢ ᠲᠤᠰᠢᠶᠠᠭᠴᠢ᠂ ᠰᠠᠭᠤᠯᠭᠠᠨ ᠲᠤᠰᠢᠶᠠᠬᠤ ᠡᠭᠦᠷᠭᠡᠲᠦ ᠬᠦᠮᠦᠨ᠂ ᠭᠠᠶᠢᠯᠢ ᠲᠤᠰᠢᠶᠠᠬᠤ ᠳᠤ ᠳᠠᠭᠠᠭᠠᠯᠲᠠ ᠬᠢᠭᠰᠡᠨ ᠬᠦᠮᠦᠨ ᠤ ᠬᠤᠭᠤᠷᠤᠨᠳᠤᠬᠢ ᠭᠠᠶᠢᠯᠢ ᠲᠤᠰᠢᠶᠠᠬᠤ ᠲᠠᠯ᠎ᠠ ᠪᠠᠷ ᠬᠢ ᠮᠠᠷᠭᠤᠯᠳᠤᠭᠠᠨ ᠢ ᠴᠠᠭ ᠲᠤᠬᠠᠢ ᠳᠤ ᠨᠢ ᠪᠦᠲᠦᠮᠵᠢᠲᠡᠢ ᠰᠢᠢᠳᠪᠦᠷᠢᠯᠡᠬᠦ ᠬᠡᠷᠡᠭᠲᠡᠢ᠃
     ᠬᠤᠷᠢᠨ ᠭᠤᠷᠪᠠᠳᠤᠭᠠᠷ ᠵᠦᠢᠯ ᠭᠠᠶᠢᠯᠢ ᠲᠤᠰᠢᠶᠠᠭᠴᠢ᠂ ᠰᠤᠨᠢᠨ ᠮᠡᠳᠡᠭᠡᠨ ᠤ ᠵᠠᠭᠤᠴᠢᠯᠠᠭᠤᠷ ᠪᠤᠯᠤᠨ ᠠᠷᠠᠳ ᠤᠯᠠᠨ ᠠᠴᠠ ᠭᠠᠶᠢᠯᠢ ᠲᠠᠲᠠᠪᠤᠷᠢ ᠶᠢᠨ ᠬᠠᠤᠯᠢ ᠬᠡᠷᠡᠭᠵᠢᠭᠦᠯᠦᠯᠲᠡ ᠳᠤ ᠬᠢᠭᠰᠡᠨ ᠦᠨᠡᠯᠡᠯᠲᠡ ᠪᠠ ᠬᠢᠨᠠᠯᠲᠠ ᠲᠠᠯᠪᠢᠯᠲᠠ ᠶᠢ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠦ᠂ ᠵᠠᠯᠠᠷᠠᠭᠤᠯᠤᠨ ᠰᠠᠶᠢᠵᠢᠷᠠᠭᠤᠯᠤᠭᠰᠠᠨ ᠠᠷᠭ᠎ᠠ ᠠᠪᠴᠢᠯ ᠪᠤᠯᠤᠨ ᠦᠷ᠎ᠡ ᠳ᠋ᠦᠩ ᠢᠶᠠᠨ ᠴᠠᠭ ᠲᠤᠬᠠᠢ ᠳᠤ ᠨᠢ ᠬᠠᠷᠢᠭᠤ ᠲᠤᠰᠬᠠᠨ ᠥᠭᠬᠦ ᠬᠡᠷᠡᠭᠲᠡᠢ᠃
     ᠬᠤᠷᠢᠨ ᠳᠦᠷᠪᠡᠳᠦᠭᠡᠷ ᠵᠦᠢᠯ ᠬᠤᠯᠪᠣᠭᠳᠠᠯ ᠪᠦᠬᠦᠢ ᠰᠠᠯᠠᠭ᠎ᠠ ᠮᠦᠴᠢᠷ ᠪᠤᠯᠤᠨ ᠨᠢᠭᠡᠴᠢ ᠨᠢ ᠲᠤᠰ ᠠᠷᠭ᠎ᠠ ᠶᠢᠨ ᠲᠤᠭᠲᠠᠭᠠᠯ ᠢ ᠵᠦᠷᠢᠴᠡᠵᠦ᠂ ᠲᠤᠤᠷᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠭᠤᠣᠯ ᠬᠠᠮᠢᠶᠠᠷᠤᠭᠴᠢ ᠪᠤᠯᠤᠨ ᠪᠤᠰᠤᠳ ᠰᠢᠭᠤᠳ ᠬᠠᠷᠢᠭᠤᠴᠠᠯᠭ᠎ᠠ ᠲᠠᠢ ᠬᠦᠮᠦᠰ ᠲᠤ ᠬᠠᠤᠯᠢ ᠶᠤᠰᠤᠭᠠᠷ ᠰᠢᠢᠳᠭᠡᠯ ᠣᠯᠭᠤᠨ᠎ᠠ᠂ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠠᠶᠢᠪᠠᠯ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠥᠭᠴᠦ ᠡᠷᠡᠭᠦᠦ ᠶᠢᠨ ᠬᠠᠷᠢᠭᠤᠴᠠᠯᠭ᠎ᠠ ᠶᠢ ᠬᠠᠤᠯᠢ ᠶᠤᠰᠤᠭᠠᠷ ᠨᠡᠬᠡᠮᠵᠢᠯᠡᠨ᠎ᠡ︔
     ︵ᠨᠢᠭᠡ︶ ᠡᠰᠡᠷᠭᠦᠴᠡᠵᠦ ᠦᠯᠦ ᠴᠢᠳᠠᠬᠤ ᠬᠦᠴᠦᠨ ᠠᠴᠠ ᠪᠣᠯᠣᠭᠰᠠᠨ ᠪᠢᠰᠢ ᠪᠠᠶᠢᠲᠠᠯ᠎ᠠ ᠭᠠᠶᠢᠯᠢ ᠳᠤ ᠬᠤᠯᠪᠤᠭᠳᠠᠭᠰᠠᠨ ᠮᠡᠳᠡᠭᠡ ᠵᠠᠩᠬᠢ ᠪᠠᠨ ᠴᠠᠭ ᠲᠤᠬᠠᠢ ᠳᠤ ᠨᠢ᠂ ᠤᠨᠤᠪᠴᠢᠲᠠᠢ᠂ ᠪᠦᠷᠢᠨ ᠭᠦᠢᠴᠡᠳ ᠳᠠᠮᠵᠢᠭᠤᠯᠤᠭᠰᠠᠨ ᠦᠭᠡᠢ ᠪᠤᠶᠤ ᠭᠠᠶᠢᠯᠢ ᠲᠠᠲᠠᠪᠤᠷᠢ ᠳᠤ ᠬᠠᠮᠵᠢᠯᠴᠠᠬᠤ ᠡᠭᠦᠷᠭᠡ ᠪᠠᠨ ᠭᠦᠢᠴᠡᠳᠭᠡᠭᠰᠡᠨ ᠦᠭᠡᠢ ᠠᠴᠠ ᠪᠤᠯᠵᠤ ᠭᠠᠶᠢᠯᠢ ᠲᠠᠲᠠᠪᠤᠷᠢ ᠳᠤ ᠬᠤᠬᠢᠷᠠᠯ ᠤᠴᠠᠷᠠᠭᠤᠯᠤᠭᠰᠠᠨ︔
     ︵ᠬᠤᠶᠠᠷ︶ ᠭᠠᠶᠢᠯᠢ ᠲᠠᠲᠠᠪᠤᠷᠢᠯᠠᠵᠤ ᠬᠠᠮᠢᠶᠠᠷᠬᠤ ᠮᠡᠳᠡᠭᠡ ᠵᠠᠩᠬᠢ ᠶᠢᠨ ᠲᠠᠯ᠎ᠠ ᠪᠠᠷ ᠨᠢᠭᠤᠴᠠ ᠶᠢ ᠬᠠᠮᠠᠭᠠᠯᠠᠬᠤ ᠡᠭᠦᠷᠭᠡ ᠪᠠᠨ ᠬᠠᠤᠯᠢ ᠶᠤᠰᠤᠭᠠᠷ ᠭᠦᠢᠴᠡᠳᠭᠡᠭᠰᠡᠨ ᠦᠭᠡᠢ︔
     ︵ᠭᠤᠷᠪᠠ︶ ᠲᠤᠰ ᠠᠷᠭ᠎ᠠ ᠶᠢ ᠵᠦᠷᠢᠴᠡᠭᠰᠡᠨ ᠪᠤᠰᠤᠳ ᠦᠢᠯᠡ ᠠᠵᠢᠯᠯᠠᠭ᠎ᠠ ᠲᠠᠢ ᠪᠠᠶᠢᠬᠤ᠃
     ᠬᠤᠷᠢᠨ ᠲᠠᠪᠤᠳᠤᠭᠠᠷ ᠵᠦᠢᠯ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠲᠠᠳᠠᠪᠤᠷᠢᠯᠠᠭᠰᠠᠨ ᠭᠠᠶᠢᠯᠢ ᠶᠢᠨ ᠪᠤᠰᠤ ᠤᠷᠤᠯᠭ᠎ᠠ ᠶᠢᠨ ᠬᠠᠮᠢᠶᠠᠷᠤᠯᠲᠠ ᠳᠤ ᠲᠤᠰ ᠠᠷᠭ᠎ᠠ ᠶᠢ ᠯᠠᠪᠯᠠᠯᠲᠠ ᠪᠤᠯᠭᠠᠨ ᠬᠡᠷᠡᠭᠵᠢᠭᠦᠯᠦᠨ᠎ᠡ᠃
     ᠬᠤᠷᠢᠨ ᠵᠢᠷᠭᠤᠳᠤᠭᠠᠷ ᠵᠦᠢᠯ ᠲᠤᠰ ᠠᠷᠭ᠎ᠠ ᠶᠢ 2018 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ