| | 12 ᠳ᠋ᠤᠭᠠᠷ ᠰᠠᠷ᠎ᠠ ᠶᠢᠨ 23 ᠤ ᠡᠳᠦᠷ᠂ ᠦᠪᠦᠷ ᠮᠤᠩᠭᠤᠯ ᠤᠨ ᠡᠪᠦᠯ ᠤᠨ ᠤᠯᠠᠷᠢᠯ ᠤᠨ ᠵᠢᠭᠤᠯᠴᠢᠯᠠᠯ | ᠤᠨ ᠦᠪᠡᠳᠡᠭᠰᠢ ᠶᠡᠭᠡ ᠨᠠᠶᠢᠷ ᠤᠨ ᠠᠵᠢᠯᠯᠠᠭ᠎ᠠ ᠪᠤᠯᠬᠤ ᠠᠷᠪᠠᠨ ᠵᠢᠷᠭᠤᠳᠤᠭᠠᠷ ᠬᠤᠭᠤᠴᠠᠭᠠᠨ ᠤ ᠦᠪᠦᠷ ᠮᠤᠩᠭᠤᠯ | ᠤᠨ ᠮᠦᠰᠦ ᠴᠠᠰᠦᠨ ᠤ ᠨᠠᠭᠠᠳᠤᠮ ᠬᠦᠯᠦᠨ ᠪᠤᠶᠢᠷ ᠤᠨ ᠲᠠᠯ᠎ᠠ ᠨᠤᠳᠤᠭ ᠤᠨ ᠵᠢᠭᠤᠯᠴᠢᠯᠠᠯ ᠤᠨ ᠤᠷᠤᠨ ᠳᠤ | ᠡᠬᠢᠯᠡᠪᠡ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ | ᠲᠡᠷᠢᠭᠦᠯᠡᠭᠴᠢ ᠪᠦ᠋ ᠰᠢᠶᠤᠤ ᠯᠢᠨ ᠨᠠᠭᠠᠳᠤᠮ ᠡᠬᠢᠯᠡᠭᠰᠡᠨ ᠢ ᠵᠠᠷᠯᠠᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶᠠᠨ ᠤ ᠪᠠᠶᠢᠩᠭᠤ ᠶᠢᠨ ᠬᠡᠰᠢᠭᠦᠨ᠂ ᠨᠢᠭᠡᠳᠦᠮᠡᠯ ᠹᠷᠤᠨᠲ ᠤᠨ ᠬᠡᠯᠳᠡᠰ ᠤᠨ ᠲᠠᠷᠤᠭ᠎ᠠ ᠸᠠᠩ ᠯᠢ ᠰᠢᠶᠠ᠂ ᠪᠦᠬᠦ | ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠬᠡᠰᠢᠭᠦᠨ᠂ ᠬᠦᠮᠦᠨ ᠠᠮᠠ ᠡᠬᠢ ᠪᠠᠶᠠᠯᠢᠭ ᠤᠷᠴᠢᠨ ᠲᠤᠭᠤᠷᠢᠨ ᠤ | ᠵᠦᠪᠯᠡᠯ ᠤᠨ ᠲᠡᠳ᠋ ᠡᠷᠬᠢᠯᠡᠭᠴᠢ ᠷᠸᠠ ᠶᠠ ᠫᠢᠩ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠠᠢ ᠯᠢ | ᠬᠤᠸᠠ ᠡᠬᠢᠯᠡᠯᠳᠡ ᠶᠢᠨ ᠶᠤᠰᠤᠯᠠᠯ ᠳᠤ ᠤᠷᠤᠯᠴᠠᠵᠠᠢ᠃ | ᠦᠷᠭᠡᠨ ᠠᠭᠤᠳᠠᠮ ᠪᠠᠷᠭᠤ ᠶᠢᠨ ᠲᠠᠯ᠎ᠠ ᠨᠤᠳᠤᠭ ᠮᠦᠩᠭᠦᠨ ᠴᠠᠰᠦᠨ ᠳᠤ ᠬᠤᠴᠢᠬᠳᠠᠵᠤ᠂ | ᠦᠨᠳᠦᠰᠦᠳᠡᠨ ᠨᠦᠭᠦᠳ ᠤᠨ ᠤᠯᠠᠨ ᠲᠦᠮᠡᠨ ᠪᠡᠶᠠᠷ ᠤᠨ ᠡᠳᠦᠷ ᠤᠨ ᠬᠤᠪᠴᠠᠰᠦ ᠵᠠᠰᠠᠯ ᠢᠶᠠᠷ ᠢᠶᠠᠨ ᠭᠤᠶᠤᠯᠠᠭᠠᠳ | ᠨᠠᠢᠮᠠᠨ ᠵᠦᠭ ᠤᠨ ᠵᠤᠴᠢᠳ ᠢᠶᠠᠨ ᠤᠬᠳᠤᠨ᠎ᠠ᠃ ᠦᠳᠡ ᠶᠢᠨ ᠡᠮᠦᠨᠡᠬᠢ 10 ᠴᠠᠭ ᠲᠤ᠂ ᠠᠷᠪᠠᠨ ᠵᠢᠷᠭᠤᠳᠤᠭᠠᠷ | ᠬᠤᠭᠤᠴᠠᠭᠠᠨ ᠤ ᠦᠪᠦᠷ ᠮᠤᠩᠭᠤᠯ ᠤᠨ ᠮᠦᠰᠦ ᠴᠠᠰᠦᠨ ᠤ ᠨᠠᠭᠠᠳᠤᠮ ᠡᠬᠢᠯᠡᠪᠠ᠃ ︽ᠦᠨᠢ ᠮᠦᠩᠭᠡ ᠶᠢᠨ | ᠤᠯᠠᠭᠠᠠᠮᠦ᠋ᠴᠢᠷ︾ ᠤᠨ ᠠᠶ᠎ᠠ ᠲᠠᠭᠤᠤ ᠶᠢᠨ ᠬᠠᠩᠬᠢᠨᠠᠭᠠᠨ ᠳᠤ ᠮᠤᠷᠢ ᠤᠨᠤᠭᠰᠠᠨ ᠲᠤᠭᠯᠠᠭᠴᠢᠳ ᠨᠠᠭᠠᠳᠤᠮ ᠤᠨ | ᠲᠠᠯᠠᠪᠠᠢ ᠳᠤ ︽ᠤᠯᠠᠭᠠᠨᠮᠦ᠋ᠴᠢᠷ︾ ᠬᠡᠬᠦ ᠪᠢᠴᠢᠭᠡᠰᠦ ᠲᠠᠢ ᠲᠤᠭ ᠢ ᠦᠨᠳᠦᠷ ᠲᠤ ᠡᠷᠬᠦᠵᠤ᠂ ᠤᠯᠠᠭᠠᠨᠮᠦ᠋ᠴᠢᠷ ᠤᠨ | ᠵᠤᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠬᠤ ᠵᠤᠷᠢᠭ ᠬᠦᠴᠦᠨ ᠢ ᠢᠯᠡᠷᠡᠭᠦᠯᠵᠠᠢ᠃ ᠦᠨᠳᠦᠰᠦᠳᠡᠨ ᠤ | ᠤᠨᠴᠠᠯᠢᠭ ᠲᠠᠢ ᠭᠤᠴᠤ ᠰᠠᠶᠢᠬᠠᠨ ᠲᠤᠭᠯᠠᠯᠳᠠ ᠶᠢ ᠵᠠᠯᠭᠠᠭ᠎ᠠ ᠪᠠᠷ ᠲᠤᠭᠯᠠᠵᠤ᠂ ᠠᠬᠤᠢ ᠲᠠᠯᠠᠪᠠᠢ ᠬᠦᠷ | ᠬᠦᠭᠵᠢᠶᠡᠨ ᠢᠶᠠᠷ ᠪᠢᠯᠬᠠᠯ᠎ᠠ᠃ ᠪᠠᠷᠭᠤ ᠮᠤᠩᠭᠤᠯᠴᠤᠳ ᠤᠨ ᠤᠯᠠᠮᠵᠢᠯᠠᠯᠳᠤ ᠭᠠᠯ ᠲᠠᠬᠢᠯᠭ᠎ᠠ ᠶᠢᠨ ᠵᠠᠩ ᠦᠢᠯᠡ ᠶᠢᠨ | ᠦᠵᠡᠭᠦᠯᠬᠡ ᠡᠬᠢᠯᠡᠯᠳᠡ ᠶᠢᠨ ᠶᠤᠰᠤᠯᠠᠯ ᠢ ᠤᠷᠬᠢᠯ ᠳᠤ ᠬᠦᠷᠭᠡᠵᠤ᠂ ᠬᠡᠶᠢᠴᠢᠳ ᠵᠤᠴᠢᠳ ᠦᠨᠳᠦᠰᠦᠳᠡᠨ ᠨᠦᠭᠦᠳ | ᠤᠨ ᠤᠯᠠᠨ ᠲᠦᠮᠡᠨ ᠯᠦᠭᠡ ᠬᠠᠮᠳᠤ ᠪᠠᠷ ᠪᠠᠶᠠᠰᠤᠨ ᠪᠦᠵᠢᠭᠯᠡᠵᠤ᠂ ᠲᠠᠯ᠎ᠠ ᠨᠤᠳᠤᠭ ᠤᠨ ᠲᠠᠪᠤᠨ ᠬᠤᠰᠢᠭᠤ ᠮᠠᠯ | ᠲᠠᠷᠭᠤ ᠬᠦᠴᠦ ᠰᠠᠶᠢᠳᠠᠢ᠂ ᠬᠤᠷ᠎ᠠ ᠪᠤᠷᠤᠭᠠᠨ ᠲᠡᠭᠰᠢ ᠵᠢᠯ ᠪᠤᠯᠬᠤ ᠶᠢ ᠵᠦᠩᠨᠡᠵᠡᠢ᠃ ᠡᠬᠢᠯᠡᠯᠳᠡ ᠶᠢᠨ ᠶᠤᠰᠤᠯᠠᠯ ᠤᠨ | ᠲᠠᠷᠠᠭ᠎ᠠ᠂ ᠡᠷ᠎ᠠ ᠶᠢᠨ ᠭᠤᠷᠪᠠᠨ ᠨᠠᠭᠠᠳᠤᠮ᠂ ᠴᠠᠰᠤᠨ ᠳᠤ ᠮᠤᠷᠢ ᠤᠷᠭᠠᠯᠠᠬᠤ᠂ ᠮᠤᠩᠭᠤᠯ ᠰᠢᠳᠠᠷ᠎ᠠ ᠵᠡᠷᠭᠡ ᠲᠠᠮᠢᠷ ᠤᠨ | ᠤᠷᠤᠯᠳᠤᠭᠠᠨ ᠢ ᠶᠠᠪᠤᠬᠳᠠᠭᠤᠯᠪᠠ᠃ | ᠠᠷᠪᠠᠨ ᠵᠢᠷᠭᠤᠳᠤᠭᠠᠷ ᠬᠤᠭᠤᠴᠠᠭᠠᠨ ᠤ ᠦᠪᠦᠷ ᠮᠤᠩᠭᠤᠯ ᠤᠨ ᠮᠦᠰᠦ ᠴᠠᠰᠤᠨ ᠤ ᠨᠠᠭᠠᠳᠤᠮ ᠨᠢ ︽ᠦᠪᠦᠷ | ᠮᠤᠩᠭᠤᠯ ᠤᠨ ᠦᠨᠳᠦᠰᠦᠳᠡᠨ ᠤ ᠰᠤᠶᠤᠯ ᠪᠤᠯᠤᠨ ᠮᠦᠰᠦ ᠴᠠᠰᠤᠨ ᠤ ᠪᠡᠶ᠎ᠠ ᠶᠢᠨ ᠲᠠᠮᠢᠷ ᠤᠨ ᠦᠪᠡᠷᠮᠢᠴᠠ ᠷᠢᠳᠢ | ᠰᠢᠳᠢ ᠶᠢ ᠭᠠᠶᠢᠬᠠᠭᠤᠯᠦᠨ ᠤᠯᠠᠮᠵᠢᠯᠠᠵᠦ᠂ ᠦᠨᠳᠦᠰᠦᠳᠡᠨ ᠤ ᠤᠯᠠᠮᠵᠢᠯᠠᠯᠳᠤ ᠰᠤᠶᠤᠯ ᠢ ᠪᠠᠳᠠᠷᠠᠭᠤᠯᠦᠨ᠂ ᠤᠯᠠᠨ | ᠦᠨᠳᠦᠰᠦᠳᠡᠨ ᠤ ᠶᠡᠭᠡ ᠠᠭᠤᠰᠤᠯᠴᠠᠯ ᠢ ᠪᠡᠶᠡᠯᠡᠭᠦᠯᠭᠦ︾ ᠪᠠᠷ ᠭᠤᠤᠯ ᠰᠡᠳᠦᠪ ᠢᠶᠠᠨ ᠪᠤᠯᠭᠠᠵᠤ᠂ ᠦᠪᠦᠷ ᠮᠣᠩᠭᠤᠯ | ᠤᠨ ᠲᠠᠯ᠎ᠠ ᠨᠤᠳᠤᠭ ᠤᠨ ᠮᠦᠰᠦ ᠴᠠᠰᠤᠨ ᠤ ᠡᠬᠢ ᠪᠠᠶᠠᠯᠢᠭ ᠪᠤᠯᠤᠨ ᠮᠤᠩᠭᠤᠯ ᠦᠨᠳᠦᠰᠦᠳᠡᠨ ᠵᠢᠴᠢ ᠡᠯ᠎ᠠ | ᠦᠨᠳᠦᠰᠦᠳᠡᠨ ᠤ ᠵᠠᠩ ᠦᠢᠯᠡ ᠪᠠᠷ ᠲᠦᠰᠢᠭ ᠪᠤᠯᠭᠠᠨ᠂ ᠦᠪᠦᠷ ᠮᠤᠩᠭᠤᠯ ᠤᠨ ᠦᠪᠡᠷᠮᠢᠴᠠ ᠤᠨᠴᠠᠯᠢᠭ ᠪᠦᠬᠦᠢ | ᠮᠦᠰᠦᠨ ᠴᠠᠰᠦᠨ ᠤ ᠪᠡᠶ᠎ᠠ ᠶᠢᠨ ᠲᠠᠮᠢᠷ᠂ ᠰᠤᠶᠤᠯ ᠵᠤᠭ᠎ᠠ ᠴᠡᠩᠭᠡᠯ᠂ ᠵᠢᠭᠤᠯᠴᠢᠯᠠᠯ ᠤᠨ ᠲᠦᠷᠦᠯ ᠵᠦᠢᠯ ᠢ ᠲᠡᠯᠭᠡᠨ | ᠦᠵᠡᠭᠦᠯᠦᠭᠰᠡᠨ ᠪᠠᠶᠢᠨ᠎ᠠ᠃ ᠨᠠᠭᠠᠳᠤᠮ ᠤᠨ ᠬᠤᠭᠤᠴᠠᠭᠠᠨ ᠳᠤ ᠬᠦᠯᠦᠨ ᠪᠤᠶᠢᠷ ᠬᠤᠳᠠ ᠶᠢᠨ ᠡᠯ᠎ᠠ ᠬᠤᠰᠢᠭᠤ | ᠬᠤᠳᠠ ᠲᠤᠭᠤᠷᠢᠭ ᠤᠨ ᠬᠢᠨ ᠬᠡᠷᠡᠯ ᠵᠢᠷᠤᠭ᠂ ᠪᠡᠶ᠎ᠠ ᠶᠢᠨ ᠲᠠᠮᠢᠷ᠂ ᠲᠠᠭᠤᠤ ᠬᠦᠭᠵᠢᠮ᠂ ᠦᠨᠳᠦᠰᠦᠳᠡᠨ ᠤ ᠵᠠᠩ | ᠦᠢᠯᠡ᠂ ᠠᠮᠳᠠᠳᠤ ᠢᠳᠡᠭᠡᠨ ᠵᠡᠷᠭᠡ ᠠᠭᠤᠯᠭ᠎ᠠ ᠶᠢ ᠬᠠᠮᠤᠷᠤᠭᠰᠠᠨ 27 ᠵᠦᠢᠯ ᠤᠨ ᠡᠪᠦᠯ ᠤᠨ ᠤᠯᠠᠷᠢᠯ ᠤᠨ | ᠵᠢᠭᠤᠯᠴᠢᠯᠠᠯ ᠤᠨ ᠨᠠᠶᠢᠷ ᠨᠠᠭᠠᠳᠤᠮ ᠤᠨ ᠠᠵᠢᠯᠯᠠᠭ᠎ᠠ ᠶᠢ ᠵᠠᠯᠭᠠᠭ᠎ᠠ ᠪᠠᠷ ᠦᠷᠨᠢᠭᠦᠯᠵᠤ᠂ ᠬᠦᠯᠦᠨ ᠪᠤᠶᠢᠷ ᠤᠨ | ᠦᠪᠡᠷᠮᠢᠴᠡ ᠤᠨᠴᠠᠯᠢᠭ ᠪᠦᠬᠦᠢ ᠦᠨᠳᠦᠰᠦᠳᠡᠨ ᠤ ᠰᠤᠶᠤᠯ ᠪᠠ ᠮᠦᠰᠦ ᠴᠠᠰᠤᠨ ᠤ ᠡᠬᠢ ᠪᠠᠶᠠᠯᠢᠭ ᠢ ᠪᠦᠭᠦ | ᠲᠠᠯ᠎ᠠ ᠪᠠᠷ ᠲᠡᠯᠭᠡᠨ ᠦᠵᠡᠭᠦᠯᠵᠤ᠂ ᠬᠠᠬᠢᠷ ᠡᠪᠤᠯ ᠤᠨ ᠪᠠᠶᠢᠭᠠᠯᠢ ᠶᠢᠨ ᠡᠬᠢ ᠪᠠᠶᠠᠯᠢᠭ ᠤᠨ ᠦᠷ᠎ᠠ ᠠᠰᠢᠭ ᠢ | ᠬᠦᠢᠴᠡᠳ ᠪᠠᠳᠠᠷᠠᠭᠤᠯᠬᠤ ᠪᠤᠯᠤᠨ᠎ᠠ᠃ ᠦᠪᠦᠷ ᠮᠤᠩᠭᠤᠯ ᠤᠨ ᠮᠦᠰᠦ ᠴᠠᠰᠤᠨ ᠤ ᠵᠢᠭᠤᠯᠴᠢᠯᠠᠯ ᠤᠨ ᠠᠵᠢᠯᠯᠠᠭ᠎ᠠ ᠨᠢ | ᠡᠪᠦᠯ ᠤᠨ ᠤᠯᠠᠷᠢᠯ ᠢ ᠦᠩᠭᠡᠷᠡᠳᠡᠯᠠ ᠦᠷᠭᠦᠯᠵᠢᠯᠡᠬᠦ ᠪᠤᠯᠤᠨ᠎ᠠ᠃ | 12 ᠳ᠋ᠤᠭᠠᠷ ᠰᠠᠷ᠎ᠠ ᠶᠢᠨ 22 ᠤᠨ ᠤᠷᠤᠢ᠂ ᠦᠪᠦᠷ ᠮᠤᠩᠭᠤᠯ ᠤᠨ ᠦᠨᠦᠷ ᠠᠮᠳᠠ — ᠬᠦᠯᠦᠨ ᠪᠤᠶᠢᠷ | ᠤᠨ ᠤᠷᠤᠨ ᠨᠤᠳᠤᠭ ᠤᠨ ᠠᠮᠳᠠᠳᠤ ᠢᠳᠡᠭᠡᠨ ᠤ IP ᠶᠢ ᠲᠠᠷᠬᠠᠭᠠᠬᠤ ᠠᠵᠢᠯᠯᠠᠭ᠎ᠠ ᠬᠦᠯᠦᠨ ᠪᠤᠶᠢᠷ ᠬᠤᠳᠠ ᠳᠤ | ᠶᠠᠪᠤᠬᠳᠠᠵᠤ᠂ ᠪᠦ᠋ ᠰᠢᠶᠤᠤ ᠯᠢᠨ᠂ ᠸᠠᠩ ᠯᠢ ᠰᠢᠶᠠ᠂ ᠷᠸᠠ ᠶᠠ ᠫᠢᠩ᠂ ᠠᠢ ᠯᠢ ᠬᠤᠸᠠ ᠵᠡᠷᠭᠡ ᠤᠳᠤᠷᠢᠳᠤᠯᠭ᠎ᠠ | ᠨᠠᠷ ᠠᠵᠢᠯᠯᠠᠭ᠎ᠠ ᠳᠤ ᠤᠷᠤᠯᠴᠠᠵᠠᠢ᠃ |