ᠤᠯᠠᠭᠠᠨᠴᠠᠪ ᠬᠤᠲᠠ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢᠯᠡᠵᠦ ᠱᠠᠩᠨᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2018/12/25
     ᠤᠯᠠᠭᠠᠨᠴᠠᠪ ᠬᠤᠲᠠ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠳᠤ ᠨᠥᠬᠦᠪᠦᠷᠢᠯᠡᠵᠦ ᠱᠠᠩᠨᠠᠬᠤ ᠲᠥᠷᠥ ᠶᠢᠨ ᠪᠣᠳᠣᠯᠭ᠎ᠠ ᠨᠢ 3469.7 ᠲᠦᠮᠡᠨ ᠮᠦ ᠲᠠᠯᠠᠪᠠᠢ ᠳᠤ ᠬᠤᠯᠪᠣᠭᠳᠠᠵᠤ ᠪᠤᠢ᠂ ᠡᠭᠦᠨ ᠳᠤ 2352.65 ᠲᠦᠮᠡᠨ ᠮᠦ ︵ᠪᠦᠬᠦ ᠬᠤᠲᠠ ᠶᠢᠨ 6 ᠬᠤᠰᠢᠭᠤ ᠰᠢᠶᠠᠨ ᠤ 32 ᠰᠤᠮᠤ ᠰᠢᠶᠠᠩ ᠪᠠᠯᠭᠠᠰᠤ ᠶᠢᠨ 282 ᠭᠠᠴᠠᠭ᠎ᠠ ᠲᠣᠰᠬᠤᠨ᠂ 13 ᠲᠦᠮᠡᠨ ᠡᠷᠦᠭᠡ ᠳᠤ ᠬᠤᠯᠪᠣᠭᠳᠠᠪᠠ︶ ᠪᠡᠯᠴᠢᠭᠡᠷᠯᠡᠭᠦᠯᠬᠦ ᠶᠢ ᠵᠣᠭᠰᠤᠭᠠᠵᠤ᠂ 1117 ᠲᠦᠮᠡᠨ ᠮᠦ ᠲᠠᠯᠠᠪᠠᠢ ᠳᠤ ᠮᠠᠯ ᠪᠡᠯᠴᠢᠭᠡᠷ ᠢ ᠲᠡᠩᠴᠡᠭᠦᠷᠢ ᠲᠠᠢ ︵ᠵᠥᠪᠬᠡᠨ ᠳᠥᠷᠪᠡᠳ ᠬᠤᠰᠢᠭᠤ ᠶᠢᠨ 4 ᠰᠤᠮᠤ ᠰᠢᠶᠠᠩ ᠪᠠᠯᠭᠠᠰᠤ᠂ 20 ᠭᠠᠴᠠᠭ᠎ᠠ ᠲᠣᠰᠬᠤᠨ᠂ 0.39 ᠲᠦᠮᠡᠨ ᠡᠷᠦᠬᠡ ᠳᠤ ᠬᠤᠯᠪᠣᠭᠳᠠᠪᠠ︶ ᠪᠣᠯᠭᠠᠪᠠ᠃ ᠪᠡᠯᠴᠢᠭᠡᠷᠯᠡᠭᠦᠯᠬᠦ ᠶᠢ ᠵᠣᠭᠰᠣᠭᠠᠭᠰᠠᠨ ᠨᠥᠬᠦᠪᠥᠷᠢ ᠨᠢ ᠵᠢᠯ ᠪᠣᠯᠭᠠᠨ ᠮᠤ᠋ ᠪᠦᠷᠢ 7.2 ᠲᠥᠭᠦᠷᠢᠭ ᠪᠣᠯᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠱᠠᠩᠨᠠᠯ ᠨᠢ ᠵᠢᠯ ᠪᠣᠯᠭᠠᠨ ᠮᠤ᠋ ᠪᠦᠷᠢ 2.4 ᠲᠥᠭᠦᠷᠢᠭ ᠪᠣᠯᠪᠠ᠃ ᠪᠦᠬᠦ ᠬᠤᠲᠠ ᠶᠢᠨ ᠵᠢᠯ ᠪᠦᠷᠢ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠳᠤ ᠨᠥᠬᠦᠪᠦᠷᠢᠯᠡᠵᠦ ᠱᠠᠩᠨᠠᠬᠤ ᠲᠥᠷᠥ ᠶᠢᠨ ᠪᠣᠳᠣᠯᠭ᠎ᠠ ᠳᠤ 19620 ᠲᠦᠮᠡᠨ ᠲᠦᠬᠦᠷᠢᠭ ᠤᠨ ᠪᠠᠯᠠ ᠮᠥᠩᠭᠦ ᠬᠤᠯᠪᠣᠭᠳᠠᠵᠤ ᠪᠤᠢ᠂ ᠡᠭᠦᠨ ᠳᠤ᠄ ᠪᠡᠯᠴᠢᠭᠡᠷᠯᠡᠭᠦᠯᠬᠦ ᠶᠢ ᠵᠣᠭᠰᠤᠭᠠᠭᠰᠠᠨ ᠨᠥᠬᠦᠪᠦᠷᠢ ᠪᠡᠯᠡ ᠮᠥᠩᠭᠦ 16939.2 ᠲᠦᠮᠡᠨ ᠲᠥᠭᠦᠷᠢᠭ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠱᠠᠩᠨᠠᠯ ᠤᠨ ᠪᠡᠯᠡ ᠮᠥᠩᠭᠦ 2680.8 ᠲᠦᠮᠡᠨ ᠲᠥᠭᠦᠷᠢᠭ ᠪᠣᠯᠤᠨ᠎ᠠ᠃      ᠪᠡᠯᠡ ᠮᠥᠩᠭᠦ ᠶᠢ ᠰᠢᠯᠵᠢᠭᠦᠯᠦᠨ ᠥᠭᠭᠦᠭᠰᠡᠨ ᠪᠠ ᠪᠡᠯᠡᠨ ᠮᠥᠩᠭᠦ ᠣᠯᠭᠤᠭᠰᠠᠨ ᠪᠠᠶᠢᠳᠠᠯ᠄ ᠣᠲᠣ ᠪᠣᠯᠲᠠᠯ᠎ᠠ᠂  ᠨᠥᠬᠦᠪᠦᠷᠢ ᠱᠠᠩᠨᠠᠯ ᠤᠨ ᠪᠡᠯᠡ ᠮᠥᠩᠭᠦ ᠶᠢ 16767.15 ᠲᠦᠮᠡᠨ ᠲᠦᠬᠦᠷᠢᠭ ᠣᠯᠭᠤᠵᠤ᠂ ᠣᠯᠭᠤᠬᠤ ᠶᠣᠰᠣᠲᠠᠶ ᠪᠡᠯᠡ ᠮᠥᠩᠭᠦ ᠶᠢᠨ 85.45%᠎ ᠶᠢ ᠡᠵᠡᠯᠡᠪᠡ︔ ᠡᠭᠦᠨ ᠳᠤ ᠱᠠᠩᠳᠤ ᠰᠢᠶᠠᠨ᠂ ᠰᠢᠩ ᠾᠧ ᠰᠢᠶᠠᠨ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠨᠢᠭᠡᠨᠲᠡ ᠪᠦᠬᠦᠨ ᠢ ᠡᠷᠥᠭᠡ ᠳᠤ ᠨᠢ ᠣᠯᠭᠤᠵᠤ᠂ ᠳᠥᠷᠪᠡᠳ ᠬᠤᠰᠢᠭᠤ ᠨᠥᠬᠦᠪᠦᠷᠢ ᠱᠠᠩᠨᠠᠯ ᠤᠨ ᠪᠡᠯᠡ ᠮᠥᠩᠭᠦ ᠶᠢ 13591.54 ᠲᠦᠮᠡᠨ ᠲᠥᠭᠦᠷᠢᠭ ᠪᠤᠳᠠᠲᠠᠶᠢᠵᠢᠭᠤᠯᠵᠤ  ᠂ ᠣᠯᠭᠤᠬᠤ ᠶᠣᠰᠣᠲᠠᠶ ᠪᠡᠯᠡᠨ ᠮᠥᠩᠭᠦ ᠶᠢᠨ ᠶᠡᠷᠦᠩᠬᠡᠶ ᠲᠣᠭᠠᠨ ᠤ 89%᠎ ᠶᠢ ᠡᠵᠡᠯᠡᠪᠡ᠃ ᠴᠠᠬᠠᠷ ᠪᠠᠷᠠᠭᠤᠨ ᠭᠠᠷᠤᠨ ᠬᠤᠶᠢᠲᠤ  ᠬᠤᠰᠢᠭᠤ ᠨᠥᠬᠦᠪᠦᠷᠢ ᠱᠠᠩᠨᠠᠯ ᠤᠨ ᠪᠡᠯᠡ ᠮᠥᠩᠭᠦ ᠶᠢ 1231.2 ᠲᠦᠮᠡᠨ ᠲᠥᠭᠦᠷᠢᠭ ᠪᠤᠳᠠᠲᠠᠶᠢᠵᠢᠭᠤᠯᠵᠤ᠂ ᠣᠯᠭᠤᠬᠤ ᠶᠣᠰᠣᠲᠠᠶ ᠪᠡᠯᠡᠨ ᠮᠥᠩᠭᠦ ᠶᠢᠨ ᠶᠡᠷᠦᠩᠬᠡᠶ ᠲᠣᠭᠠᠨ ᠤ 50.59%᠎ ᠶᠢ ᠡᠵᠡᠯᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号