ᠥᠪᠥᠷ ᠮᠣᠩᠭᠤᠯ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠰᠲ᠋ᠧᠮᠵᠢ ᠳᠤ ᠣᠷᠤᠭᠤᠯᠪᠠ
ᠨᠡᠶᠢᠲᠡᠯᠡᠭᠰᠡᠨ ᠴᠠᠭ᠄
2018/12/26
     ᠮᠠᠨ ᠤ ᠣᠷᠣᠨ ᠤ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠶᠡᠷᠦᠩᠬᠡᠶ ᠳᠤ ᠪᠠᠨ ᠰᠠᠶᠢᠨ ᠪᠤᠢ᠂ ᠵᠠᠯᠭᠠᠭᠠᠳ ᠤᠯᠤᠰ ᠤᠨ ᠨᠢᠭᠡᠳᠦᠯᠲᠡᠶ ᠪᠠᠶᠢᠷᠢᠯᠠᠭᠤᠯᠤᠯᠲᠠ ᠪᠣᠯᠤᠨ ᠱᠠᠭᠠᠷᠳᠠᠯᠭ᠎ᠠ ᠶᠣᠰᠣᠭᠠᠷ ᠮᠠᠨ ᠤ ᠣᠷᠣᠨ ᠤ ᠪᠠᠶᠢᠳᠠᠯ ᠳᠤ ᠳᠣᠭᠢᠷᠬᠠᠰᠠᠨ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠰᠢᠰᠲ᠋ᠧᠮᠵᠢ ᠶᠢ ᠲᠦᠷᠭᠡᠬᠡᠨ ᠪᠠᠶᠢᠭᠤᠯᠵᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠠᠮᠢ ᠠᠬᠤᠶ ᠶᠢᠨ ᠪᠣᠯᠪᠠᠰᠤᠨ ᠤ ᠳᠦᠷᠢᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠰᠲ᠋ᠧᠮᠵᠢ ᠳᠤ ᠲᠦᠷᠭᠡᠬᠡᠨ ᠣᠷᠣᠭᠤᠯᠬᠤ ᠪᠠᠷ ᠪᠤᠢ᠃ 2020 ᠣᠨ ᠪᠣᠯᠬᠤ ᠳᠤ᠂ ᠪᠥᠬᠦ ᠣᠷᠣᠨ ᠤ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠶᠡᠷᠦᠩᠬᠡᠶ ᠳᠤ ᠨᠢ ᠲᠣᠭᠲᠠᠭᠤᠨ ᠪᠠᠶᠢᠯᠭᠠᠵᠤ᠂ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠣᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠦᠨᠳᠦᠰᠦᠨ ᠳᠡᠭᠡᠨ ᠪᠠᠲᠤᠯᠠᠵᠤ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠲᠦᠭᠰᠢᠭᠦᠷᠢ ᠶᠢ ᠦᠨᠳᠦᠰᠦᠨ ᠳᠡᠭᠡᠨ ᠬᠠᠮᠢᠶᠠᠷᠤᠨ ᠡᠵᠡᠮᠳᠡᠵᠦ᠂ ᠪᠣᠬᠢᠷᠲᠤᠭᠰᠠᠨ ᠲᠠᠷᠢᠶᠠᠨ ᠭᠠᠵᠠᠷ ᠢ ᠠᠮᠤᠷ ᠲᠦᠪᠰᠢᠨ ᠠᠰᠢᠭᠯᠠᠬᠤ ᠨᠤᠷᠮ᠎ᠠ ᠶᠢ 98%᠎ ᠠᠴᠠ ᠳᠡᠭᠡᠭᠰᠢ ᠳᠤ ᠬᠦᠷᠦᠭᠦᠯᠵᠦ᠂ ᠪᠣᠬᠢᠷᠲᠤᠭᠰᠠᠨ ᠭᠠᠵᠠᠷ ᠢ ᠠᠮᠤᠷ ᠲᠦᠪᠰᠢᠨ ᠠᠰᠢᠭᠯᠠᠬᠤ ᠨᠤᠷᠮ᠎ᠠ ᠶᠢ 90%᠎ ᠠᠴᠠ ᠳᠣᠷᠣᠭᠰᠢ ᠪᠠᠶᠢᠯᠭᠠᠬᠤ ᠦᠭᠡᠶ ᠪᠠᠶᠢᠬᠤ ᠬᠠᠷᠠᠯᠲᠠ ᠳᠤ ᠬᠦᠷᠦᠭᠦᠯᠦᠨ᠎ᠡ᠃       ᠣᠳᠣᠬᠠᠨ ᠳᠤ᠂ ᠮᠠᠨ ᠤ ᠣᠷᠣᠨ ᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠦᠷᠦᠰᠦ ᠰᠢᠷᠤᠢ ᠶᠢᠨ ᠪᠣᠬᠢᠷᠲᠤᠯ ᠤᠨ ᠪᠠᠶᠢᠳᠠᠯ ᠤᠨ ᠨᠠᠷᠢᠨ ᠪᠠᠶᠢᠴᠠᠭᠠᠯᠲᠠ ᠨᠢ ᠨᠢᠭᠡᠨᠲᠡ ᠦᠯᠢᠭᠡᠷ ᠴᠤᠭᠯᠠᠭᠤᠯᠬᠤ᠂ ᠡᠷᠭᠢᠯᠳᠦᠭᠦᠯᠦᠨ ᠦᠢᠯᠡᠳᠬᠦ᠂ ᠵᠠᠳᠠᠯᠤᠨ ᠰᠢᠯᠭᠠᠬᠤ ᠵᠡᠷᠭᠡ ᠠᠵᠢᠯ ᠢ ᠪᠦᠬᠦᠯᠢ ᠪᠡᠶᠡᠯᠡᠭᠦᠯᠵᠦ᠂ ᠪᠠᠶᠢᠴᠠᠭᠠᠬᠤ ᠴᠡᠭ ᠢ ᠨᠡᠶᠢᠲᠡ 22009 ᠲᠣᠬᠢᠷᠠᠭᠤᠯᠤᠨ᠂ ᠬᠦᠷᠦᠰᠦ ᠰᠢᠷᠤᠢ ᠶᠢᠨ ᠭᠠᠳᠠᠷᠭᠤ ᠬᠢᠭᠡᠳ ᠭᠦᠨ ᠳᠠᠪᠬᠤᠷᠭ᠎ᠠ ᠶᠢᠨ ᠦᠯᠢᠭᠡᠷ ᠢ ᠨᠡᠶᠢᠲᠡ 23458 ᠵᠦᠢᠯ ᠴᠤᠭᠯᠠᠭᠤᠯᠵᠤ᠂ 124911 ᠬᠤᠪᠢ ᠦᠯᠢᠭᠡᠷ ᠢ ᠵᠠᠳᠠᠯᠤᠨ ᠰᠢᠯᠭᠠᠵᠤ᠂ ᠪᠦᠬᠦ ᠤᠯᠤᠰ ᠤᠨ ᠰᠠᠭᠤᠷᠢ ᠠᠵᠢᠯ ᠢ ᠡᠩ ᠲᠡᠷᠢᠭᠦᠨ ᠳᠤ ᠪᠡᠶᠡᠯᠡᠭᠦᠯᠦᠭᠰᠡᠨ 8 ᠮᠤᠵᠢ ᠣᠷᠣᠨ ᠤ ᠨᠢᠭᠡ ᠪᠣᠯᠤᠭᠰᠠᠨ ᠤ ᠬᠤᠪᠢ ᠳᠤ ᠦᠷ᠎ᠡ ᠪᠦᠲᠦᠭᠡᠯ ᠤᠨ ᠴᠤᠭᠯᠠᠷᠠᠭᠤᠯᠤᠨ ᠲᠤᠷᠰᠢᠬᠤ ᠠᠵᠢᠯ ᠢ ᠶᠠᠭ ᠥᠷᠨᠢᠭᠦᠯᠵᠦ ᠪᠤᠢ᠃ ᠨᠠᠷᠢᠨ ᠪᠠᠶᠢᠴᠠᠭᠠᠯᠲᠠ ᠶᠢᠨ ᠦᠷ᠎ᠡ ᠳ᠋ᠦᠩ ᠤᠨ ᠠᠩᠬ᠎ᠠ ᠠᠯᠬᠤᠮ ᠤᠨ ᠵᠠᠳᠠᠯᠤᠯᠲᠠ ᠠᠴᠠ ᠦᠵᠡᠪᠡᠯ᠂ ᠮᠠᠨ ᠤ ᠣᠷᠣᠨ ᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠶ ᠶᠢᠨ ᠣᠷᠴᠢᠨ  ᠲᠣᠭᠤᠷᠢᠨ ᠤ ᠶᠠᠰᠤ ᠴᠢᠨᠠᠷ ᠶᠡᠷᠦᠩᠬᠡᠢ ᠳᠡᠭᠡᠨ ᠨᠡᠯᠢᠶᠡᠳ ᠰᠠᠶᠢᠨ ᠪᠠᠶᠢᠨ᠎ᠠ᠃  ᠡᠭᠦᠨ ᠤ ᠬᠠᠮᠲᠤ᠂ ᠮᠠᠨ ᠤ ᠣᠷᠣᠨ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠨᠥᠯᠥᠭᠡᠯᠡᠵᠦ ᠡᠯ᠎ᠡ ᠲᠦᠷᠦᠯ ᠤᠨ ᠪᠣᠬᠢᠷᠲᠤᠯ ᠤᠨ ᠡᠬᠢ ᠶᠢ ᠬᠢᠨᠠᠨ ᠬᠠᠮᠢᠶᠠᠷᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠲᠦᠷᠦᠭᠦᠦ ᠪᠦᠯᠦᠭ ᠭᠤᠣᠯᠳᠠᠯᠭ᠎ᠠ ᠲᠠᠢ ᠬᠢᠨᠠᠨ ᠡᠵᠡᠮᠳᠡᠬᠦ 104 ᠠᠵᠤ ᠠᠬᠤᠶᠢᠯᠠᠯ ᠢ ᠨᠡᠶᠢᠲᠡᠯᠡᠪᠡ᠃  ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠱᠠᠭᠠᠷᠳᠠᠯᠭ᠎ᠠ ᠳᠤ ᠦᠯᠦ ᠨᠡᠶᠢᠴᠡᠬᠦ ᠪᠣᠬᠢᠷᠲᠤᠭᠰᠠᠨ ᠭᠠᠵᠠᠷ ᠢ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠲᠤ ᠲᠠᠯᠪᠢᠭᠰᠠᠨ ᠱᠠᠭᠠᠷᠳᠠᠯᠭ᠎ᠠ ᠨᠢ ᠣᠳᠣᠬᠠᠨ ᠤ ᠭᠠᠵᠠᠷ ᠬᠡᠰᠡᠭ ᠤᠨ ᠱᠠᠭᠠᠷᠳᠠᠯᠭ᠎ᠠ ᠠᠴᠠ ᠥᠨᠳᠥᠷ ᠪᠦᠬᠦᠢ ᠪᠥᠲᠥᠭᠡᠨ ᠪᠠᠶᠢᠭᠤᠯᠤᠯᠲᠠ ᠳᠤ ᠭᠠᠵᠠᠷ ᠬᠡᠷᠡᠭᠯᠡᠬᠦ  ᠪᠤᠶᠤ ᠬᠡᠷᠡᠭᠯᠡᠯᠲᠡ ᠶᠢ ᠨᠢ ᠬᠤᠪᠢᠷᠠᠭᠤᠯᠤᠨ ᠣᠷᠣᠨ ᠰᠠᠭᠤᠴᠠ᠂ ᠰᠤᠷᠭᠠᠭᠤᠯᠢ᠂  ᠣᠯᠠᠨ ᠨᠡᠶᠢᠲᠡ ᠶᠢᠨ ᠦᠢᠯᠡᠴᠢᠯᠡᠭᠡ᠂ ᠣᠯᠠᠨ ᠨᠡᠶᠢᠲᠡ ᠶᠢᠨ ᠪᠡᠯᠡᠳᠬᠡᠮᠵᠢ ᠵᠡᠷᠭᠡ ᠳᠤ ᠬᠡᠷᠡᠭᠯᠡᠬᠦ ᠭᠠᠵᠠᠷ ᠪᠣᠯᠭᠠᠨ ᠬᠠᠩᠭᠠᠬᠤ ᠶᠢ ᠴᠠᠭᠠᠵᠠᠯᠠᠪᠠ᠃ ᠣᠳᠣᠬᠠᠨ ᠳᠤ᠂ ᠪᠦᠬᠦ ᠣᠷᠣᠨ ᠳᠤ ᠪᠣᠬᠢᠷᠲᠤᠭᠰᠠᠨ ᠰᠡᠵᠢᠭᠯᠡᠯᠲᠡᠢ 24 ᠬᠡᠰᠡᠭ ᠭᠠᠵᠠᠷ ᠢ ᠢᠯᠡᠷᠡᠭᠦᠯᠵᠦ᠂ ᠤᠯᠤᠰ ᠤᠨ ᠬᠤᠯᠪᠣᠭᠳᠠᠯ ᠪᠦᠬᠦᠢ ᠲᠧᠭᠨᠢᠭ ᠮᠡᠷᠭᠡᠵᠢᠯ ᠤᠨ ᠲᠣᠭᠲᠠᠭᠠᠯ ᠤᠨ ᠱᠠᠭᠠᠷᠳᠠᠯᠭ᠎ᠠ ᠪᠠᠷ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠪᠠᠶᠢᠴᠠᠭᠠᠯᠲᠠ ᠬᠢᠭᠡᠳ ᠦᠨᠡᠯᠡᠯᠲᠡ ᠦᠷᠨᠢᠭᠦᠯᠵᠦ ᠪᠤᠢ᠃ ᠬᠤᠶᠢᠰᠢᠳᠠ ᠳᠤ᠂ ᠡᠯ᠎ᠡ ᠲᠠᠯ᠎ᠠ ᠶᠢᠨ ᠬᠢᠨ ᠤ ᠵᠣᠬᠢᠴᠠᠭᠤᠯᠬᠤ ᠲᠣᠭᠲᠠᠴᠠ᠂ ᠠᠵᠢᠯ ᠤᠨ ᠲᠣᠭᠲᠠᠴᠠ ᠪᠠᠨ ᠠᠯᠬᠤᠮ ᠠᠯᠬᠤᠮ ᠢᠶᠠᠷ ᠪᠠᠶᠢᠭᠤᠯᠬᠤ ᠶᠢ ᠳᠠᠭᠠᠯᠳᠤᠨ᠂ ᠡᠨᠡ ᠬᠦ ᠳᠦᠷᠢᠮ ᠨᠢ ᠪᠣᠬᠢᠷᠲᠤᠭᠰᠠᠨ ᠭᠠᠵᠠᠷ ᠬᠡᠷᠡᠭᠯᠡᠬᠦ ᠭᠠᠵᠠᠷ ᠤᠨ ᠬᠠᠩᠭᠠᠯᠭ᠎ᠠ ᠳᠤ ᠦᠯᠦ ᠣᠷᠣᠬᠤ ᠶᠢ ᠪᠦᠲᠦᠮᠵᠢᠲᠡᠢ ᠪᠠᠲᠤᠯᠠᠵᠤ᠂ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠠᠮᠤᠷ ᠲᠦᠪᠰᠢᠨ ᠢ ᠪᠠᠲᠤᠯᠠᠬᠤ ᠪᠣᠯᠣᠨ᠎ᠠ᠃      ᠣᠶᠢᠯᠠᠭᠠᠭᠰᠠᠨ ᠢᠶᠠᠷ᠂ ᠡᠨᠡ ᠵᠢᠯ ᠤᠨ 10 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠲᠢᠩᠬᠢᠮ ︽ᠬᠦᠨᠳᠦ ᠲᠡᠮᠦᠷᠯᠢᠭ ᠤᠨ ᠠᠵᠢᠯ ᠲᠥᠷᠥᠯ ᠤᠨ ᠪᠣᠬᠢᠷᠲᠤᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠲᠣᠬᠠᠢ ᠬᠡᠷᠡᠭᠵᠢᠭᠦᠯᠬᠦ ᠲᠥᠰᠦᠯ︾᠎ ᠢ ᠳᠠᠷᠤᠮᠠᠯᠯᠠᠨ ᠲᠠᠷᠬᠠᠭᠠᠵᠤ᠂ ᠬᠦᠨᠳᠦ ᠲᠡᠮᠦᠷᠯᠢᠭ ᠤᠨ ᠠᠵᠤ ᠠᠬᠤᠶᠢᠯᠠᠯ ᠤᠨ ᠪᠣᠬᠢᠷᠲᠤᠯ ᠭᠠᠳᠠᠭᠰᠢᠯᠠᠭᠤᠯᠬᠤ ᠶᠢ ᠴᠡᠭᠴᠡᠯᠡᠨ ᠵᠠᠰᠠᠬᠤ ᠪᠠ ᠰᠡᠷᠭᠡᠶᠢᠯᠡᠨ ᠡᠵᠡᠮᠳᠡᠬᠦ ᠡᠷᠴᠢᠮ ᠢ ᠴᠢᠩᠭᠠᠷᠠᠭᠤᠯᠬᠤ᠂ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠦᠨᠳᠦ ᠲᠡᠮᠦᠷᠯᠢᠭ ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠴᠢᠩᠭ᠎ᠠ ᠬᠢᠵᠠᠭᠠᠷᠯᠠᠬᠤ᠂ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠦᠯᠲᠡ ᠶᠢ ᠴᠢᠩᠳᠠᠯᠠᠬᠤ ᠪᠠ ᠬᠢᠨᠠᠨ ᠵᠢᠯᠣᠭᠤᠳᠴᠤ ᠰᠢᠯᠭᠠᠨ ᠪᠠᠶᠢᠴᠠᠭᠠᠬᠤ ᠵᠡᠷᠭᠡ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ᠂ ᠬᠥᠷᠥᠰᠥ ᠰᠢᠷᠣᠶ ᠶᠢᠨ ᠬᠦᠨᠳᠦ ᠲᠡᠮᠦᠷᠯᠢᠭ ᠲᠤ ᠪᠣᠬᠢᠷᠳᠤᠬᠤ ᠵᠠᠮ ᠮᠥᠷ ᠢ ᠪᠦᠲᠦᠮᠵᠢᠲᠡᠶ ᠪᠠᠷ ᠲᠠᠰᠤᠯᠵᠤ᠂ ᠲᠠᠷᠢᠶᠠᠨ ᠭᠠᠵᠠᠷ ᠤᠨ ᠠᠮᠤᠷ ᠲᠦᠪᠰᠢᠨ ᠢ ᠪᠠᠲᠤᠯᠠᠨ᠂ 2020 ᠣᠨ ᠪᠣᠯᠬᠤ ᠳᠤ᠂ ᠪᠥᠬᠦ ᠣᠷᠣᠨ ᠤ ᠭᠤᠣᠯᠳᠠᠯᠭ᠎ᠠ ᠲᠠᠢ ᠠᠵᠢᠯ ᠲᠦᠷᠦᠯ ᠤᠨ ᠭᠤᠣᠯᠳᠠᠯᠭ᠎ᠠ ᠲᠠᠢ ᠬᠦᠨᠳᠦ ᠲᠡᠮᠦᠷᠯᠢᠭ ᠭᠠᠳᠠᠭᠰᠢᠯᠠᠭᠤᠯᠬᠤ ᠬᠡᠮᠵᠢᠶ᠎ᠡ ᠶᠢ 2013 ᠣᠨ ᠤ ᠬᠢ ᠠᠴᠠ 7.5%᠎ ᠪᠠᠷ ᠪᠠᠭᠤᠷᠠᠭᠤᠯᠬᠤ ᠬᠠᠷᠠᠯᠲᠠ ᠶᠢ ᠪᠡᠶᠡᠯᠡᠭᠦᠯᠦᠨ᠎ᠡ᠃  ᠡᠭᠦᠨ ᠠᠴᠠ ᠭᠠᠳᠠᠨ᠎ᠠ᠂ ᠮᠠᠨ ᠤ ᠣᠷᠣᠨ ᠨᠢᠭᠡᠨᠲᠡ ︵ᠤᠯᠤᠰ᠂ ᠮᠤᠵᠢ ᠶᠢᠨ ᠱᠠᠲᠤ︶ ᠬᠤᠶᠠᠷ ᠱᠠᠲᠤᠨ ᠤ ᠬᠢᠨᠠᠨ ᠵᠥᠪᠰᠢᠶᠡᠷᠡᠯ ᠪᠠ ︵ᠤᠯᠤᠰ᠂ ᠮᠤᠵᠢ᠂ ᠬᠤᠲᠠ᠂ ᠬᠤᠰᠢᠭᠤ ᠰᠢᠶᠠᠨ ᠲᠣᠭᠤᠷᠢᠭ︶ ᠳᠥᠷᠪᠡᠨ ᠱᠠᠲᠤᠨ ᠤ ᠬᠢᠨᠠᠯᠲᠠ ᠬᠠᠮᠢᠶᠠᠷᠤᠯᠲᠠ ᠶᠢᠨ  ᠰᠠᠴᠤᠷᠠᠭ ᠤᠨ ᠠᠮᠤᠷ ᠲᠦᠪᠰᠢᠨ ᠢ ᠬᠢᠨᠠᠨ ᠬᠠᠮᠢᠶᠠᠷᠬᠤ ᠰᠢᠰᠲ᠋ᠧᠮᠵᠢ ᠶᠢ ᠪᠠᠶᠢᠭᠤᠯᠪᠠ᠂ ᠣᠳᠣᠬᠠᠨ ᠳᠤ ᠪᠦᠬᠦ ᠣᠷᠣᠨ ᠤ ᠬᠡᠷᠡᠭᠯᠡᠵᠦ ᠪᠠᠶᠢᠭ᠎ᠠ 2957 ᠵᠦᠢᠯ ᠤᠨ ᠰᠠᠴᠤᠷᠠᠭ ᠡᠭᠦᠰᠭᠡᠭᠴᠢ᠂ 3107 ᠰᠠᠴᠤᠷᠠᠭ ᠤᠨ ᠲᠣᠨᠣᠭᠯᠠᠯ ᠨᠢ ᠴᠥᠮ ᠬᠡᠪ ᠤᠨ ᠠᠵᠢᠯᠯᠠᠭᠠᠨ ᠤ ᠪᠠᠶᠢᠳᠠᠯ ᠳᠤ ᠪᠤᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号